ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ — ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠢ ᠰᠢᠭᠤᠶ ᠡᠪᠡᠰᠦ ᠪᠡᠯᠴᠢᠭᠡᠷ ᠢ ᠡᠪᠳᠡᠭᠰᠡᠨ ᠬᠡᠷᠡᠭ ᠢ ᠵᠠᠯᠭᠠᠭ᠎ᠠ ᠪᠠᠷ 26 ᠢᠯᠡᠷᠡᠭᠦᠯᠪᠡ
ᠨᠡᠶᠢᠲᠡᠯᠡᠭᠰᠡᠨ ᠴᠠᠭ᠄
2025/6/5
      ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠨᠤᠭᠤ ᠭᠠᠵᠠᠷ ᠢ ᠡᠪᠳᠡᠬᠦ ᠶᠢ ᠲᠤᠰᠬᠠᠶ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠲᠥᠷᠥᠯ ᠤᠨ ᠲᠥᠪᠯᠡᠷᠡᠭᠦᠯᠦᠨ ᠪᠣᠭᠤᠮᠲᠠ ᠰᠢᠪᠲᠤᠯᠬᠤ᠂ ᠰᠠᠯᠠᠭ᠎ᠠ ᠮᠥᠴᠢᠷ ᠬᠠᠮᠵᠢᠯᠴᠠᠨ ᠬᠠᠤᠯᠢ ᠬᠡᠷᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠢᠳᠠᠮᠵᠢ ᠨᠡᠮᠡᠵᠦ ᠲᠣᠭᠤᠷᠢᠨ ᠬᠠᠮᠠᠭᠠᠯᠠᠬᠤ᠂ ᠡᠬᠢ ᠡᠭᠦᠰᠦᠯ ᠠᠴᠠ ᠨᠢ ᠤᠬᠠᠭᠤᠯᠤᠨ ᠰᠡᠷᠭᠡᠶᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠠᠪᠴᠤ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠬᠦᠨᠳᠦ ᠴᠣᠬᠢᠯᠲᠠ ᠥᠭᠴᠦ᠂ ᠪᠥᠬᠦ ᠲᠠᠯ᠎ᠠ ᠶᠢᠨ ᠬᠦᠴᠦᠨ ᠢ ᠳᠠᠶᠢᠴᠢᠯᠠᠨ᠂ ᠣᠶ ᠰᠢᠭᠤᠶ ᠡᠪᠡᠰᠦ ᠪᠡᠯᠴᠢᠭᠡᠷ ᠢ  ᠡᠪᠳᠡᠬᠦ ᠨᠤᠭᠤ ᠭᠠᠵᠠᠷ ᠢ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ 2025 ᠣᠨ ᠤ 3 ᠰᠠᠷ᠎ᠠ ᠠᠴᠠ 4 ᠰᠠᠷ᠎ᠠ ᠪᠣᠯᠲᠠᠯ᠎ᠠ᠂ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠬᠡᠷᠡᠭ ᠢ ᠨᠡᠶᠢᠲᠡ 26 ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠢ 26 ᠪᠠᠷᠢᠪᠴᠢᠯᠠᠪᠠ᠃
3.png
      ᠬᠡᠷᠡᠭ ᠤᠨ ᠲᠣᠪᠴᠢ ᠪᠠᠶᠢᠳᠠᠯ 1᠄ ᠰᠦᠶ ᠣᠪᠣᠭᠲᠤ ᠡᠳ᠋ ᠬᠤᠭᠰᠢᠯ ᠢ ᠵᠣᠷᠢᠭᠤᠳᠠ ᠡᠪᠳᠡᠨ ᠰᠦᠢᠳᠬᠡᠭᠰᠡᠨ ᠳᠤ ᠬᠤᠯᠪᠣᠭᠳᠠᠭᠰᠠᠨ ᠬᠡᠷᠡᠭ᠃ ᠠᠷᠤᠨ ᠬᠤᠰᠢᠭᠤᠨ ᠤ ᠰᠠᠭᠤᠭᠠᠯᠢ ᠠᠷᠠᠳ ᠰᠦᠶ ᠣᠪᠣᠭᠲᠤ ᠬᠠᠤᠯᠢ ᠪᠤᠰᠤ ᠠᠰᠢᠭ ᠲᠤᠰᠠ ᠤᠯᠬᠤ ᠶᠢᠨ ᠲᠥᠯᠥᠭᠡ᠂ ᠪᠤᠰᠤᠳ ᠲᠠᠢ ᠬᠠᠮᠲᠤᠷᠠᠨ ᠭᠤᠬ᠎ᠠ ᠮᠠᠰᠢᠨ ᠬᠡᠷᠡᠭᠯᠡᠨ ᠣᠶ ᠰᠢᠭᠤᠶ ᠶᠢᠨ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠵᠤ᠂ ᠣᠶ ᠰᠢᠭᠤᠶ ᠶᠢᠨ ᠡᠬᠢ ᠪᠠᠶᠠᠯᠢᠭ ᠢ ᠬᠦᠨᠳᠦ ᠨᠣᠴᠢᠲᠠᠶ ᠡᠪᠳᠡᠭᠰᠡᠨ ᠪᠠᠶᠢᠨ᠎ᠠ᠃ 4 ᠰᠠᠷ᠎ᠠ ᠶᠢᠨ 11 ᠤ ᠡᠳᠦᠷ᠂ ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠶ ᠣᠪᠣᠭᠲᠤ ᠶᠢ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠭᠳᠠᠪᠠ᠃       ᠬᠡᠷᠡᠭ ᠤᠨ ᠲᠣᠪᠴᠢ ᠪᠠᠶᠢᠳᠠᠯ 2᠄ ᠶᠢᠨ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠳᠤ ᠬᠤᠯᠪᠣᠭᠳᠠᠭᠰᠠᠨ ᠬᠡᠷᠡᠭ᠃ ᠠᠷᠤᠨ ᠬᠤᠰᠢᠭᠤᠨ ᠤ ᠰᠠᠭᠤᠭᠠᠯᠢ ᠠᠷᠠᠳ ᠶᠢᠨ ᠣᠪᠣᠭᠲᠤ ᠬᠤᠯᠪᠣᠭᠳᠠᠯ ᠪᠥᠬᠦᠶ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠥᠬᠡᠶ ᠪᠠᠶᠢᠳᠠᠯ ᠳᠤᠤᠷ᠎ᠠ᠂ ᠳᠤᠷ᠎ᠠ ᠪᠠᠷ ᠢᠶᠠᠨ ᠬᠠᠤᠯᠢ ᠪᠤᠰᠤ ᠪᠠᠷ ᠣᠶᠢᠲᠤ ᠭᠠᠵᠠᠷ ᠢ ᠬᠠᠭᠠᠯᠪᠤᠷᠢᠯᠠᠭᠰᠠᠨ ᠪᠥᠭᠡᠳ ᠲᠠᠷᠢᠮᠠᠯ ᠳᠠᠷᠢᠵᠤ᠂ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠣᠶᠢᠲᠤ ᠭᠠᠵᠠᠷ ᠢ ᠶᠡᠭᠡ ᠬᠡᠮᠵᠢᠶ᠎ᠡ ᠪᠠᠷ ᠡᠪᠳᠡᠭᠰᠡᠨ ᠪᠠᠶᠢᠨ᠎ᠠ᠃ 4 ᠰᠠᠷ᠎ᠠ ᠶᠢᠨ 20 ᠤ ᠡᠳᠦᠷ᠂ ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠪᠣᠭᠲᠤ ᠶᠢ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠭᠳᠠᠪᠠ᠃       ᠬᠡᠷᠡᠭ ᠤᠨ ᠲᠣᠪᠴᠢ ᠪᠠᠶᠢᠳᠠᠯ 3᠄ ᠵᠢᠶ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠳᠤ ᠬᠤᠯᠪᠣᠭᠳᠠᠭᠰᠠᠨ ᠬᠡᠷᠡᠭ᠃ ᠠᠷᠤᠨ ᠬᠤᠰᠢᠭᠤᠨ ᠤ ᠰᠠᠭᠤᠭᠠᠯᠢ ᠠᠷᠠᠳ ᠵᠢᠶ ᠣᠪᠣᠭᠲᠤ ᠬᠤᠯᠪᠣᠭᠳᠠᠯ ᠪᠥᠬᠦᠶ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠥᠬᠡᠶ ᠪᠠᠶᠢᠳᠠᠯ ᠳᠤᠤᠷ᠎ᠠ᠂ ᠳᠤᠷ᠎ᠠ ᠪᠠᠷ ᠢᠶᠠᠨ ᠬᠠᠤᠯᠢ ᠪᠤᠰᠤ ᠪᠠᠷ ᠣᠶᠢᠲᠤ ᠭᠠᠵᠠᠷ ᠢ ᠬᠠᠭᠠᠯᠪᠤᠷᠢᠯᠠᠭᠰᠠᠨ ᠪᠥᠭᠡᠳ ᠲᠠᠷᠢᠮᠠᠯ ᠳᠠᠷᠢᠭᠰᠠᠨ ᠠᠴᠠ ᠣᠶᠢᠲᠤ ᠭᠠᠵᠠᠷ ᠶᠡᠭᠡ ᠬᠡᠮᠵᠢᠶ᠎ᠡ ᠪᠠᠷ ᠡᠪᠳᠡᠭᠳᠡᠪᠡ᠃ 4 ᠰᠠᠷ᠎ᠠ ᠶᠢᠨ 22 ᠤᠨ ᠡᠳᠦᠷ᠂ ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠶ ᠣᠪᠣᠭᠲᠤ ᠳᠤ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠠᠶ᠃
6.png
       ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠤᠭᠰᠠᠨ ᠪᠥᠭᠡᠳ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ ᠪᠠᠶᠢᠪᠠᠯ᠂ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠤᠶᠤ ᠲᠡᠩ ᠢᠶᠠᠷ ᠰᠢᠢᠳᠬᠡᠨ᠎ᠡ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ