10 ᠳ᠋ᠤᠭᠠᠷ ᠰᠠᠷ᠎ᠠ᠎ᠶ᠋ᠢᠨ 14᠎ᠤ ᠡᠳᠦᠷ᠎ᠠᠴᠠ 15᠎ᠤ ᠡᠳᠦᠷ ᠪᠣᠯᠲᠠᠯ᠎ᠠ᠂ ᠪᠥᠬᠦ᠌ ᠤᠯᠤᠰ᠎ᠤᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠲᠣᠭ᠍ᠲᠠᠯᠴᠠᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠢ ᠶ᠋ᠢᠨ ᠠᠬᠢᠭᠤᠯᠬᠤ ᠬᠤᠷᠠᠯ ᠵᠢᠴᠢ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠦᠶ᠋ᠯᠡᠴᠢᠯᠡᠭᠡᠨ᠎ᠤ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠬᠠᠤ (2025 ᠣᠨ) ᠲᠤᠰᠭᠠᠶ ᠠᠵᠢᠯᠯᠠᠭ᠎ᠠ᠎ᠶ᠋ᠢᠨ ᠳ᠋ᠦᠩᠨᠡᠯᠲᠡ᠎ᠶ᠋ᠢᠨ ᠬᠤᠷᠠᠯ ᠺᠦᠨᠮᠢᠩ᠎ᠳᠤ ᠬᠤᠷᠠᠯᠳᠤᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠵᠢᠶᠠᠨ ᠭᠦᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠶᠦᠨᠠᠨ ᠮᠤᠵᠢ᠎ᠶ᠋ᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠮᠤᠵᠢ᠎ᠶ᠋ᠢᠨ ᠳᠠᠷᠤᠭ᠎ᠠ ᠱᠢᠤᠢ ᠬᠤᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃
ᠬᠤᠷᠠᠯ᠎ᠠᠴᠠ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠦᠢᠯᠡᠴᠢᠯᠡᠭᠡᠨ᠎ᠤ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠳᠤᠮᠳᠠ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠪᠥᠬᠦ᠌ ᠤᠯᠤᠰ᠎ᠤᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠲᠣᠭ᠍ᠲᠠᠯᠴᠠᠭ᠎ᠠ᠎ᠲᠤ ᠪᠠᠢᠭᠤᠯᠤᠯᠲᠠ ᠬᠠᠮᠢᠶᠠᠷᠤᠯᠲᠠ ᠬᠢᠭᠡᠳ ᠦᠢᠯᠡᠳᠦᠯ ᠪᠠᠳᠠᠷᠠᠭᠤᠯᠤᠭ᠍ᠰᠠᠨ ᠨᠢ ᠲᠡᠤᠬᠡᠲᠦ ᠴᠢᠨᠠᠷᠲᠠᠶ ᠱᠢᠪᠲᠤᠯᠤᠯᠲᠠ᠎ᠲᠠᠢ ᠪᠤᠯᠵᠤ᠂ ᠡᠩ᠎ᠤᠨ ᠲᠠᠰ᠎ᠤᠨ ᠵᠣᠯᠭᠠᠯᠲᠠ᠂ ᠮᠡᠳᠡᠭᠡ ᠵᠠᠩᠭᠢ ᠶ᠋ᠢᠨ ᠨᠡᠪᠲᠡᠷᠡᠭᠦᠯᠦᠨ ᠲᠠᠷᠬᠠᠭᠠᠯᠲᠠ ᠪᠠ ᠠᠮᠤᠷ ᠲᠦᠪᠱᠢᠨ᠎ᠤ ᠬᠠᠮᠢᠶᠠᠷᠤᠯᠲᠠ ᠵᠡᠷᠭᠡ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠠᠵᠢᠯ ᠦᠨᠳᠦᠰᠦᠨ ᠴᠢᠨᠠᠷᠲᠠᠶ ᠠᠬᠢᠴᠠ᠎ᠲᠠᠢ ᠪᠣᠯᠵᠣ᠂ ᠤᠯᠠᠭᠠᠨ ᠥᠩᠭᠡ᠎ᠶ᠋ᠢᠨ ᠰᠡᠷᠡᠮᠵᠢᠯᠡᠭᠦᠯᠦᠯ᠎ᠢ ᠨᠡᠪᠲᠡᠷᠡᠭᠦᠯᠬᠦ᠌ ᠨᠣᠷᠮ᠎ᠠ᠂ ᠲᠣᠮᠣ ᠯᠠᠪᠠᠷᠢ ᠲᠤᠰᠭᠠᠶ ᠬᠡᠷᠡᠭ᠌ᠯᠡᠬᠦ᠌ ᠦᠵᠦᠭᠦᠷ᠎ᠤᠨ ᠱᠤᠭᠤᠮ᠎ᠳᠤ ᠪᠠᠢᠭ᠎ᠠ ᠨᠣᠷᠮ᠎ᠠ᠎ᠪᠠᠷ ᠲᠥᠯᠥᠭᠡᠯᠡᠭ᠌ᠴᠢ ᠪᠣᠯᠭᠠᠭ᠍ᠰᠠᠨ ᠭᠤᠤᠯ ᠭᠦᠢᠴᠡᠳᠭᠡᠯ ᠲᠤᠭ᠎ᠠ᠎ᠶ᠋ᠢᠨ ᠱᠢᠪᠲᠤᠯᠤᠯᠲᠠ᠎ᠶ᠋ᠢᠨ ᠴᠢᠨᠠᠷᠲᠠᠶ ᠳᠡᠭᠡᠭ᠌ᠰᠢᠯᠡᠯᠲᠡ᠎ᠶ᠋ᠢ ᠪᠡᠶᠡᠯᠡᠭᠦᠯᠪᠡ᠃ ᠪᠦᠷᠢᠳᠭᠡᠯ᠎ᠢ ᠦᠨᠳᠦᠰᠦᠯᠡᠪᠡᠯ᠂ ᠲᠤᠰᠭᠠᠶ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠪᠥᠬᠦ᠌ ᠤᠯᠤᠰ᠎ᠤᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠨᠢ ᠪᠠᠴᠢᠮ ᠪᠠᠢᠳᠠᠯ᠎ᠢ ᠠᠷᠭᠠᠴᠠᠬᠤ ᠮᠡᠳᠡᠭᠡ ᠵᠠᠩᠭᠢ᠎ᠶ᠋ᠢ ᠨᠡᠢᠲᠡ 111 ᠲᠦᠮᠡᠨ ᠵᠤᠷᠪᠤᠰ ᠨᠡᠪᠲᠡᠷᠡᠭᠦᠯᠵᠦ᠍᠂ ᠡᠭᠦᠨ᠎ᠳᠤ ᠤᠯᠠᠭᠠᠨ ᠥᠩᠭᠡ᠎ᠶ᠋ᠢᠨ ᠰᠡᠷᠡᠮᠵᠢᠯᠡᠭᠦᠯᠦᠯ 1.5 ᠲᠦᠮᠡᠨ ᠵᠤᠷᠪᠤᠰ᠂ ᠤᠯᠠᠪᠤᠷ ᠥᠩᠭᠡ᠎ᠶ᠋ᠢᠨ ᠰᠡᠷᠡᠮᠵᠢᠯᠡᠭᠦᠯᠦᠯ 3 ᠲᠦᠮᠡᠨ ᠵᠤᠷᠪᠤᠰ᠂ ᠠᠪᠤᠷᠠᠨ ᠲᠤᠰᠠᠯᠠᠬᠤ ᠲᠥᠷᠥᠯ᠂ ᠰᠡᠷᠭᠦᠭᠡᠬᠦ᠌ ᠲᠥᠷᠥᠯ᠎ᠤᠨ ᠪᠠᠴᠢᠮ ᠪᠠᠢᠳᠠᠯ᠎ᠢ ᠠᠷᠭᠠᠴᠠᠬᠤ ᠮᠡᠳᠡᠭᠡ ᠵᠠᠩᠭᠢ᠎ᠶ᠋ᠢ ᠴᠠᠭ ᠲᠤᠬᠠᠶ᠎ᠳᠤ ᠨᠢ ᠨᠡᠢᠲᠡᠯᠡᠵᠦ᠍᠂ 29.1 ᠲᠦᠮᠡᠨ ᠬᠥᠮᠦᠨ᠎ᠢ ᠠᠮᠤᠷ ᠲᠦᠪᠱᠢᠨ᠎ᠢᠶᠠᠷ ᠱᠢᠯᠵᠢᠭᠦᠯᠦᠨ ᠲᠥᠪᠬᠢᠨᠡᠭᠦᠯᠬᠦ᠌᠎ᠳᠤ ᠬᠦᠴᠦᠨ ᠨᠡᠮᠡᠷᠢᠯᠡᠵᠦ᠍᠂ ᠤᠯᠤᠰ᠎ᠤᠨ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠬᠠᠤ ᠠᠵᠢᠯ᠎ᠤᠨ ᠶᠡᠭᠡ ᠲᠠᠯ᠎ᠠ᠎ᠳᠤ ᠬᠦᠴᠦᠲᠡᠶ ᠦᠶ᠋ᠯᠡᠴᠢᠯᠡᠪᠡ᠃
ᠬᠤᠷᠠᠯ᠎ᠠᠴᠠ 《ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ》᠂ 《ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠬᠤ》᠂ 《ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠱᠢᠲᠠᠷ᠎ᠠ᠎ᠶ᠋ᠢ ᠪᠠᠷᠢᠮᠲᠠᠯᠠᠬᠤ》 ᠵᠡᠷᠭᠡ ᠴᠢᠬᠤᠯᠠ ᠲᠤᠷᠱᠢᠯᠭ᠎ᠠ᠎ᠶ᠋ᠢ ᠱᠢᠰᠲ᠋ᠧᠮ᠎ᠲᠠᠢ᠎ᠪᠠᠷ ᠳ᠋ᠦᠩᠨᠡᠵᠦ᠍᠂ ᠳ᠋ᠦᠩᠨᠡᠨ ᠳᠠᠬᠢᠨ ᠰᠡᠷᠭᠦᠭᠡᠬᠦ᠌᠂ ᠬᠠᠯᠠᠭᠣᠨ ᠳᠡᠭᠡᠷ᠎ᠡ ᠨᠢ ᠱᠢᠮᠳᠠᠵᠤ᠂ ᠳᠣᠬᠢᠶᠠᠯ᠎ᠤᠨ ᠳᠠᠭᠠᠤ ᠲᠡᠮᠡᠴᠡᠵᠦ᠍ 《ᠬᠥᠨᠳᠡᠯᠡᠨ᠎ᠢᠶᠠᠷ ᠨᠡᠪᠲᠡᠷᠡᠬᠦ᠂ ᠭᠤᠯᠳᠤ᠎ᠪᠠᠷ ᠨᠡᠪᠲᠡᠷᠡᠯᠴᠡᠬᠦ᠂ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠶ᠂ ᠠᠮᠤᠷ ᠲᠦᠪᠱᠢᠨ ᠨᠠᠢᠳᠠᠪᠤᠷᠢᠲᠠᠶ ᠪᠠᠢᠬᠤ》 16 ᠦᠰᠦᠭ᠎ᠤᠨ ᠶᠡᠷᠦᠩᠬᠡᠶ ᠬᠠᠷᠠᠯᠲᠠ ᠪᠣᠯᠤᠨ 《222644》 ᠲᠣᠭ᠍ᠲᠠᠯᠴᠠᠭ᠎ᠠ᠎ᠶ᠋ᠢᠨ ᠪᠣᠷᠣ ᠲᠥᠯᠥᠪ᠎ᠤᠨ ᠶᠣᠰᠣᠭᠠᠷ᠂ ᠤᠯᠤᠰ᠎ᠤᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠲᠣᠭ᠍ᠲᠠᠯᠴᠠᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠨᠢᠭᠡ᠎ᠳᠤ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠡᠭᠦᠷᠭᠡ ᠱᠠᠭᠠᠷᠳᠠᠯᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠬᠤᠶᠠᠷ᠎ᠲᠤ᠌ ᠰᠤᠷᠤᠯᠴᠠᠯᠭ᠎ᠠ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠠᠷᠪᠠᠨ ᠱᠢᠯᠢᠳᠡᠭ ᠬᠡᠷᠡᠭ᠎ᠤᠨ ᠵᠢᠱ᠌ᠢᠶ᠎ᠡ᠂ ᠱᠢᠯᠢᠳᠡᠭ ᠲᠤᠷᠱᠢᠯᠭ᠎ᠠ ᠪᠣᠯᠤᠨ ᠶᠦᠨᠨᠠᠨ᠎ᠤ ᠠᠷᠭ᠎ᠠ ᠬᠢᠳᠡᠯ᠎ᠲᠠᠢ ᠬᠠᠷᠭᠤᠭᠤᠯᠵᠤ᠂ ᠰᠣᠯᠢᠯᠴᠠᠨ ᠰᠤᠷᠤᠯᠴᠠᠬᠤ ᠪᠠ ᠯᠠᠪᠯᠠᠯᠲᠠ ᠪᠣᠯᠭᠠᠨ ᠳᠡᠯᠭᠡᠷᠡᠭᠦᠯᠬᠦ᠌ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠬᠦ᠌ ᠬᠡᠷᠡᠭ᠌ᠲᠡᠢ᠃ ᠭᠤᠷᠪᠠ᠎ᠳᠤ ᠬᠠᠷᠠᠯᠲᠠ᠎ᠶ᠋ᠢᠨ ᠤᠳᠤᠷᠢᠳᠤᠮᠵᠢ ᠪᠠᠨ ᠴᠢᠩᠭᠠᠷᠠᠭᠣᠯᠵᠤ᠂ ᠬᠥᠭ᠌ᠵᠢᠯᠲᠡ᠎ᠶ᠋ᠢᠨ ᠠᠷᠭ᠎ᠠ ᠬᠡᠮᠵᠢᠶ᠎ᠡ᠎ᠶ᠋ᠢ ᠪᠣᠳᠠᠲᠠᠶ ᠲᠥᠯᠥᠪᠵᠢᠭᠦᠯᠵᠦ᠍᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ ᠨᠡᠮᠡᠷᠢᠯᠡᠬᠦ᠌ ᠶ᠋ᠢ ᠴᠢᠩᠭᠠᠷᠠᠭᠣᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠪᠠ ᠲᠥᠷᠥᠯ ᠵᠦᠢᠯ᠎ᠢ ᠨᠠᠷᠢᠨ ᠨᠢᠮᠪᠠᠶ ᠲᠥᠯᠥᠪᠵᠢᠭᠦᠯᠵᠦ᠍᠂ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠨᠡᠮᠡᠭ᠌ᠳᠡᠯ᠎ᠤᠨ ᠬᠡᠮᠵᠢᠶ᠎ᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠶᠡᠭᠡ᠎ᠪᠠᠷ ᠠᠬᠢᠭᠤᠯᠬᠤ ᠬᠡᠷᠡᠭ᠌ᠲᠡᠶ᠃
ᠬᠤᠷᠠᠯ᠎ᠠᠴᠠ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠲᠧᠯᠸᠢᠰ᠎ᠤᠨ ᠦᠢᠯᠡᠴᠢᠯᠡᠭᠡᠨ᠎ᠤ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ (2025ᠣᠨ) ᠲᠤᠰᠭᠠᠶ ᠠᠵᠢᠯᠯᠠᠭ᠎ᠠ᠎ᠶ᠋ᠢᠨ ᠪᠠᠴᠢᠮ ᠪᠠᠢᠳᠠᠯ᠎ᠢ ᠠᠷᠭᠠᠴᠠᠬᠤ ᠮᠡᠳᠡᠭᠡ ᠵᠠᠩᠭᠢ᠎ᠶ᠋ᠢ ᠳᠠᠮᠵᠢᠭᠤᠯᠬᠤ ᠠᠵᠢᠯ᠎ᠤᠨ ᠱᠢᠯᠢᠳᠡᠭ ᠨᠢᠭᠡᠴᠢ᠎ᠶ᠋ᠢ ᠨᠡᠢᠲᠡᠯᠡᠵᠡᠢ᠂ ᠲᠣᠰ ᠲᠣᠰ᠄ ᠪᠡᠭᠡᠵᠢᠩ ᠬᠤᠲᠠ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠶᠦᠨᠨᠠᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠰᠧᠴᠤᠸᠠᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠵᠢᠶᠠᠩᠰᠢ ᠮᠤᠵᠢ᠎ᠶ᠋ᠢᠨ ᠷᠠᠳᠢᠣ᠋ ᠲᠧᠯᠸᠢᠰ᠎ᠦᠨ ᠲᠣᠪᠴᠢᠶ᠎ᠠ᠂ ᠱᠠᠨᠳᠦ᠋ᠩ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠹᠦᠵᠢᠶᠠᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠬᠠᠷᠠᠮᠥ᠋ᠷᠡᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠴᠦᠩᠴᠢᠩ ᠬᠤᠲᠠ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠬᠤᠨᠠᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠠᠨᠾᠦ᠋ᠢ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ ᠵᠡᠷᠭᠡ ᠪᠤᠯᠤᠨ᠎ᠠ᠃ ᠬᠤᠷᠠᠯ᠎ᠡᠴᠡ ᠡᠭᠦᠨ᠎ᠤ ᠵᠡᠷᠬᠡ᠎ᠳᠤ ᠳᠤᠰᠭᠠᠢ ᠠᠵᠢᠯᠯᠠᠭ᠎ᠠ ᠶ᠋ᠢᠨ ᠠᠷᠪᠡᠨ ᠱᠢᠯᠢᠳᠡᠭ ᠬᠡᠷᠡᠭ᠎ᠤᠨ ᠵᠢᠱ᠌ᠢᠶ᠎ᠡ ᠨᠡᠢᠲᠡᠯᠡᠵᠦ᠍ ᠂ ᠲᠣᠰ ᠲᠣᠰ᠄ ᠶᠦᠨᠨᠠᠨ ᠮᠤᠵᠢ᠎ᠶ᠋ᠢᠨ ᠵᠤᠤ ᠳᠦᠩ ᠬᠤᠲᠠ᠎ᠶ᠋ᠢᠨ ᠢ ᠯᠢᠶᠠᠩ ᠱᠢᠶᠠᠨ ᠂ ᠴᠦᠩᠴᠢᠩ ᠬᠤᠲᠠ᠎ᠶ᠋ᠢᠨ ᠵᠢᠶᠠᠩ ᠵᠢᠨ ᠤᠷᠤᠨ ᠂ ᠠᠨᠾᠦ᠋ᠢ ᠮᠤᠵᠢ᠎ᠶ᠋ᠢᠨ ᠲᠢᠶᠠᠨ ᠴᠠᠩ ᠬᠤᠲᠠ ᠂ ᠭᠦᠢᠵᠧᠦ ᠮᠤᠵᠢ᠎ᠶ᠋ᠢᠨ ᠴᠢᠶᠠᠨ ᠳ᠋ᠦᠩ ᠨᠠᠨ ᠵᠸᠦ᠍ᠶ᠋ᠢᠨ ᠷᠦᠩ ᠵᠢᠶᠠᠩ ᠱᠢᠶᠠᠨ ᠂ ᠪᠡᠬᠡᠵᠢᠩ ᠬᠤᠲᠠ᠎ᠶ᠋ᠢᠨ ᠫᠢᠩ ᠭᠦ᠌ ᠲᠤᠭᠤᠷᠢᠭ ᠂ ᠵᠢᠶᠠᠩᠰᠢ ᠮᠤᠵᠢ᠎ᠶ᠋ᠢᠨ ᠱᠠᠩ ᠷᠤᠤ ᠬᠤᠲᠠ᠎ᠶ᠋ᠢᠨ ᠭᠤᠸᠠᠩᠵᠸᠦ᠍ᠶ᠋ᠢᠨ ᠭᠤᠸᠠᠩ ᠹᠸᠩ ᠣᠷᠣᠨ᠂ ᠭᠤᠸᠠᠩᠰᠢ᠎ᠶ᠋ᠢᠨ ᠵᠤᠸᠠᠩ ᠦᠨᠲᠦᠰᠦᠲᠡᠨ᠎ᠤ ᠦᠪᠡᠷᠲᠡᠬᠡᠨ ᠵᠠᠰᠠᠬᠤ ᠤᠷᠤᠨ᠎ᠤ ᠪᠸᠢ ᠬᠠᠢ ᠬᠤᠲᠠ ᠂ ᠬᠤᠨᠠᠨ ᠮᠤᠵᠢ᠎ᠶ᠋ᠢᠨ ᠱᠤᠤ ᠶᠠᠩ ᠬᠤᠲᠠ᠎ᠶ᠋ᠢᠨ ᠰᠦᠢ ᠨᠢᠩ ᠱᠢᠶᠠᠨ ᠂ ᠱᠠᠨᠳᠦ᠋ᠩ ᠮᠤᠵᠢ᠎ᠶ᠋ᠢᠨ ᠷᠦᠱᠠᠨ ᠬᠤᠲᠠ᠂ ᠵᠧᠵᠢᠶᠠᠩ ᠮᠤᠵᠢ ᠶ᠋ᠢᠨ ᠸᠸᠨᠵᠸᠦ ᠬᠤᠲᠠ ᠶ᠋ᠢᠨ ᠼᠠᠩ ᠨᠠᠨ ᠱᠢᠶᠠᠨ ᠵᠡᠷᠬᠡ ᠪᠤᠯᠤᠨ᠎ᠠ ᠃
ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶ᠋ᠢᠨ ᠶᠠᠮᠤᠨ᠎ᠤ ᠱᠢᠨᠵᠢᠯᠡᠬᠦ᠌ ᠤᠬᠠᠭᠠᠨ᠎ᠤ ᠮᠡᠳᠡᠭᠡ ᠵᠠᠩᠭᠢ᠎ᠶ᠋ᠢᠨ ᠵᠤᠷᠭᠠᠨ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠳᠠᠮᠵᠢᠭᠤᠯᠬᠤ ᠵᠤᠷᠭᠠᠨ ᠤᠯᠤᠰ᠎ᠤᠨ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ ᠪᠠ ᠲᠤᠰᠭᠠᠶ ᠠᠵᠢᠯᠯᠠᠭ᠎ᠠ ᠥᠷᠨᠢᠭᠦᠯᠦᠭ᠌ᠰᠡᠨ ᠪᠠᠢᠳᠠᠯ᠎ᠢ ᠲᠠᠨᠢᠯᠴᠠᠭᠤᠯᠵᠤ᠂ ᠶᠦᠨᠨᠠᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠲᠤᠷᠱᠢᠯᠭ᠎ᠠ᠎ᠪᠠᠨ ᠬᠤᠪᠢᠶᠠᠯᠴᠠᠵᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠷᠠᠳᠢᠣ᠋ ᠲᠧᠯᠸᠢᠰ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ᠎ᠬᠢᠨ 《ᠤᠯᠤᠰ᠎ᠤᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠱᠢᠰᠲ᠋ᠧᠮ᠎ᠤᠨ ᠶᠡᠷᠦᠩᠬᠡᠶ ᠲᠥᠰᠦᠯ》 ᠳᠤ ᠲᠠᠢᠯᠤᠮᠵᠢ ᠬᠢᠵᠦ᠍᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠥᠪ᠎ᠠᠴᠠ 《 〈 ᠷᠠᠳᠢᠣ᠋ ᠲᠧᠯᠸᠢᠰ᠎ᠤᠨ ᠠᠮᠤᠷ ᠲᠦᠪᠱᠢᠨ᠎ᠤ ᠨᠡᠪᠲᠡᠷᠡᠭᠦᠯᠭᠡ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠭᠠᠯ 〉᠎ᠤᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢ ᠬᠡᠷᠡᠭ᠌ᠵᠢᠭᠦᠯᠬᠦ᠌ ᠨᠠᠷᠢᠨ ᠲᠦᠷᠢᠮ (ᠲᠤᠷᠱᠢᠨ ᠬᠡᠷᠡᠭ᠌ᠵᠢᠭᠦᠯᠬᠦ᠌)》᠎ᠢ ᠲᠠᠢᠯᠪᠤᠷᠢᠯᠠᠪᠠ᠃ ᠬᠤᠷᠠᠯ᠎ᠠᠴᠠ ᠶᠦᠨᠨᠠᠨ ᠮᠤᠵᠢ᠎ᠶ᠋ᠢᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠵᠢᠯᠣᠭᠤᠳᠤᠨ ᠲᠤᠬᠢᠷᠠᠭᠤᠯᠬᠤ ᠲᠥᠪ᠂ ᠬᠤᠩ ᠾᠧ ᠵᠸᠤ᠎ᠶ᠋ᠢᠨ ᠮᠠᠢᠷᠠᠯ ᠬᠤᠳᠠ᠎ᠶ᠋ᠢᠨ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠵᠢᠯᠣᠭᠤᠳᠤᠨ ᠲᠤᠬᠢᠷᠠᠭᠤᠯᠬᠤ ᠲᠥᠪ᠂ ᠬᠤᠩ ᠾᠧ ᠵᠸᠤ᠎ᠶ᠋ᠢᠨ ᠮᠡᠢᠷᠡᠯ ᠬᠤᠳᠠ᠎ᠶ᠋ᠢᠨ ᠴᠠᠭ ᠠᠭᠤᠷ᠎ᠤᠨ ᠲᠤᠪᠴᠢᠶ᠎ᠠ᠂ ᠬᠤᠩ ᠾᠧ ᠵᠸᠤ᠎ᠶ᠋ᠢᠨ ᠮᠢᠯᠧᠷ ᠬᠤᠳᠠ᠎ᠶ᠋ᠢᠨ ᠰᠢ ᠰᠠᠨ ᠪᠠᠯᠭᠠᠰᠤ᠂ ᠬᠤᠩ ᠾᠧ ᠵᠸᠤ᠎ᠶ᠋ᠢᠨ ᠮᠢᠯᠧᠷ ᠬᠤᠳᠠ᠎ᠶ᠋ᠢᠨ ᠰᠢ ᠰᠠᠨ ᠵᠧᠨ ᠮᠠ ᠢ ᠲᠣᠰᠭᠤᠨ᠎ᠳᠤ ᠬᠦᠷᠴᠦ᠍ ᠲᠤᠬᠠᠢ᠎ᠶ᠋ᠢᠨ ᠲᠠᠯᠠᠪᠠᠢ᠎ᠶ᠋ᠢᠨ ᠪᠠᠢᠴᠠᠭᠠᠨ ᠰᠤᠳᠤᠯᠤᠯᠲᠠ ᠬᠢᠵᠡᠢ᠃ ᠡᠳ᠋᠎ᠤᠨ ᠵᠠᠰᠠᠭ᠎ᠤᠨ ᠶᠠᠮᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶ᠋ᠢᠨ ᠶᠠᠮᠤᠨ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠂ ᠳᠤᠮᠳᠠᠳᠤ ᠤᠯᠤᠰ᠎ᠤᠨ ᠭᠠᠵᠠᠷ ᠬᠥᠳᠡᠯᠦᠯᠲᠡ᠎ᠶ᠋ᠢᠨ ᠲᠣᠪᠴᠢᠶ᠎ᠠ᠎ᠶ᠋ᠢᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠨᠦᠭᠦᠳ᠂ ᠪᠥᠬᠦ᠌ ᠤᠯᠤᠰ᠎ᠤᠨ ᠡᠯ᠎ᠡ ᠮᠤᠵᠢ (ᠣᠷᠣᠨ᠂ ᠬᠤᠲᠠ)᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠠᠮᠢᠶ᠎ᠠ ᠪᠥᠬᠦᠶ ᠵᠤᠷᠭᠠᠨ ᠲᠣᠪᠴᠢᠶ᠎ᠠ ᠪᠣᠯᠤᠨ ᠱᠢᠭᠤᠳ ᠬᠠᠷᠢᠶ᠎ᠠ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠵᠠᠶ᠃