ᠪᠦᠬᠦ ᠴᠠᠭᠳᠠᠭ᠎ᠠ ᠶᠢᠨ ᠪᠣᠳᠠᠳᠦ ᠪᠠᠶᠢᠯᠳᠤᠭᠠᠨ ᠤ ᠶᠡᠭᠡ ᠪᠣᠯᠪᠠᠰᠣᠷᠠᠯ ᠢ ᠪᠠᠶᠢᠩᠭᠤᠵᠢᠭᠤᠯᠣᠨ᠂ ᠪᠠᠶᠢᠩᠭᠤᠵᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠵᠣ᠂ | ᠡᠩᠨᠡᠭᠡᠨ ᠤ ᠶᠡᠷᠦᠩᠬᠡᠶᠢᠯᠡᠭᠰᠡᠨ ᠪᠡᠶ᠎ᠡ ᠮᠠᠬᠠᠪᠣᠳ ᠤᠨ ᠬᠡᠪ ᠴᠢᠨᠠᠷ ᠢᠶᠠᠨ ᠦᠨᠡᠨ ᠬᠦ ᠲᠡᠭᠡᠭᠰᠢᠯᠡᠭᠦᠯᠦᠨ᠂ ᠡᠩᠨᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠣ᠂ ᠪᠠᠷᠠᠭᠤᠨ | ᠦᠵᠦᠮᠦᠴᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠶᠢᠨ ᠨᠢᠭᠳᠠᠷᠠᠯ ᠤᠨ ᠬᠦᠴᠦᠨ ᠪᠣᠯᠣᠨ ᠪᠠᠶᠢᠯᠳᠣᠭᠠᠨ ᠤ ᠬᠦᠴᠦᠨ ᠢ ᠲᠡᠭᠡᠭᠰᠢᠯᠡᠭᠦᠯᠬᠦ ᠶᠢᠨ | ᠲᠦᠯᠦᠬᠡ᠂ ᠪᠠᠷᠠᠭᠤᠨ ᠦᠵᠦᠮᠦᠴᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ | ᠴᠠᠭᠳᠠᠭᠠᠨ ᠤ ᠶᠡᠭᠡ ᠠᠩᠬᠢ ᠪᠠᠶᠢᠩᠭᠤᠵᠢᠭᠤᠯᠣᠭᠰᠠᠨ ᠪᠣᠯᠪᠠᠰᠣᠷᠠᠯ ᠤᠨ ᠠᠵᠢᠯᠯᠠᠭ᠎ᠠ ᠦᠷᠨᠢᠬᠦᠯᠪᠡ᠃ | | | | ᠰᠤᠷᠭᠠᠭᠴᠢ ᠶᠢᠨ ᠵᠠᠷᠯᠢᠭ ᠨᠢ ᠲᠣᠳᠣᠷᠬᠠᠢ᠂ ᠵᠢᠯᠣᠭᠤᠳᠬᠤ ᠪᠠᠷᠢᠮᠵᠢᠶ᠎ᠡ᠂ ᠳᠠᠭᠤ ᠨᠢ ᠢᠳᠡ ᠬᠦᠴᠦᠲᠡᠢ᠂ ᠪᠣᠯᠪᠠᠰᠤᠷᠠᠯ ᠳᠤ ᠣᠷᠣᠯᠴᠠᠭᠰᠠᠳ ᠤᠨ ᠣᠪᠣᠷ ᠨᠢ | ᠲᠥᠪ᠂ ᠳᠦᠷᠢ ᠲᠥᠷᠬᠦ ᠨᠢ ᠲᠥᠪ ᠬᠢᠴᠢᠶᠡᠩᠭᠦᠢ᠂ ᠵᠢᠪᠬᠤᠭ᠎ᠠ ᠲᠡᠭᠦᠯᠳᠡᠷ᠂ ᠪᠣᠯᠪᠠᠰᠤᠷᠠᠯ ᠳᠤ ᠣᠷᠣᠯᠴᠠᠭᠰᠠᠨ ᠴᠠᠭᠳᠠᠭ᠎ᠠ ᠨᠢᠭᠡᠪᠦᠷᠢ ᠬᠥᠳᠡᠯᠦᠯ ᠤᠨ ᠵᠢᠷᠤᠮᠵᠢᠯ ᠢ | ᠴᠢᠩᠭ᠎ᠠ ᠵᠢᠷᠤᠮᠯᠠᠨ᠂ ᠪᠣᠯᠪᠠᠰᠣᠷᠠᠯ ᠤᠨ ᠬᠢᠴᠢᠶᠡᠯ ᠲᠥᠷᠥᠯ ᠨᠢᠭᠡᠪᠦᠷᠢ ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠵᠠᠷᠯᠢᠭ ᠴᠠᠭᠠᠵᠠ ᠶᠢ ᠳᠠᠭᠠᠵᠤ᠂ ᠦᠢᠯᠡ ᠬᠥᠳᠡᠯᠦᠯ ᠨᠢ | ᠲᠡᠷᠢ ᠲᠡᠭᠰᠢ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠤᠭ ᠪᠠᠳᠠᠷᠠᠩᠭᠤᠢ | ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠰᠠᠬᠢᠯᠭ᠎ᠠ ᠪᠠᠲᠤ ᠴᠢᠩᠭ᠎ᠠ ᠬᠡᠪ ᠰᠤᠷᠲᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ | | | | ᠰᠢᠷᠭᠠᠭᠤ ᠬᠠᠲᠠᠭᠤᠵᠢᠯᠲᠠᠢ ᠰᠤᠷᠤᠯᠴᠠᠵᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠦᠶ᠎ᠡ᠃ ᠲᠣᠰ ᠤᠳᠠᠭᠠᠨ ᠤ ᠪᠠᠶᠢᠩᠭᠤᠵᠢᠭᠰᠠᠨ ᠥᠷᠯᠥᠭᠡ ᠶᠢᠨ | ᠪᠣᠯᠪᠠᠰᠣᠷᠠᠯ ᠤᠨ ᠠᠵᠢᠯᠯᠠᠭ᠎ᠠ ᠨᠢ ᠶᠡᠷᠦᠩᠬᠡᠶᠢᠯᠡᠭᠰᠡᠨ ᠪᠡᠶ᠎ᠡ ᠲᠠᠮᠢᠷ᠂ ᠵᠢᠭᠰᠠᠭᠠᠯ ᠤᠨ ᠶᠣᠰᠣᠯᠠᠯ ᠵᠢᠴᠢ ᠮᠡᠷᠭᠡᠵᠢᠯ ᠴᠢᠳᠠᠪᠤᠷᠢ ᠶᠢᠨ ᠪᠠᠶᠢᠯᠳᠤᠬᠤ ᠠᠷᠭ᠎ᠠ ᠶᠢᠨ | ᠪᠣᠯᠪᠠᠰᠣᠷᠠᠯ ᠢᠶᠠᠷ ᠭᠤᠤᠯᠳᠠᠯᠭ᠎ᠠ ᠪᠣᠯᠭᠠᠵᠤ᠂ ᠲᠣᠭᠲᠠᠭᠰᠠᠨ ᠴᠡᠭ᠂ ᠲᠣᠭᠲᠠᠭᠰᠠᠨ ᠴᠠᠭ᠂ ᠲᠣᠭᠲᠠᠭᠰᠠᠨ ᠬᠥᠮᠦᠨ ᠤ ᠡᠭᠡᠯᠵᠢᠯᠡᠨ ᠪᠣᠯᠪᠠᠰᠤᠷᠠᠭᠤᠯᠬᠤ ᠵᠠᠭᠪᠤᠷ ᠢᠶᠠᠷ | ᠳᠠᠮᠵᠢᠭᠤᠯᠤᠨ᠂ ᠪᠣᠯᠪᠠᠰᠣᠷᠠᠯ ᠢᠶᠠᠷ ᠬᠠᠮᠢᠶᠠᠷᠤᠯᠲᠠ ᠶᠢ ᠠᠬᠢᠭᠤᠯᠵᠤ᠂ ᠪᠣᠯᠪᠠᠰᠣᠷᠠᠯ ᠢᠶᠠᠷ ᠬᠡᠪ ᠴᠢᠨᠠᠷ ᠢᠶᠠᠨ ᠳᠡᠭᠡᠭᠰᠢᠯᠡᠭᠦᠯᠦᠨ᠂ ᠪᠣᠯᠪᠠᠰᠤᠷᠠᠯ ᠢᠶᠠᠷ ᠰᠤᠷᠲᠠᠯ ᠢᠶᠠᠨ | ᠬᠤᠪᠢᠷᠠᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠤᠭ ᠪᠠᠳᠠᠷᠠᠩᠭᠤᠶ ᠣᠪᠣᠷ ᠪᠠᠶᠢᠳᠠᠯ ᠢᠶᠠᠨ ᠢᠮᠠᠭᠲᠠ | ᠪᠠᠷᠢᠮᠲᠠᠯᠠᠵᠤ᠂ ᠦᠨᠳᠦᠰᠦᠨ ᠪᠡᠶ᠎ᠡ ᠮᠠᠬᠠᠪᠣᠳ ᠤᠨ ᠪᠣᠯᠪᠠᠰᠤᠷᠠᠯ ᠢᠶᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠵᠣᠷᠢᠭ | ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠨᠠᠶᠢᠳᠠᠪᠤᠷᠢᠲᠠᠢ᠂ ᠲᠤᠬᠠᠶᠢᠯᠠᠭᠰᠠᠨ ᠠᠵᠢᠯ ᠳᠤ ᠪᠠᠨ ᠪᠠᠲᠤ ᠴᠠᠭᠠᠷᠠᠭᠰᠠᠨ᠂ | ᠰᠠᠬᠢᠯᠭ᠎ᠠ ᠪᠠᠲᠤ ᠪᠠᠷ ᠴᠢᠩᠭ᠎ᠠ ᠬᠠᠲᠠᠭᠤ᠂ ᠣᠪᠣᠷ ᠰᠤᠷᠲᠠᠯ ᠢᠶᠠᠷ ᠪᠠᠲᠤ ᠴᠢᠩᠭ᠎ᠠ ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ | ᠬᠦᠴᠦᠯᠡᠨ ᠪᠣᠢ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ |