ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ | ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠥᠬᠡᠬᠤᠲᠠ ᠶᠢᠨ ᠬᠡᠰᠡᠭ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢᠨ ᠴᠡᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠭᠦᠨᠵᠡᠭᠡᠶᠢᠷᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢᠨ ᠠᠮᠤᠷ ᠢ ᠬᠠᠮᠠᠭᠠᠯᠠᠬᠤ ᠠᠵᠢᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠪᠠ᠃ | | | | | | | ᠵᠧᠩ ᠭᠤᠸᠠᠩ ᠵᠤᠤ ᠤᠷᠢᠳ ᠬᠤᠵᠢᠳ ᠬᠥᠬᠡᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠂ ᠬᠤᠷᠢ ᠶᠢᠰᠦᠳᠦᠭᠡᠷ ᠳᠤᠮᠳᠠᠳᠤ ᠰᠤᠷᠭᠠᠭᠤᠯᠢ ᠵᠡᠷᠭᠡ | ᠰᠢᠯᠭᠠᠯᠲᠠ ᠶᠢᠨ ᠴᠡᠭ ᠲᠤ ᠬᠦᠷᠴᠦ᠂ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ᠂ ᠡᠮᠬᠢ ᠳᠢᠭᠯᠢᠮ ᠤᠨ ᠬᠠᠮᠠᠭᠠᠯᠠᠯᠲᠠ᠂ ᠪᠣᠳᠠᠰ ᠪᠠ ᠮᠡᠷᠭᠡᠵᠢᠯ ᠤᠨ ᠰᠡᠷᠭᠡᠶᠢᠯᠡᠯᠲᠡ᠂ | ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠪᠡᠯᠡᠳᠬᠡᠯ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠵᠢᠭᠠᠨ ᠵᠢᠯᠣᠭᠤᠳᠪᠠ᠃ ᠵᠧᠩ ᠭᠤᠸᠠᠩ ᠵᠣᠣ᠂ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠨᠢ ᠲᠦᠭ ᠲᠦᠮᠡᠨ ᠠᠶᠢᠯ ᠡᠷᠦᠬᠡ ᠶᠢᠨ ᠲᠣᠰ ᠪᠡᠶ᠎ᠡ ᠶᠢᠨ ᠠᠰᠢᠭ ᠲᠤᠰᠠ ᠪᠠ ᠥᠷᠭᠡᠨ ᠣᠯᠠᠨ ᠰᠤᠷᠤᠭᠴᠢᠳ ᠤᠨ ᠢᠷᠡᠭᠡᠳᠦᠶ ᠶᠢᠨ ᠬᠤᠪᠢ | ᠵᠠᠶᠠᠭ᠎ᠠ ᠲᠠᠢ ᠬᠤᠯᠪᠣᠭᠳᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ | ᠬᠢᠬᠦ ᠶᠢᠨ ᠬᠠᠷᠢᠭᠤᠴᠠᠯᠭ᠎ᠠ ᠬᠦᠨᠳᠦ ᠶᠡᠭᠡ ᠶᠤᠮ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠤᠭ ᠤᠨ ᠥᠨᠳᠥᠷ ᠪᠠᠷᠢᠮᠵᠢᠶ᠎ᠠ᠂ | ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠰᠢᠯᠢᠳᠡᠭ ᠦᠢᠯᠡᠴᠢᠯᠡᠭᠡ ᠶᠢ ᠪᠠᠷᠢᠮᠲᠠᠯᠠᠵᠤ᠂ ︽ᠨᠢᠭᠡ ᠴᠡᠭ ᠲᠤ ᠨᠢᠭᠡ ᠠᠷᠭ᠎ᠠ ᠪᠣᠳᠣᠯᠭ᠎ᠠ ᠠᠪᠬᠤ︾ ᠵᠠᠷᠴᠢᠮ | ᠶᠣᠰᠣᠭᠠᠷ᠂ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠪᠡᠯᠡᠳᠬᠡᠯ ᠢ ᠴᠢᠩᠭᠠᠳᠬᠠᠵᠤ᠂ ᠰᠢᠯᠭᠠᠯᠲᠠ ᠶᠢᠨ ᠴᠡᠭ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠠᠷᠢᠯᠭᠠᠵᠤ᠂ ᠰᠢᠯᠭᠠᠯᠲᠠ ᠠᠴᠠ ᠡᠮᠦᠨᠡᠬᠢ᠂ ᠰᠢᠯᠭᠠᠯᠲᠠ ᠶᠢᠨ ᠳᠤᠮᠳᠠ᠂ ᠰᠢᠯᠭᠠᠯᠲᠠ ᠶᠢᠨ ᠳᠠᠷᠠᠭᠠᠬᠢ ᠪᠥᠬᠦ ᠶᠠᠪᠤᠴᠠ ᠶᠢᠨ ᠠᠮᠤᠷ ᠢ | ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠷᠭᠡᠨ ᠣᠯᠠᠨ ᠰᠢᠯᠭᠠᠭᠤᠯᠤᠭᠴᠢ ᠳᠤ ᠠᠮᠤᠷ ᠲᠦᠪᠰᠢᠨ᠂ ᠨᠠᠮ ᠲᠣᠭᠲᠠᠭᠤᠨ᠂ ᠰᠠᠨᠠᠭ᠎ᠠ ᠠᠮᠤᠷ | ᠰᠢᠯᠭᠠᠯᠲᠠ ᠶᠢᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | |