ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠶᠠᠫᠣᠨ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢ ᠳᠤᠷᠠᠰᠭᠠᠬᠤ ᠭᠤᠤᠯᠳᠠᠯᠭ᠎ᠠ᠎ᠲᠠᠢ ᠲᠧᠯᠸᠢᠰ ᠵᠦᠴᠦᠭᠡ᠎ᠶ᠋ᠢᠨ ᠵᠣᠬᠢᠶᠠᠨ ᠪᠦᠲᠦᠭᠡᠯᠭᠡ᠎ᠶ᠋ᠢᠨ ᠶᠠᠷᠢᠯᠴᠠᠬᠤ ᠬᠤᠷᠠᠯ ᠎ᠢ ᠬᠤᠷᠠᠯᠳᠤᠭᠤᠯᠪᠠ
2025-10-22

10 ᠳ᠋ᠤᠭᠠᠷ ᠰᠠᠷ᠎ᠠ᠎ᠶ᠋ᠢᠨ 17᠎ᠤ ᠡᠳᠦᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠳᠤᠮᠳᠠᠳᠤ ᠤᠯᠤᠰ᠎ᠤᠨ ᠲᠧᠯᠸᠢᠰ ᠤᠷᠠᠯᠢᠭ᠎ᠤᠨ ᠵᠥᠪᠯᠡᠯ ᠪᠣᠯᠤᠨ ᠳᠤᠮᠳᠠᠳᠤ ᠤᠯᠤᠰ᠎ᠤᠨ ᠲᠧᠯᠸᠢᠰ ᠤᠷᠠᠯᠢᠭ᠎ᠤᠨ ᠰᠣᠯᠢᠯᠴᠠᠭᠠᠨ᠎ᠤ ᠨᠡᠢᠭᠡᠮᠯᠢᠭ᠎ᠤᠨ ᠳᠠᠭᠠᠭᠠᠴᠢᠯᠠᠨ ᠡᠷᠭᠢᠯᠡᠭ᠌ᠰᠡᠨ ᠶᠠᠫᠣᠨ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢ ᠳᠤᠷᠠᠰᠭᠠᠬᠤ ᠭᠤᠤᠯᠳᠠᠯᠭ᠎ᠠ᠎ᠲᠠᠢ ᠲᠧᠯᠸᠢᠰ ᠵᠦᠴᠦᠭᠡ ᠵᠣᠬᠢᠶᠠᠨ ᠪᠦᠲᠦᠭᠡᠬᠦ᠌ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂  ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠳᠤ ᠣᠷᠣᠯᠴᠠᠭ᠍ᠰᠠᠳ 《ᠮᠠᠨ᠎ᠤ ᠨᠤᠲᠤᠭ ᠳᠡᠪᠢᠰᠭᠡᠷ》᠂ 《ᠴᠡᠷᠢᠭ ᠠᠩᠭᠢ᠎ᠳᠠᠭᠠᠨ ᠪᠤᠴᠠᠬᠤ》᠂ 《ᠪᠡᠬᠢᠯᠡᠯᠲᠡ》᠎ᠶ᠋ᠢᠨ ᠵᠣᠬᠢᠶᠠᠨ ᠪᠦᠲᠦᠭᠡᠯᠲᠡ ᠨᠡᠪᠲᠡᠷᠡᠭᠦᠯᠭᠡ᠎ᠶ᠋ᠢᠨ ᠠᠵᠢᠯ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠵᠠᠭᠠᠪᠠ᠃ ᠦᠢᠯᠡᠳᠬᠦ᠌ ᠪᠠᠢᠭᠤᠯᠤᠮᠵᠢ ᠪᠣᠯᠤᠨ ᠨᠡᠪᠲᠡᠷᠡᠭᠦᠯᠬᠦ᠌ ᠲᠠᠪᠴᠠᠩ᠎ᠤᠨ ᠲᠥᠯᠥᠭᠡᠯᠡᠭ᠌ᠴᠢ ᠵᠦᠴᠦᠭᠡ᠎ᠶ᠋ᠢᠨ ᠵᠣᠬᠢᠶᠠᠨ ᠪᠦᠲᠦᠭᠡᠭ᠌ᠰᠡᠨ ᠶᠠᠪᠤᠴᠠ᠂ ᠨᠡᠪᠲᠡᠷᠡᠭᠦᠯᠦᠭ᠌ᠰᠡᠨ ᠪᠠᠢᠳᠠᠯ᠎ᠢ ᠲᠠᠨᠢᠯᠴᠠᠭᠣᠯᠣᠨ᠂ ᠭᠣᠣᠯᠯᠠᠨ ᠪᠦᠲᠡᠭᠡᠭ᠌ᠴᠢᠳ ᠪᠠ ᠲᠣᠭ᠍ᠯᠠᠭ᠍ᠴᠢᠳ᠎ᠤᠨ ᠲᠥᠯᠥᠭᠡᠯᠡᠭ᠌ᠴᠢ ᠵᠣᠬᠢᠶᠠᠨ ᠪᠦᠲᠦᠭᠡᠭ᠌ᠰᠡᠨ ᠲᠥᠷᠥᠭ᠌ᠳᠡᠯ᠎ᠢᠶᠠᠨ ᠬᠤᠪᠢᠶᠠᠯᠴᠠᠪᠠ᠃ ᠣᠯᠠᠨ ᠲᠤᠰᠭᠠᠢ ᠮᠡᠷᠭᠡᠵᠢᠯᠲᠡᠨ ᠠᠳᠠᠯᠢ ᠪᠤᠰᠤ ᠬᠠᠷᠠᠭᠠᠰᠤ᠎ᠠ᠋ᠴᠠ ᠵᠦᠴᠦᠭᠡ᠎ᠶᠢᠨ ᠭᠢᠯᠠᠰ ᠴᠡᠭ᠎ᠢ᠋ ᠵᠠᠳᠠᠯᠤᠨ ᠱᠢᠨᠵᠢᠯᠡᠵᠤ ᠂ ᠵᠣᠬᠢᠶᠠᠨ ᠪᠦᠲᠦᠭᠡᠯᠲᠡ᠎ᠶ᠋ᠢᠨ ᠲᠣᠷᠱᠢᠯᠭ᠎ᠠ᠎ᠪᠠᠨ ᠳ᠋ᠦᠩᠨᠡᠨ᠂ ᠡᠳᠡᠭᠡᠷ ᠵᠦᠴᠦᠭᠡ ᠨᠢ ᠰᠡᠳᠦᠪ ᠂ ᠠᠭᠤᠯᠭ᠎ᠠ ᠂ ᠭᠤᠸ᠎ᠠ ᠰᠠᠢᠬᠠᠨ ᠂ ᠲᠧᠭ᠌ᠨᠢᠭ ᠮᠡᠷᠭᠡᠵᠢᠯ ᠵᠡᠷᠭᠡ ᠲᠠᠯ᠎ᠠ᠎ᠪᠠᠷ ᠬᠠᠢᠨ ᠰᠦᠪᠡᠭ᠌ᠴᠢᠯᠡᠵᠦ᠍ ᠱᠢᠨ᠎ᠡ᠎ᠶ᠋ᠢ ᠡᠭᠦᠳᠴᠦ᠍ ᠂ ᠲᠡᠦᠬᠡ᠎ᠶᠢᠨ ᠦᠨᠡᠨ ᠪᠣᠳᠠᠲᠠᠢ ᠪᠠ ᠤᠷᠠᠯᠢᠭ᠎ᠤ᠋ᠨ ᠦᠨᠡᠨ ᠪᠣᠳᠠᠲᠠᠢ ᠎ᠶᠢ ᠪᠦᠷᠢᠨ ᠲᠡᠭᠦᠯᠳᠡᠷ ᠤᠶᠠᠯᠳᠤᠭᠤᠯᠵᠤ ᠂ ᠱᠢᠨ᠎ᠡ ᠲᠡᠦᠬᠡ᠎ᠶᠢᠨ ᠬᠠᠷᠠᠴᠠ ᠪᠠ ᠥᠷᠲᠡᠭ᠎ᠦ᠋ᠨ ᠠᠭᠤᠯᠤᠭ᠍ᠳᠠᠬᠤᠨ᠎ᠢ᠋ ᠢᠯᠡᠷᠡᠭᠦᠯᠵᠦ᠍ ᠂ ᠳᠤᠮᠳᠠᠳᠤ ᠤᠯᠤᠰ᠎ᠤ᠋ᠨ ᠡᠪ ᠬᠠᠮᠲᠤ ᠨᠠᠮ᠎ᠤ᠋ᠨ ᠪᠦᠬᠦ᠌ ᠦᠨᠳᠦᠰᠦᠲᠡᠨ᠎ᠦ᠌ ᠶᠠᠫᠣᠨ᠎ᠢ᠋ ᠡᠰᠡᠷᠭᠦᠴᠡᠬᠦ᠌ ᠲᠡᠢᠨ ᠳᠤᠮᠳᠠᠬᠢ ᠭᠣᠣᠯ ᠲᠤᠯᠭᠠᠭᠤᠷᠢ ᠎ᠶ᠋ᠢᠨ ᠦᠢᠯᠡᠳᠦᠯ᠎ᠢ᠋ ᠭᠦᠨᠵᠡᠭᠡᠢ ᠲᠣᠳᠣᠷᠬᠠᠢᠯᠠᠵᠤ᠂ ᠶᠠᠫᠣᠨ᠎ᠢ᠋ ᠡᠰᠡᠷᠭᠦᠴᠡᠬᠦ᠌ ᠲᠡᠢᠨ ᠶᠠᠭᠠᠬᠢᠭᠠᠳ ᠢᠯᠠᠯᠲᠠ ᠣᠯᠵᠤ ᠴᠢᠳᠠᠬᠤ ᠪᠣᠢ ᠭᠡᠳᠡᠭ ᠡᠨᠡ ᠬᠦ᠌ ᠦᠨᠳᠦᠰᠦᠨ ᠠᠰᠠᠭᠤᠳᠠᠯ᠎ᠳ᠋ᠤ ᠠᠮᠢᠳᠤᠯᠢᠭ ᠬᠠᠷᠢᠭᠤᠯᠲᠠ ᠥᠭ᠌ᠴᠦ ᠂ ᠬᠤᠪᠢᠰᠭᠠᠯ᠎ᠤ᠋ᠨ ᠲᠡᠦᠬᠡ᠎ᠶᠢᠨ ᠰᠡᠳᠦᠪᠲᠦ ᠲᠧᠯᠸᠢᠰ ᠵᠦᠴᠦᠭᠡ᠎ᠶᠢᠨ ᠱᠢᠨ᠎ᠡ ᠱᠢᠪᠲᠤᠯᠤᠯᠲᠠ᠎ᠶᠢ ᠪᠡᠶᠡᠯᠡᠭᠦᠯᠵᠡᠢ ᠃ ᠡᠳᠡᠭᠡᠷ ᠵᠦᠴᠦᠭᠡ ᠎ᠶ᠋ᠢᠨ ᠮᠡᠨᠳᠦᠯᠡᠭ᠌ᠰᠡᠨ ᠎ᠨᠢ ᠬᠠᠮᠢᠶᠠᠷᠤᠯᠳᠠ᠎ᠶ᠋ᠢᠨ ᠰᠠᠯᠠᠭ᠎ᠠ ᠮᠦᠴᠢᠷ᠎ᠤᠨ ᠨᠠᠷᠢᠨ ᠨᠢᠮᠪᠠᠢ ᠵᠤᠬᠢᠶᠠᠨ ᠪᠠᠢᠭᠤᠯᠤᠨ ᠬᠦᠳᠦᠯᠦᠨ ᠵᠢᠯᠤᠭᠤᠳᠤᠭ᠍ᠰᠠᠨ᠂ ᠭᠤᠤᠯ ᠵᠤᠬᠢᠶᠠᠨ ᠪᠦᠳᠦᠭᠡᠬᠦ᠌ ᠪᠦᠯᠬᠦᠮ ᠨᠡᠢᠲᠡ ᠬᠢᠭᠡᠳ ᠦᠢᠯᠡᠳᠬᠦ᠌ ᠪᠠᠢᠭᠤᠯᠤᠮᠵᠢ᠎ᠶ᠋ᠢᠨ ᠬᠠᠷᠢᠭᠤᠴᠠᠯᠭ᠎ᠠ ᠎ᠪᠠᠨ ᠡᠭᠦᠷᠭᠡᠯᠡᠭ᠌ᠰᠡᠨ ᠪᠠ ᠨᠢᠭ᠍ᠲᠠ᠎ᠠᠴᠠ ᠨᠢᠭ᠍ᠲᠠ ᠠᠵᠢᠯᠯᠠᠭ᠍ᠰᠠᠨ ᠡᠴᠡ ᠰᠠᠯᠵᠤ ᠴᠢᠳᠠᠬᠤ ᠦᠭᠡᠢ᠂ ᠵᠠᠰᠠᠭ᠎ᠤᠨ ᠤᠷᠳᠤᠨ ᠪᠣᠯᠣᠨ ᠪᠦᠳᠦᠮᠵᠢᠲᠠᠢ ᠵᠠᠬ᠎ᠠ ᠳᠡᠯᠭᠡᠭᠦᠷ᠎ᠢ ᠤᠶᠠᠯᠳᠤᠭᠤᠯᠤᠭ᠍ᠰᠠᠨ ᠠᠮᠵᠢᠯᠳᠠ᠎ᠲᠠᠢ ᠦᠢᠯᠡᠳᠦᠯᠭᠡ ᠪᠣᠯᠣᠨ᠎ᠠ᠃

ᠬᠤᠷᠠᠯ᠎ᠠᠴᠠ᠂ 《ᠮᠠᠨ᠎ᠤ ᠨᠤᠲᠤᠭ ᠳᠡᠪᠢᠰᠭᠡᠷ》᠂ 《ᠴᠡᠷᠢᠭ ᠠᠩᠭᠢ᠎ᠳᠠᠭᠠᠨ ᠪᠣᠴᠠᠬᠣ》᠂ 《ᠪᠡᠬᠢᠯᠡᠯᠲᠡ》 ᠵᠡᠷᠭᠡ ᠶᠠᠫᠣᠨ᠎ᠢ ᠡᠰᠡᠷᠭᠦᠴᠡᠬᠦ᠌ ᠳᠠᠢᠨ᠎ᠤ ᠰᠡᠳᠦᠪᠲᠦ ᠭᠤᠣᠯᠳᠠᠯᠭ᠎ᠠ᠎ᠲᠠᠢ ᠲᠧᠯᠸᠢᠰ ᠵᠦᠴᠦᠭᠡ᠎ᠨᠢ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠦᠢᠯᠡᠳᠦᠯᠭᠡᠵᠢᠭᠦᠯᠵᠦ᠍᠂ ᠵᠥᠪ ᠣᠨᠣᠪᠴᠢᠲᠠᠶ ᠶᠠᠫᠣᠨ᠎ᠢ ᠡᠰᠡᠷᠭᠦᠴᠡᠬᠦ᠌ ᠲᠠᠢᠨ᠎ᠤ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠵᠣᠬᠢᠶᠠᠨ ᠪᠦᠲᠦᠭᠡᠬᠦ᠌ ᠬᠦᠴᠦᠨ ᠴᠢᠳᠠᠯ ᠪᠣᠯᠭᠠᠨ ᠬᠤᠪᠢᠷᠠᠭᠤᠯᠵᠤ᠂ ᠴᠡᠭᠡᠨ ᠭᠡᠷᠡᠯ᠎ᠦᠨ ᠳᠡᠯᠭᠡᠴᠡ᠎ᠶ᠋ᠢᠨ ᠦᠪᠡᠳᠡᠭ᠌ᠰᠢ ᠨᠠᠢᠷ᠎ᠢ ᠪᠠᠢᠭᠤᠯᠵᠠᠢ᠃ ᠲᠧᠯᠸᠢᠰ ᠵᠦᠴᠦᠭᠡ᠎ᠶ᠋ᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠎ᠶ᠋ᠢ ᠠᠬᠢᠭᠤᠯᠬᠤ᠎ᠳᠤ᠂ ᠨᠢᠭᠡ᠎ᠳᠤ᠂ ᠰᠢ᠎ᠶ᠋ᠢᠨ ᠫᠢᠩ᠎ᠤᠨ ᠰᠣᠶᠣᠯ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠵᠥᠪ ᠣᠨᠣᠪᠴᠢᠲᠠᠶ ᠤᠯᠤᠰ ᠲᠦᠷᠦ᠍᠎ᠶ᠋ᠢᠨ ᠴᠢᠭ᠌ᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠦᠷᠳᠡᠭ᠎ᠤᠨ ᠬᠠᠨᠳᠤᠰᠢ᠎ᠶ᠋ᠢ ᠪᠠᠲᠤ ᠡᠵᠡᠮᠳᠡᠬᠦ᠌ ᠬᠡᠷᠡᠭ᠌ᠲᠡᠢ᠃ ᠰᠣᠶᠣᠯ᠎ᠤᠨ ᠬᠦᠴᠦᠷᠬᠡᠭ ᠤᠯᠤᠰ᠎ᠢ ᠪᠠᠢᠭᠤᠯᠬᠤ ᠦᠨᠳᠦᠷᠴᠡ᠎ᠠᠴᠠ ᠲᠧᠯᠸᠢᠰ ᠵᠦᠴᠦᠭᠡ ᠵᠣᠬᠢᠶᠠᠨ ᠪᠦᠲᠦᠭᠡᠬᠦ᠌ ᠠᠵᠢᠯ᠎ᠢ ᠲᠠᠨᠢᠵᠤ᠂ ᠰᠣᠶᠣᠯ᠎ᠤᠨ ᠹᠷᠣᠨᠲ᠎ᠤᠨ ᠳᠠᠭᠠᠭᠤᠯᠤᠭ᠍ᠴᠢ ᠪᠣᠯᠬᠤ᠎ᠪᠠᠷ ᠴᠢᠷᠮᠠᠢᠵᠤ᠂ ᠲᠡᠦᠬᠡ᠎ᠶ᠋ᠢᠨ ᠪᠣᠳᠠᠰᠴᠢ ᠦᠵᠡᠯᠲᠡ᠎ᠶ᠋ᠢ ᠪᠠᠷᠢᠮᠲᠠᠯᠠᠵᠤ᠂ ᠲᠡᠦᠬᠡ᠎ᠶ᠋ᠢᠨ ᠦᠭᠡᠢᠰᠭᠡᠬᠦ᠌ ᠦᠵᠡᠯ᠎ᠢ ᠡᠰᠡᠷᠭᠦᠴᠡᠵᠦ᠍᠂ ᠰᠣᠳᠣᠨ ᠪᠦᠲᠦᠭᠡᠯᠭᠡ᠎ᠪᠠᠷ ᠦᠨᠡᠨ ᠰᠠᠢᠨ ᠰᠠᠢᠬᠠᠨ᠎ᠢ ᠳᠠᠮᠵᠢᠭᠤᠯᠵᠤ᠂ ᠭᠤᠣᠯ ᠤᠷᠤᠰᠭᠠᠯ᠎ᠤᠨ ᠦᠷᠳᠡᠭ᠎ᠢ ᠳᠠᠮᠵᠢᠭᠤᠯᠬᠤ ᠬᠡᠷᠡᠭ᠌ᠲᠡᠢ᠃ ᠬᠤᠶᠠᠷ᠎ᠲᠤ᠌᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠤ ᠲᠥᠯᠥᠭᠡ ᠣᠶᠠᠩᠭᠠᠯᠠᠨ ᠪᠢᠴᠢᠵᠦ᠍᠂ ᠠᠷᠠᠳ ᠲᠦᠮᠡᠨ᠎ᠤ ᠲᠥᠯᠥᠭᠡ ᠤᠶᠠᠩᠭᠠᠯᠠᠵᠤ᠂ ᠠᠷᠠᠳ ᠲᠦᠮᠡᠨ᠎ᠤ ᠲᠥᠯᠥᠭᠡ ᠰᠡᠳᠭᠢᠯᠭᠡ ᠪᠠᠨ ᠢᠯᠡᠳᠭᠡᠬᠦ᠌ ᠬᠡᠷᠡᠭ᠌ᠲᠡᠢ᠃ ᠡᠩ᠎ᠤᠨ ᠬᠥᠮᠦᠨ᠎ᠤ ᠦᠯᠢᠭᠡᠷ᠂ ᠥᠴᠥᠬᠡᠨ ᠬᠥᠮᠦᠨ᠎ᠤ ᠬᠤᠪᠢ ᠵᠠᠶᠠᠭ᠎ᠠ᠎ᠶ᠋ᠢ ᠶᠠᠷᠢᠵᠤ᠂ ᠠᠷᠠᠳ ᠲᠦᠮᠡᠨ᠎ᠢ ᠰᠡᠳᠭᠢᠯ ᠵᠢᠷᠦᠬᠡᠨ᠎ᠳᠤ᠎ᠪᠠᠨ ᠴᠠᠭ ᠢᠮᠠᠭ᠍ᠲᠠ ᠪᠣᠳᠣᠵᠤ᠂ ᠪᠦᠲᠦᠭᠡᠯ᠎ᠢᠶᠠᠷ ᠣᠯᠠᠨ ᠲᠦᠮᠡᠨ᠎ᠢ ᠡᠯᠪᠡᠭ ᠪᠠᠶᠠᠯᠢᠭ᠂ ᠠᠮᠢᠳᠤᠯᠢᠭ᠎ᠢᠶᠠᠷ ᠢᠯᠡᠷᠡᠭᠦᠯᠵᠦ᠍᠂ ᠠᠷᠠᠳ ᠤᠯᠠᠨ᠎ᠢ ᠢᠮᠠᠭ᠍ᠲᠠ ᠮᠠᠨ᠎ᠤ ᠵᠦᠴᠦᠭᠡ᠎ᠶ᠋ᠢᠨ ᠵᠣᠬᠢᠶᠠᠭ᠍ᠴᠢ᠂ ᠵᠦᠴᠦᠭᠡ᠎ᠶ᠋ᠢᠨ ᠳᠣᠲᠣᠷᠠᠬᠢ ᠬᠥᠮᠦᠨ ᠪᠣᠯᠭᠠᠬᠤ ᠬᠡᠷᠡᠭ᠌ᠲᠡᠶ᠃ ᠭᠤᠷᠪᠠ᠎ᠳᠤ᠂ ᠵᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠢᠮᠠᠭ᠍ᠲᠠ ᠪᠠᠷᠢᠮᠲᠠᠯᠠᠵᠤ᠂ ᠵᠣᠬᠢᠶᠠᠨ ᠪᠦᠲᠦᠭᠡᠯᠭᠡ᠎ᠪᠠᠨ ᠴᠢᠩᠭᠠᠳᠭᠠᠵᠤ᠂ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠵᠣᠬᠢᠶᠠᠨ ᠪᠦᠲᠦᠭᠡᠭ᠌ᠴᠢ ᠵᠣᠷᠢᠭ᠍ᠲᠠᠶ᠎ᠪᠠᠷ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠵᠣᠬᠢᠶᠠᠨ ᠪᠦᠲᠦᠭᠡᠬᠦ᠌ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠬᠦ᠌᠎ᠶ᠋ᠢ ᠠᠮᠢᠨ ᠰᠤᠳᠠᠰᠤ ᠪᠣᠯᠭᠠᠵᠤ᠂ ᠨᠠᠷᠢᠨ ᠵᠦᠢᠯᠡᠰ᠂ ᠰᠡᠳᠭᠢᠯᠭᠡ᠂ ᠯᠣᠭᠢᠭ᠎ᠢᠶᠡᠨ ᠰᠠᠢᠲᠤᠷ ᠡᠵᠡᠮᠳᠡᠵᠦ᠍᠂ ᠰᠠᠢᠨ ᠵᠦᠴᠦᠭᠡ᠎ᠶ᠋ᠢ ᠪᠢᠴᠢᠵᠦ᠍᠂ ᠰᠠᠢᠨ ᠥᠯᠢᠭᠡᠷ᠎ᠢ ᠶᠠᠷᠢᠬᠤ ᠬᠡᠷᠡᠭ᠌ᠲᠡᠶ᠃ ᠲᠦᠷᠦ᠍᠎ᠶ᠋ᠢᠨ ᠪᠤᠳᠤᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠨᠡᠩ ᠱᠢᠯᠢᠳᠡᠭ ᠣᠷᠴᠢᠨ ᠲᠣᠭᠤᠷᠢᠨ᠎ᠢ ᠪᠤᠢ ᠪᠣᠯᠭᠠᠬᠤ ᠬᠡᠷᠡᠭ᠌ᠲᠡᠢ᠃ ᠲᠦᠷᠪᠡ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠬᠦᠴᠦᠨ ᠨᠡᠮᠡᠷᠢᠯᠡᠬᠦ᠌᠎ᠶ᠋ᠢ ᠴᠢᠩᠭᠠᠷᠠᠭᠣᠯᠵᠣ᠂ ᠰᠣᠶᠣᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭ᠌ᠲᠡᠢ᠃ ᠰᠣᠶᠣᠯ ᠬᠢᠭᠡᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠨᠢ  ᠢᠪᠡᠭᠡᠯ ᠠᠬᠢᠭᠤᠯᠤᠯ᠂ ᠱᠢᠨ᠎ᠡ ᠮᠡᠷᠭᠡᠵᠢᠯ᠎ᠢ ᠢᠳᠡᠪᠬᠢᠲᠡᠢ ᠬᠡᠷᠡᠭ᠌ᠯᠡᠵᠦ᠍᠂ ᠱᠢᠨ᠎ᠡ  ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢᠶᠠᠷ ᠰᠣᠶᠣᠯ᠎ᠤᠨ ᠤᠯᠠᠮᠵᠢᠯᠠᠯ᠂ ᠤᠳᠭ᠎ᠠ ᠤᠷᠠᠯᠢᠭ᠎ᠤᠨ ᠱᠢᠨ᠎ᠡ ᠶ᠋ᠢ ᠡᠭᠦᠳᠬᠦ᠌᠎ᠶ᠋ᠢ ᠠᠬᠢᠭᠤᠯᠵᠤ᠂ ᠰᠣᠳᠣᠨ ᠵᠣᠬᠢᠶᠠᠨ ᠪᠦᠲᠦᠭᠡᠯᠭᠡ᠎ᠳᠤ ᠱᠢᠨ᠎ᠡ ᠣᠢᠯᠠᠭᠠᠭ᠍ᠳᠠᠬᠤᠨ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠵᠢᠭᠠᠨ ᠭᠠᠷᠭᠠᠪᠠ᠃

ᠲᠥᠪ᠎ᠤᠨ ᠤᠬᠠᠭᠤᠯᠬᠤ ᠬᠡᠯᠲᠡᠰ᠎ᠤᠨ ᠤᠳᠭ᠎ᠠ ᠤᠷᠠᠯᠢᠭ᠎ᠤᠨ ᠲᠣᠪᠴᠢᠶ᠎ᠠ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠠᠮᠢᠶ᠎ᠠ ᠪᠥᠬᠦᠶ ᠵᠤᠷᠭᠠᠨ ᠲᠣᠪᠴᠢᠶ᠎ᠠ ᠪᠣᠯᠤᠨ ᠱᠢᠭᠤᠳ ᠬᠠᠷᠢᠶ᠎ᠠ ᠨᠢᠭᠡᠴᠢ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠺᠢᠨᠣ᠋ ᠲᠧᠯᠸᠢᠰ ᠵᠦᠴᠦᠭᠡ ᠪᠠᠷᠢᠮᠲᠠᠲᠤ ᠺᠢᠨᠣ᠋᠎ᠶ᠋ᠢᠨ ᠲᠥᠪ᠂ ᠪᠡᠭᠡᠵᠢᠩ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠂ ᠬᠤᠲᠠ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠱᠠᠨᠳᠦ᠋ᠩ ᠮᠤᠵᠢ᠎ᠶ᠋ᠢᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠂ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠭᠤᠸᠠᠩᠰᠢ᠎ᠶ᠋ᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ ᠨᠢᠭᠡᠴᠢ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠭᠣᠣᠯᠯᠠᠨ ᠪᠦᠲᠡᠭᠡᠭ᠌ᠴᠢᠳ᠂ ᠣᠢᠯᠡᠳᠴᠦ᠍ ᠨᠡᠪᠲᠡᠷᠡᠭᠦᠯᠬᠦ᠌ ᠪᠠᠢᠭᠤᠯᠤᠮᠵᠢ᠂ ᠲᠤᠰᠭᠠᠶ ᠮᠡᠷᠭᠡᠵᠢᠯᠲᠡᠨ᠂ ᠵᠠᠭᠤᠴᠢᠯᠠᠭᠤᠷ᠎ᠤᠨ ᠲᠥᠯᠥᠭᠡᠯᠡᠭ᠌ᠴᠢ ᠬᠤᠷᠠᠯ᠎ᠳᠤ ᠣᠷᠣᠯᠴᠠᠪᠠ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ