ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠲᠤᠷᠠᠨ ︽2025 ᠣᠨ ᠤ ᠪᠦᠭᠦ ᠣᠷᠣᠨ ᠤ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠪᠦᠭᠦ ᠣᠷᠣᠨ ᠤ ᠲᠠᠷᠢᠶᠠᠯᠠᠩ ᠤᠨ ᠤᠰᠤ | ᠠᠷᠪᠢᠯᠠᠬᠤ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠭᠡᠯᠪᠡᠷᠢ ᠶᠢ ᠠᠷᠪᠢᠴᠢ ᠭᠠᠮᠲᠠᠢ ᠡᠷᠴᠢᠮᠵᠢᠭᠦᠯᠦᠨ ᠠᠰᠢᠭᠯᠠᠬᠤ ᠲᠡᠶᠢᠰᠢ | ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ | ︽ᠲᠥᠰᠥᠯ︾ ᠳᠤ᠂ ᠥᠭᠡᠷᠡᠴᠢᠯᠡᠯᠲᠡ ᠶᠢᠨ ᠬᠡᠷᠡᠭᠵᠢᠭᠦᠯᠬᠦ ᠬᠡᠪᠴᠢᠶ᠎ᠡ ᠶᠢ ᠵᠦᠢ ᠵᠣᠬᠢᠰᠲᠠᠢ ᠬᠢᠨᠠᠨ ᠬᠠᠷᠭᠤᠭᠤᠯᠬᠤ᠂ ︽ᠳᠥᠷᠪᠡᠨ ᠵᠦᠢᠯ ᠤᠨ ᠲᠣᠭᠲᠠᠴᠠ︾ | ᠶᠢ ᠰᠢᠰᠲ᠋ᠧᠮ ᠲᠠᠢ ᠥᠷᠨᠢᠭᠦᠯᠬᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ︽ᠲᠠᠪᠤᠨ ᠵᠦᠢᠯ ᠤᠨ ᠳᠦᠷᠢᠮ ᠤᠨ ᠰᠢᠰᠲ᠋ᠧᠮ︾ ᠢ | ᠪᠠᠶᠢᠭᠤᠯᠤᠨ ᠪᠦᠷᠢᠨᠰᠢᠭᠦᠯᠬᠦ᠂ ᠥᠭᠡᠷᠡᠴᠢᠯᠡᠯᠲᠡ ᠶᠢ ᠰᠢᠯᠭᠠᠨ ᠠᠪᠬᠤ ᠪᠠ ᠲᠤᠷᠰᠢᠯᠭ᠎ᠠ ᠪᠠᠨ ᠳ᠋ᠦᠩᠨᠡᠬᠦ ᠠᠵᠢᠯ ᠢ ᠰᠠᠶᠢᠲᠤᠷ ᠬᠢᠬᠦ ᠵᠡᠷᠭᠡ ᠥᠭᠡᠷᠡᠴᠢᠯᠡᠯᠲᠡ ᠶᠢᠨ | ᠡᠭᠦᠷᠭᠡ ᠶᠢ ᠪᠠᠶᠢᠷᠢᠯᠠᠭᠤᠯᠤᠭᠰᠠᠨ ᠪᠥᠭᠡᠳ ᠡᠭᠦᠷᠭᠡ ᠬᠠᠷᠠᠯᠲᠠ ᠶᠢ ᠠᠶᠢᠮᠠᠭ ᠬᠤᠲᠠ ᠳᠤ ᠨᠠᠷᠢᠯᠢᠭᠵᠢᠭᠤᠯᠤᠨ ᠬᠤᠪᠢᠶᠠᠷᠢᠯᠠᠵᠤ᠂ ᠡᠭᠦᠷᠭᠡ ᠶᠢᠨ ᠨᠠᠷᠢᠨ ᠲᠠᠩᠰᠠ᠂ | ᠠᠵᠢᠯ ᠤᠨ ᠬᠤᠪᠢᠶᠠᠷᠢᠯᠠᠯ ᠬᠢᠭᠡᠳ ᠴᠠᠭ ᠤᠨ ᠵᠠᠩᠭᠢᠯᠠᠭ᠎ᠠ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ ᠃ | ︽ᠲᠥᠰᠥᠯ︾ ᠳᠤ᠂ 2025 ᠣᠨ ᠤ ᠰᠡᠭᠦᠯᠴᠢ ᠪᠤᠯᠲᠠᠯ᠎ᠠ ᠡᠯ᠎ᠡ ᠠᠶᠢᠮᠠᠭ ᠬᠤᠲᠠ ᠶᠢᠨ ᠬᠢᠨ ᠪᠦᠲᠦᠮᠵᠢᠲᠡᠶ ᠤᠰᠤᠯᠠᠯᠲᠠ ᠶᠢᠨ ᠲᠠᠯᠠᠪᠠᠶ ᠶᠢᠨ | ︽ᠥᠭᠡᠷᠡᠴᠢᠯᠡᠬᠦ ᠵᠣᠬᠢᠰᠲᠠᠢ ᠶᠢ ᠨᠢ ᠪᠦᠭᠦᠨ ᠢ ᠥᠭᠡᠷᠡᠴᠢᠯᠡᠬᠦ︾ ᠵᠠᠷᠴᠢᠮ ᠶᠣᠰᠣᠭᠠᠷ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠠᠯᠠᠪᠠᠶ ᠶᠢ ᠤᠯᠠᠮ ᠨᠢᠭᠡ ᠠᠯᠬᠤᠮ ᠬᠢᠨᠠᠨ ᠲᠣᠭᠲᠠᠭᠠᠵᠤ᠂ ᠰᠢᠨ᠎ᠡ ᠪᠠᠷ ᠨᠡᠮᠡᠭᠳᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠦᠭᠦ ᠲᠠᠯ᠎ᠠ ᠪᠠᠷ | ᠪᠡᠶᠡᠯᠡᠭᠦᠯᠬᠦ ᠶᠢᠨ ᠬᠠᠮᠲᠤ ᠰᠢᠯᠭᠠᠨ ᠠᠪᠤᠨ᠎ᠠ᠃ ᠨᠢᠭᠡᠨᠲᠡ ᠪᠡᠶᠡᠯᠡᠭᠦᠯᠦᠭᠰᠡᠨ 4969 ᠲᠦᠮᠡᠨ ᠮᠦ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ︽ᠡᠷᠭᠢᠨ ᠬᠠᠷᠠᠬᠤ︾ ᠠᠵᠢᠯ ᠥᠷᠨᠢᠭᠦᠯᠵᠦ᠂ ᠣᠶᠢᠷ᠎ᠠ ᠶᠢᠨ 10 ᠵᠢᠯ ᠳᠠᠬᠢ ᠲᠠᠷᠢᠶᠠᠯᠠᠩ ᠤᠨ ᠤᠰᠤᠨ ᠤ | ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ᠂ ᠤᠰᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠴᠤ | ᠬᠠᠮᠠᠭᠠᠯᠠᠬᠤ ᠲᠣᠭᠲᠠᠴᠠ᠂ ᠨᠠᠷᠢᠯᠢᠭ ᠣᠨᠣᠴᠠᠲᠠᠢ ᠨᠥᠬᠦᠪᠦᠷᠢ ᠥᠭᠬᠦ ᠪᠠ ᠤᠰᠤ ᠠᠷᠪᠢᠯᠠᠬᠤ ᠱᠠᠩᠨᠠᠯ ᠤᠨ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠪᠠ | ᠠᠵᠢᠯᠯᠠᠭᠤᠯᠤᠭᠰᠠᠨ ᠪᠠᠶᠢᠳᠠᠯ ᠢ ᠰᠢᠰᠲ᠋ᠧᠮ ᠲᠠᠢ ᠡᠮᠬᠢᠯᠡᠨ᠎ᠡ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠦᠷᠢᠮ ᠤᠨ ᠲᠥᠷᠥ ᠶᠢᠨ | ᠪᠣᠳᠣᠯᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠳᠦᠷᠢᠮ ᠤᠨ ᠰᠢᠰᠲ᠋ᠧᠮ᠂ ᠤᠰᠤ ᠬᠡᠷᠡᠭᠯᠡᠬᠦ ᠬᠢᠨᠠᠨ ᠬᠡᠮᠵᠢᠯᠲᠡ ᠶᠢᠨ | ᠰᠢᠰᠲ᠋ᠧᠮ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠦᠷᠢᠮ ᠤᠨ | ᠰᠢᠰᠲ᠋ᠧᠮ ᠪᠣᠯᠣᠨ ᠤᠰᠤ ᠠᠷᠪᠢᠯᠠᠬᠤ ᠮᠡᠷᠭᠡᠵᠢᠯ ᠬᠢᠭᠡᠳ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶ᠎ᠠ ᠲᠥᠮᠥᠰᠥ ᠶᠢᠨ ᠤᠨᠠᠯᠲᠠ ᠶᠢ ᠨᠡᠮᠡᠭᠳᠡᠭᠦᠯᠵᠦ ᠮᠠᠯᠴᠢᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠤᠨ᠎ᠠ ᠭᠡᠵᠦ ᠳᠤᠷᠠᠳᠴᠠᠢ ᠃ | |