ᠰᠢ᠎ᠵᠢᠨ᠎ᠫᠢᠩ ᠢᠰᠫᠠᠨᠢ᠎ᠶ᠋ᠢᠨ ᠲᠦᠷᠭᠡᠨ᠎ᠤ ᠭᠠᠯᠳᠤ ᠳᠡᠷᠭᠡ ᠵᠠᠮ ᠡᠴᠡ᠎ᠪᠠᠨ ᠭᠠᠷᠴᠤ᠌ ᠮᠥᠷᠭᠥᠯᠳᠦᠭ᠌ᠰᠡᠨ ᠡᠨᠳᠡᠯ᠎ᠦᠨ ᠲᠤᠬᠠᠢ ᠢᠰᠫᠠᠨᠢ᠎ᠶ᠋ᠢᠨ ᠤᠯᠤᠰ᠎ᠤᠨ ᠸᠠᠩ ᠹᠢᠯᠢᠫᠸᠢ ᠵᠢᠷᠭᠤᠳᠤᠭᠠᠷ᠎ᠲᠤ ᠲᠣᠬᠣᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
2026-01-21

ᠰᠢᠠᠬᠣᠧᠠ ᠬᠣᠷᠢᠶᠠᠨ᠎ᠤ ᠪᠠᠭᠡᠵᠢᠩ᠎ᠤᠨ 1 ᠰᠠᠷ᠎ᠠ ᠵᠢᠨ 20 ᠎ᠤ ᠡᠳᠦᠷ᠎ᠤᠨ ᠴᠠᠭᠢᠯᠭ᠋ᠠᠨ ᠮᠠᠲᠠᠭᠡ  1 ᠰᠠᠷ᠎ᠠ᠎ᠶ᠋ᠢᠨ 20 ᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠢᠰᠫᠠᠨᠢ᠎ᠶ᠋ᠢᠨ ᠲᠦᠷᠭᠡᠨ᠎ᠤ ᠭᠠᠯᠳᠤ ᠳᠡᠷᠭᠡ ᠵᠠᠮ ᠡᠴᠡ᠎ᠪᠠᠨ ᠭᠠᠷᠴᠤ᠌ ᠮᠥᠷᠭᠥᠯᠳᠦᠭ᠌ᠰᠡᠨ ᠡᠨᠳᠡᠯ᠎ᠦᠨ ᠲᠤᠬᠠᠢ ᠢᠰᠫᠠᠨᠢ᠎ᠶ᠋ᠢᠨ ᠤᠯᠤᠰ᠎ᠤᠨ ᠸᠠᠩ ᠹᠢᠯᠢᠫᠸᠢ ᠵᠢᠷᠭᠤᠳᠤᠭᠠᠷ᠎ᠲᠤ ᠲᠣᠬᠣᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃

ᠰᠢ᠎ᠵᠢᠨ᠎ᠫᠢᠩ᠂ ᠢᠰᠫᠠᠨᠢ᠎ᠶ᠋ᠢᠨ ᠡᠮᠦᠨᠡᠲᠦ ᠬᠡᠰᠡᠭ᠎ᠦᠨ ᠺᠤᠷᠳᠤᠸᠠ ᠮᠤᠵᠢ᠎ᠳᠤ ᠲᠦᠷᠭᠡᠨ᠎ᠤ ᠴᠤᠪᠤᠭ᠎ᠠ ᠳᠡᠷᠭᠡ ᠵᠠᠮ ᠡᠴᠡ᠎ᠪᠠᠨ ᠭᠠᠷᠴᠤ᠌ ᠮᠥᠷᠭᠥᠯᠳᠦᠭ᠌ᠰᠡᠨ ᠡᠨᠳᠡᠯ ᠭᠠᠷᠴᠤ᠌᠂ ᠬᠥᠮᠦᠨ ᠬᠠᠷ᠎ᠠ ᠬᠦᠨᠳᠦ ᠨᠤᠴᠢᠳᠠᠢ ᠡᠨᠳᠡᠵᠦ᠍ ᠱᠢᠷᠬᠠᠲᠤᠭ᠍ᠰᠠᠨ᠎ᠢ ᠰᠣᠴᠢᠰᠭᠢᠨ ᠲᠤᠭᠤᠯᠪᠠ᠃ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ ᠡᠴᠡ ᠡᠨᠳᠡᠭ᠌ᠰᠡᠳ᠎ᠢ ᠭᠦᠨ ᠡᠮᠭᠡᠨᠢᠨ ᠭᠠᠱᠢᠭᠤᠳᠠᠵᠤ᠂ ᠡᠨᠳᠡᠭ᠌ᠰᠡᠳ᠎ᠦᠨ ᠭᠡᠷ ᠪᠦᠯᠢ᠎ᠶ᠋ᠢᠨ ᠬᠢᠨ᠎ᠢ ᠴᠢᠩ ᠰᠡᠳᠭᠢᠯ᠎ᠡᠴᠡ᠎ᠪᠡᠨ ᠲᠣᠬᠣᠨᠢᠭᠤᠯᠵᠤ᠂ ᠱᠢᠷᠬᠠᠲᠤᠭ᠍ᠰᠠᠳ᠎ᠤᠨ ᠡᠷᠲᠡᠬᠡᠨ ᠡᠷᠡᠭᠦᠯᠵᠢᠬᠦ᠌᠎ᠶ᠋ᠢ ᠬᠦᠰᠡᠶ᠎ᠡ ᠭᠡᠵᠦ ᠢᠯᠡᠳᠬᠡᠪᠡ᠃

ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠢᠰᠫᠠᠨᠢ᠎ᠶ᠋ᠢᠨ ᠲᠡᠷᠢᠭᠦᠨ ᠰᠠᠢᠳ ᠰᠠᠩᠴᠢᠶ᠍ᠸᠰ᠎ᠲᠤ ᠲᠣᠬᠣᠨᠢᠭᠤᠯᠬᠤ ᠴᠠᠬᠢᠯᠭᠠᠨ ᠴᠢᠮᠡᠭᠡ ᠶᠠᠪᠤᠭᠤᠯᠵᠡᠢ᠃

ᠢᠷᠡᠯᠲᠡ᠄     