5 ᠰᠠᠷ᠎ᠠ ᠶᠢᠨ 17 ᠤ ᠡᠳᠦᠷ᠂ ︽ᠨᠢᠭᠡ ᠮᠠᠰᠢᠨ ᠬᠤᠶᠠᠷ ᠬᠡᠷᠡᠭᠴᠡᠭᠡᠲᠦ︾ ᠪᠠᠶᠢᠳᠠᠯ ᠡᠭᠦᠰᠬᠦ ᠶᠢ ᠡᠷᠡᠰ ᠬᠤᠷᠢᠭᠯᠠᠬᠤ᠂ ᠳᠣᠲᠣᠭᠠᠳᠤ ᠶᠢ ᠬᠠᠮᠠᠭᠠᠯᠠᠬᠤ ᠮᠡᠳᠡᠭᠡ | ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢᠶᠠᠷ ᠠᠵᠢᠯᠯᠠᠭᠤᠯᠬᠤ ᠶᠢ ᠦᠨᠡᠨ ᠬᠦ ᠪᠠᠳᠤᠯᠠᠬᠤ᠂ ᠰᠦᠯᠵᠢᠶᠡᠨ ᠤ ᠬᠠᠮᠢᠶᠠᠲᠠᠢ ᠲᠣᠭᠲᠠᠭᠠᠯ ᠠᠴᠠ ᠵᠥᠷᠢᠴᠡᠭᠰᠡᠨ ᠬᠡᠷᠡᠭ | ᠡᠭᠦᠰᠬᠦ ᠠᠴᠠ ᠰᠡᠷᠭᠡᠶᠢᠯᠡᠬᠦ ᠶᠢᠨ ᠲᠥᠯᠥᠭᠡ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠠᠠᠭᠤᠣᠯ | ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠠᠮᠤᠷ | ᠲᠦᠪᠰᠢᠨ ᠤ ᠰᠠᠭᠤᠷᠢ ᠮᠡᠳᠡᠯᠭᠡ ᠶᠢᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃ | | | | ᠪᠣᠯᠪᠠᠰᠤᠷᠠᠯ ᠤᠨ ᠳᠤᠮᠳᠠ᠂ ᠪᠠᠶᠠᠠᠭᠤᠣᠯ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ︽ᠨᠢᠭᠡ ᠮᠠᠰᠢᠨ ᠬᠤᠶᠠᠷ ᠬᠡᠷᠡᠭᠴᠡᠭᠡᠲᠦ︾ | ᠶᠢᠨ ᠪᠣᠳᠠᠲᠠᠢ ᠱᠠᠭᠠᠷᠳᠠᠯᠭ᠎ᠠ ᠪᠠ ᠬᠠᠮᠢᠶᠠᠷᠤᠯᠲᠠ ᠶᠢᠨ ᠲᠣᠭᠲᠠᠭᠠᠯ ᠢ ᠰᠤᠷᠤᠯᠴᠠᠨ ᠰᠣᠯᠢᠯᠴᠠᠵᠤ᠂ ᠰᠦᠯᠵᠢᠶᠡᠨ ᠤ ᠠᠮᠤᠷ ᠲᠦᠪᠰᠢᠨ ᠤ ᠡᠯ᠎ᠡ ᠵᠦᠢᠯ ᠤᠨ | ᠲᠣᠭᠲᠠᠭᠠᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠵᠡᠷᠭᠡ ᠳᠤ᠂ ᠠᠷᠠᠳ ᠤᠨ ᠴᠠᠭᠳᠠᠭ᠎ᠠ ᠪᠠᠰᠠ ᠰᠦᠯᠵᠢᠶᠡᠨ ᠤ ᠠᠮᠤᠷ | ᠲᠦᠪᠰᠢᠨ ᠤ ᠮᠡᠳᠡᠯᠭᠡ ᠪᠣᠯᠣᠨ ᠴᠢᠬᠤᠯᠠ ᠪᠠᠶᠢᠷᠢ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠤᠷᠤᠯᠴᠠᠵᠤ᠂ ᠭᠤᠣᠯᠳᠠᠯᠭ᠎ᠠ ᠲᠠᠢ ᠠᠵᠢᠯ ᠤᠨ ᠪᠠᠶᠢᠷᠢ ᠳᠠᠬᠢ | ᠨᠢᠭᠤᠴᠠ ᠳᠤ ᠬᠤᠯᠪᠣᠭᠳᠠᠬᠤ ᠬᠥᠮᠥᠰ ᠪᠣᠯᠣᠨ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠪᠠ᠃ ᠬᠠᠮᠤᠭ ᠤᠨ | ᠰᠡᠭᠦᠯ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠵᠠᠷᠢᠮ ᠠᠯᠪᠠᠨ ᠤ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠲᠤ ᠵᠥᠭᠡᠯᠡᠨ ᠲᠣᠨᠤᠭ ᠪᠠ | ᠬᠡᠷᠡᠭᠰᠡᠯ ᠠᠴᠠ ᠭᠠᠷᠳᠠᠵᠤ᠂ ᠴᠠᠭ ᠲᠤᠬᠠᠢ ᠳᠤ ᠨᠢ ᠨᠥᠬᠦᠭᠡᠰᠦ ᠤᠭᠰᠠᠷᠠᠬᠤ ᠶᠢᠨ ᠬᠠᠮᠲᠤ ᠪᠥᠬᠦ ᠲᠠᠯ᠎ᠠ ᠪᠠᠷ ᠸᠢᠷᠦ᠋ᠰ ᠠᠷᠢᠯᠭᠠᠵᠤ ᠪᠠᠶᠢᠴᠠᠭᠠᠯᠲᠠ ᠬᠢᠵᠡᠢ᠃ | ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠤᠨ ᠨᠠᠷᠢᠨ ᠬᠢᠨᠠᠮᠠᠭᠠᠢ ᠰᠤᠷᠤᠯᠴᠠᠨ ᠶᠠᠷᠢᠯᠴᠠᠬᠤ ᠪᠠᠷ ᠳᠠᠮᠵᠢᠭᠤᠯᠤᠨ᠂ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠬᠠᠷᠠᠯᠲᠠ ᠪᠠᠨ ᠲᠣᠳᠣᠷᠬᠠᠢ ᠪᠣᠯᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠰᠠᠶᠢᠨ ᠰᠠᠭᠤᠷᠢ ᠲᠠᠯᠪᠢᠪᠠ᠃ |