2025 ᠣᠨ ᠳᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/6/3
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠠᠵᠢᠯᠲᠠᠨ ᠤ ᠵᠢᠷᠤᠮᠵᠢᠭᠰᠠᠨ᠂ ᠬᠠᠤᠯᠢᠵᠢᠭᠰᠠᠨ᠂ ᠵᠢᠩᠬᠢᠨᠢᠴᠢᠯᠡᠭᠰᠡᠨ ᠪᠠᠶᠢᠭᠤᠯᠤᠯᠲᠠ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 26 ᠤ ᠡᠳᠦᠷ ᠠᠴᠠ 30 ᠤ ᠡᠳᠦᠷ ᠤᠳ ᠲᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠭᠢᠯᠡᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ 80 ᠺᠠᠳ᠋ᠷ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠣᠯᠴᠠᠪᠠ᠃
微信图片_20250603102952.jpg
      ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠨᠢ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠲᠤᠰᠬᠠᠶ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ︾ ᠪᠠᠷ ᠭᠤᠤᠯ ᠰᠢᠵᠢᠮ ᠪᠣᠯᠭᠠᠵᠤ᠂ ᠬᠢᠴᠢᠶᠡᠯ ᠤᠨ ᠰᠢᠰᠲ᠋ᠧᠮ ᠢ ᠨᠠᠷᠢᠨ ᠨᠢᠮᠪᠠᠶ ᠵᠢᠷᠤᠵᠤ ᠲᠥᠯᠥᠪᠯᠡᠨ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ᠂ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠨᠢᠭᠡᠴᠢ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠪᠠ ᠠᠵᠢᠯ ᠲᠥᠷᠥᠯ ᠤᠨ ᠭᠤᠤᠯᠯᠠᠭᠴᠢ ᠬᠦᠴᠦᠨ ᠢ ᠲᠤᠰᠬᠠᠶᠢᠯᠠᠨ ᠤᠷᠢᠵᠤ ᠬᠢᠴᠢᠶᠡᠯ ᠣᠷᠣᠭᠤᠯᠵᠤ᠂ ᠦᠵᠡᠯ ᠰᠠᠨᠠᠭ᠎ᠠ ᠤᠯᠤᠰ ᠲᠥᠷᠥ᠂ ᠤᠯᠤᠰ ᠲᠥᠷᠥ ᠶᠢᠨ ᠬᠢᠨᠠᠯᠲᠠ ᠲᠠᠯᠪᠢᠬᠤ᠂ ᠰᠦᠪᠡᠭᠴᠢ ᠶᠢ ᠰᠢᠢᠳᠪᠦᠷᠢᠯᠡᠬᠦ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠣᠯᠠᠨ ᠲᠠᠯ᠎ᠠ ᠶᠢ ᠬᠠᠮᠤᠷᠴᠤ᠂ ᠲᠥᠷᠥ ᠶᠢᠨ ᠪᠣᠳᠣᠯᠭ᠎ᠠ ᠣᠨᠣᠯ ᠤᠨ ᠦᠨᠳᠦᠷᠴᠡ ᠲᠠᠢ ᠮᠥᠷᠲᠡᠭᠡᠨ ᠦᠢᠯᠡᠳᠦᠯᠭᠡ ᠶᠢᠨ ᠵᠢᠯᠣᠭᠤᠳᠬᠤ ᠴᠢᠨᠠᠷᠲᠠᠶ ᠶᠤᠮ᠃ ᠪᠣᠯᠪᠠᠰᠤᠷᠠᠯ ᠤᠨ ᠬᠤᠭᠤᠴᠠᠭᠠᠨ ᠳᠤ᠂ ᠣᠨᠣᠯ ᠤᠨ ᠰᠢᠯᠭᠠᠯᠲᠠ ᠬᠢᠵᠦ ᠰᠤᠷᠤᠯᠴᠠᠬᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠥᠷᠨᠢᠭᠦᠯᠬᠦ ᠪᠠᠷ ᠳᠠᠮᠵᠢᠭᠤᠯᠤᠨ ᠲᠤᠷᠰᠢᠯᠭ᠎ᠠ ᠪᠠᠨ ᠬᠤᠪᠢᠶᠠᠯᠴᠠᠬᠤ ᠶᠢ ᠠᠬᠢᠭᠤᠯᠵᠤ᠂ ᠰᠤᠷᠤᠭᠴᠢᠳ ᠤᠨ ᠲᠥᠯᠥᠭᠡᠯᠡᠭᠴᠢᠳ ᠢ ᠤᠷᠢᠵᠤ ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠨᠡᠮᠡᠭᠳᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠯ ᠤᠨ ᠠᠭᠤᠯᠭ᠎ᠠ ᠨᠢ ᠪᠦᠷᠢᠨ ᠲᠡᠭᠦᠯᠳᠡᠷ᠂ ᠬᠡᠯᠪᠡᠷᠢ ᠨᠢ ᠣᠯᠠᠨ ᠶᠠᠩᠵᠤ ᠶᠢᠨ ᠪᠠᠶᠢᠬᠤ ᠶᠢ ᠦᠨᠡᠨ ᠬᠦ ᠪᠠᠲᠤᠯᠠᠪᠠ᠃ ᠡᠳᠡᠭᠡᠷ ᠠᠯᠢ ᠤᠯᠠᠨ ᠠᠷᠭ᠎ᠠ ᠬᠡᠮᠵᠢᠶ᠎ᠡ ᠨᠢ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠬᠦ ᠪᠣᠳᠠᠲᠤ ᠶᠠᠪᠤᠳᠠᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃
微信图片_20250603103035.jpg
      ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠰᠤᠷᠤᠭᠴᠢᠳ᠂ ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠨ᠂ ︽ᠭᠤᠷᠪᠠᠨᠵᠢᠭᠤᠯᠬᠤ︾ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠲᠠᠢ ᠭᠦᠨᠵᠡᠭᠡᠶ ᠠᠭᠤᠰᠤᠯᠴᠠᠭᠤᠯᠵᠤ᠂ ᠨᠠᠩ ᠥᠨᠳᠥᠷ ᠵᠣᠭᠰᠣᠴᠠ ᠠᠴᠠ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠨᠠᠩ ᠴᠢᠩᠭ᠎ᠠ ᠪᠠᠷᠢᠮᠵᠢᠶ᠎ᠠ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠭᠦᠨᠵᠡᠭᠡᠶᠢᠷᠡᠭᠦᠯᠦᠨ᠎ᠡ᠃ ᠠᠵᠢᠯ ᠤᠨ ᠳᠤᠮᠳᠠ ᠪᠠᠨ ᠦᠵᠡᠯ ᠰᠠᠨᠠᠭᠠᠨ ᠤ ᠳᠠᠪᠲᠠᠨ ᠪᠣᠯᠪᠠᠰᠤᠷᠠᠭᠤᠯᠤᠯᠲᠠ᠂ ᠦᠢᠯᠡᠳᠦᠯᠭᠡ ᠶᠢᠨ ᠳᠠᠪᠲᠠᠨ ᠪᠣᠯᠪᠠᠰᠤᠷᠠᠭᠤᠯᠤᠯᠲᠠ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠲᠠᠰᠤᠷᠠᠯᠲᠠ ᠥᠬᠡᠶ ᠴᠢᠩᠭᠠᠳᠬᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠵᠦᠢᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠡᠷᠡᠰ ᠲᠡᠮᠡᠴᠡᠯ ᠬᠢᠵᠦ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ ᠭᠡᠵᠦ ᠢᠯᠡᠷᠬᠡᠶᠢᠯᠡᠵᠡᠭᠡᠪᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢᠨ ᠬᠠᠮᠠᠭᠠᠯᠠᠬᠤ ᠲᠢᠩᠬᠢᠮ