ᠳᠤᠮᠳᠠᠳᠤ ᠤᠷᠤᠰ᠎ᠤᠨ ᠬᠦᠮᠦᠨ ᠰᠣᠶᠣᠯ᠎ᠤᠨ ᠬᠠᠮᠲᠤᠷᠠᠯᠴᠠᠭᠠᠨ᠎ᠤ ᠵᠥᠪᠯᠡᠯ ᠎ᠤᠨ ᠵᠠᠭᠤᠴᠢᠯᠠᠭᠤᠷ ᠎ᠤᠨ ᠬᠠᠮᠲᠤᠷᠠᠯᠴᠠᠭᠠᠨ᠎ᠤ ᠬᠤᠪᠢᠶᠠᠷᠢ ᠵᠥᠪᠯᠡᠯ᠎ᠤᠨ ᠠᠷᠪᠠᠨ ᠨᠠᠢ᠍ᠮᠠᠳᠤᠭᠠᠷ ᠤᠳᠠᠭ᠎ᠠ᠎ᠶ᠋ᠢᠨ ᠬᠤᠷᠠᠯ ᠬᠤᠷᠠᠯᠳᠤᠪᠠ
2025-10-27

10 ᠳ᠋ᠤᠭᠠᠷ ᠰᠠᠷ᠎ᠠ᠎ᠶ᠋ᠢᠨ 20 ᠎ᠤ ᠡᠳᠦᠷ᠂ ᠳᠤᠮᠳᠠᠳᠤ ᠤᠷᠤᠰ᠎ᠤᠨ ᠬᠦᠮᠦᠨ ᠰᠣᠶᠣᠯ᠎ᠤᠨ ᠬᠠᠮᠲᠤᠷᠠᠯᠴᠠᠭᠠᠨ᠎ᠤ ᠵᠥᠪᠯᠡᠯ᠎ᠤᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠬᠤᠪᠢᠶᠠᠷᠢ ᠵᠥᠪᠯᠡᠯ᠎ᠤᠨ ᠠᠷᠪᠠᠨ ᠨᠠᠢ᠍ᠮᠠᠳᠤᠭᠠᠷ ᠤᠳᠠᠭ᠎ᠠ᠎ᠶ᠋ᠢᠨ ᠬᠤᠷᠠᠯ ᠰᠦᠯᠵᠢᠶᠡᠨ ᠳᠡᠭᠡᠷᠡᠬᠢ ᠬᠡᠯᠪᠡᠷᠢ᠎ᠪᠠᠷ ᠬᠤᠷᠠᠯᠳᠤᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠳᠡᠳ᠋ ᠳᠠᠷᠤᠭ᠎ᠠ ᠳ᠋ᠦᠩ ᠱᠢᠨ ᠪᠣᠯᠤᠨ ᠣᠷᠣᠰ᠎ᠤᠨ ᠳ᠋ᠢᠭᠢᠲᠴᠢᠯᠡᠭ᠌ᠰᠡᠨ ᠬᠥᠭ᠌ᠵᠢᠯᠲᠡ᠎ᠶ᠋ᠢᠨ ᠴᠢᠮᠡᠭᠡ ᠬᠤᠯᠪᠣᠭ᠎ᠠ ᠪᠠ ᠣᠯᠠᠨ ᠲᠦᠮᠡᠨᠴᠢ ᠵᠠᠭᠤᠴᠢᠯᠠᠭᠤᠷ᠎ᠤᠨ ᠬᠡᠯᠲᠡᠰ᠎ᠤᠨ ᠳᠡᠳ᠋ ᠳᠠᠷᠤᠭ᠎ᠠ ᠴᠢᠶᠧᠷᠺᠤᠰᠣᠸᠠ ᠬᠤᠷᠠᠯ᠎ᠳᠤ ᠣᠷᠣᠯᠴᠠᠭ᠍ᠰᠠᠨ ᠪᠥᠭᠡᠳ ᠭᠤᠤᠯ ᠵᠣᠷᠢᠯᠭᠠᠲᠤ ᠶᠠᠷᠢᠶ᠎ᠠ ᠲᠠᠯᠪᠢᠪᠠ᠃ ᠲᠥᠪ᠎ᠤᠨ ᠤᠬᠠᠭᠤᠯᠬᠤ ᠬᠡᠯᠲᠡᠰ᠂ ᠭᠠᠳᠠᠭᠠᠳᠤ ᠶᠠᠪᠤᠳᠠᠯ᠎ᠤᠨ ᠶᠠᠮᠤᠨ᠂ ᠠᠷᠠᠳ᠎ᠤᠨ ᠡᠳᠦᠷ᠎ᠤᠨ ᠰᠣᠨᠢᠨ᠂ ᠱᠢᠨᠬᠤᠸᠠ ᠬᠤᠷᠢᠶ᠎ᠠ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠬᠠᠷᠠᠮᠥ᠋ᠷᠡᠨ ᠪᠣᠯᠤᠨ ᠭᠢᠷᠢᠨ᠎ᠤ ᠬᠤᠯᠪᠣᠭ᠍ᠳᠠᠯ ᠪᠦᠬᠦᠢ ᠷᠠᠳᠢᠣ᠋ ᠲᠧᠯᠸᠢᠰ᠎ᠤᠨ ᠪᠠᠢᠭᠤᠯᠤᠮᠵᠢ ᠪᠠ ᠣᠷᠣᠰ᠎ᠤᠨ ᠭᠠᠳᠠᠭᠠᠳᠤ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠎ᠤᠨ ᠶᠠᠮᠤᠨ᠂ ᠣᠷᠣᠰ᠎ᠤᠨ ᠰᠣᠨᠢᠨ᠂ ᠲᠠᠰᠰ ᠬᠤᠷᠢᠶ᠎ᠠ᠂ ᠥᠨᠥᠳᠦᠷ᠎ᠤᠨ ᠣᠷᠣᠰ᠎ᠤᠨ ᠲᠧᠯᠸᠢᠰ ᠬᠤᠷᠢᠶ᠎ᠠ᠂ ᠪᠦᠬᠦ᠌ ᠣᠷᠣᠰ᠎ᠤᠨ ᠤᠯᠤᠰ᠎ᠤᠨ ᠷᠠᠳᠢᠣ᠋ ᠲᠧᠯᠸᠢᠰ᠎ᠤᠨ ᠺᠣᠮᠫᠠᠨᠢ ᠵᠡᠷᠭᠡ ᠬᠤᠶᠠᠷ ᠤᠯᠤᠰ᠎ᠤᠨ ᠬᠤᠯᠪᠣᠭ᠍ᠳᠠᠯ ᠪᠦᠬᠦᠢ ᠪᠠᠢᠭᠤᠯᠤᠮᠵᠢ᠂ ᠵᠠᠭᠤᠴᠢᠯᠠᠭᠤᠷ᠎ᠤᠨ ᠲᠥᠯᠥᠭᠡᠯᠡᠭ᠌ᠴᠢ 40 ᠭᠠᠷᠤᠶ ᠬᠥᠮᠦᠨ ᠬᠤᠷᠠᠯ᠎ᠳᠤ ᠣᠷᠣᠯᠴᠠᠪᠠ᠃

ᠬᠤᠷᠠᠯ᠎ᠠᠴᠠ᠂ ᠥᠩᠭᠡᠷᠡᠭ᠌ᠰᠡᠨ ᠨᠢᠭᠡ ᠵᠢᠯ᠎ᠳᠤ᠂ ᠳᠤᠮᠳᠠᠳᠤ ᠤᠷᠤᠰ᠎ᠤᠨ ᠵᠠᠭᠤᠴᠢᠯᠠᠭᠤᠷ᠎ᠤᠨ ᠰᠣᠯᠢᠯᠴᠠᠭ᠎ᠠ ᠦᠷᠭᠦᠯᠵᠢᠯᠡᠨ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠠᠨ ᠢᠯᠡᠷᠡᠭᠦᠯᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠷᠤᠰ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠵᠦ᠍᠂ ᠤᠯᠠᠨ ᠤᠯᠤᠰ᠎ᠤᠨ ᠶᠠᠷᠢᠶ᠎ᠠ ᠬᠡᠯᠡᠯᠴᠡᠭᠡᠨ᠎ᠤ ᠲᠠᠯᠠᠪᠠᠢ᠎ᠳᠤ ᠬᠠᠮᠲᠤ᠎ᠪᠠᠷ ᠲᠠᠭᠤ ᠭᠠᠷᠭᠠᠵᠤ᠂ ᠤᠯᠠᠨ ᠤᠯᠤᠰ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠢᠳᠡᠪᠬᠢᠲᠡᠢ ᠬᠠᠮᠠᠭᠠᠯᠠᠵᠤ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠱᠢᠰᠲ᠋ᠧᠮ᠎ᠤᠨ ᠥᠭᠡᠷᠡᠴᠢᠯᠡᠯᠲᠡ᠎ᠳᠤ ᠦᠢᠯᠡᠴᠢᠯᠡᠪᠡ᠃ ᠬᠤᠶᠠᠷ ᠲᠠᠯ᠎ᠠ᠎ᠪᠡᠷ᠎ᠢᠶᠠᠨ ᠰᠤᠨᠢᠨ᠎ᠤ ᠬᠤᠷᠢᠶ᠎ᠠ ᠪᠠ ᠴᠢᠮᠡᠬᠡᠯᠡᠯ᠎ᠤᠨ ᠬᠤᠷᠢᠶ᠎ᠠ᠂ ᠨᠤᠮ ᠪᠢᠴᠢᠭ ᠎ᠤᠨ ᠬᠡᠪᠯᠡᠯ᠂ ᠷᠠᠳᠢᠣ᠋ ᠲᠧᠯᠸᠢᠰ ᠪᠠ ᠰᠦᠯᠵᠢᠶᠡᠨ᠎ᠦ ᠦᠵᠡᠵᠦ᠍ ᠰᠣᠨᠤᠰᠭᠤ ᠵᠡᠷᠬᠡ ᠬᠦᠷᠢᠶᠡᠨ᠎ᠳᠤ ᠠᠮᠵᠢᠯᠲᠠ᠎ᠲᠠᠢ ᠰᠤᠯᠢᠯᠴᠠᠭ᠎ᠠ ᠬᠠᠮᠲᠤᠷᠠᠯᠴᠠᠭ᠎ᠠ ᠦᠷᠨᠢᠭᠦᠯᠵᠦ᠍᠂ ᠹᠠᠱ᠌ᠢᠰ᠎ᠢ ᠡᠰᠡᠷᠭᠦᠴᠡᠭᠦ᠌ ᠲᠠᠢᠨ ᠢᠯᠠᠯᠲᠠ ᠤᠯᠤᠭ᠍ᠰᠠᠨ 80 ᠵᠢᠯ᠎ᠤᠨ ᠤᠢ ᠵᠡᠷᠬᠡ ᠭᠤᠤᠯ ᠰᠡᠲᠦᠪ᠎ᠤᠨ ᠲᠤᠭᠤᠷᠢᠨ᠎ᠳᠤ ᠠᠯᠢ ᠤᠯᠠᠨ ᠰᠤᠳᠤᠨ ᠪᠦᠲᠦᠬᠡᠯ᠎ᠶ᠋ᠢᠡᠨ ᠬᠠᠮᠲᠤ᠎ᠪᠡᠷ ᠤᠬᠠᠭᠠᠯᠠᠨ ᠪᠦᠲᠦᠬᠡᠵᠡᠢ᠃ ᠬᠤᠶᠠᠷ ᠲᠠᠯ᠎ᠠ᠎ᠪᠠᠷ᠎ᠢᠶᠠᠨ 《ᠨᠢᠭᠡ ᠪᠦᠰᠡ ᠨᠢᠭᠡ ᠵᠠᠮ》 ᠎ᠤᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠥᠭᠦᠯᠡᠯ᠎ᠦᠨ ᠲᠠᠪᠴᠠᠩ᠂ 《ᠪᠦᠬᠦ᠌ ᠪᠥᠮᠪᠥᠷᠴᠡᠭ᠎ᠤᠨ ᠡᠮᠦᠨᠡᠲᠦ ᠣᠷᠣᠨ》᠎ᠤ ᠵᠠᠭᠤᠴᠢᠯᠠᠭᠤᠷ᠎ᠤᠨ ᠤᠶᠤᠨ᠎ᠤ ᠬᠥᠮᠥᠷᠭᠡ᠎ᠶ᠋ᠢᠨ ᠳᠡᠭᠡᠳᠦ ᠲᠡᠰ᠎ᠤᠨ ᠥᠭᠦᠯᠡᠯ᠎ᠦᠨ ᠲᠠᠪᠴᠠᠩ᠂ ᠳᠤᠮᠳᠠᠳᠤ ᠤᠷᠤᠰ᠎ᠤᠨ ᠦᠵᠡᠵᠦ᠍ ᠰᠣᠨᠣᠰᠭᠤ ᠭᠠᠷᠠᠭ ᠵᠡᠷᠭᠡ ᠨᠡᠷᠡᠲᠦ ᠲᠡᠮᠳᠡᠭ᠌ᠲᠦ᠎ᠶ᠋ᠢᠨ ᠠᠵᠢᠯᠯᠠᠭ᠎ᠠ᠎ᠶ᠋ᠢ ᠡᠷᠬᠢᠯᠡᠬᠦ᠌᠎ᠪᠠᠷ ᠳᠠᠮᠵᠢᠭᠤᠯᠵᠤ᠂ ᠳᠤᠮᠳᠠᠳᠤ ᠤᠷᠤᠰ᠎ᠤᠨ ᠨᠥᠬᠦᠷᠰᠡᠭ ᠬᠠᠷᠢᠯᠴᠠᠭ᠎ᠠ᠎ᠶ᠋ᠢ ᠬᠥᠭ᠌ᠵᠢᠭᠦᠯᠬᠦ᠌᠎ᠳᠤ ᠢᠳᠡᠪᠬᠢᠲᠡᠢ᠎ᠪᠠᠷ ᠬᠦᠴᠦᠨ ᠴᠢᠳᠠᠯ᠎ᠢᠶᠠᠨ ᠡᠷᠭᠦᠪᠡ ᠭᠡᠵᠦ᠍ ᠦᠵᠡᠪᠡ᠃

ᠬᠤᠷᠠᠯ᠎ᠠᠴᠠ ᠳᠠᠷᠠᠭ᠎ᠠ ᠨᠢᠭᠡ ᠵᠢᠯ᠎ᠤᠨ ᠠᠵᠢᠯ᠎ᠤᠨ ᠲᠥᠯᠥᠪᠯᠡᠭᠡ᠎ᠶ᠋ᠢ ᠲᠣᠭ᠍ᠲᠠᠭᠠᠵᠤ᠂ ᠬᠤᠶᠠᠷ ᠤᠯᠤᠰ᠎ᠤᠨ ᠵᠠᠭᠤᠴᠢᠯᠠᠭᠤᠷ᠎ᠤᠨ᠎ᠬᠢᠨ 70 ᠭᠠᠷᠤᠢ ᠭᠤᠣᠯᠳᠠᠯᠭ᠎ᠠ᠎ᠲᠠᠢ ᠬᠠᠮᠲᠤᠷᠠᠯᠴᠠᠭᠠᠨ᠎ᠤ ᠲᠦᠷᠦᠯ ᠵᠦᠢᠯ᠎ᠢ ᠬᠠᠮᠲᠤ ᠪᠠᠷ ᠲᠥᠰᠦᠪᠯᠡᠨ ᠬᠡᠷᠡᠭ᠌ᠵᠢᠭᠦᠯᠦᠨ᠎ᠡ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ