ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠂ ᠣᠷᠣᠰ᠎ᠤᠨ ᠳ᠋ᠢᠭᠢᠲᠴᠢᠯᠡᠭ᠌ᠰᠡᠨ ᠬᠥᠭ᠌ᠵᠢᠯᠲᠡ᠎ᠶ᠋ᠢᠨ ᠴᠢᠮᠡᠭᠡ ᠬᠤᠯᠪᠣᠭ᠎ᠠ ᠪᠠ ᠣᠯᠠᠨ ᠲᠦᠮᠡᠨᠴᠢ ᠵᠠᠭᠤᠴᠢᠯᠠᠭᠤᠷ᠎ᠤᠨ ᠬᠡᠯᠲᠡᠰ᠎ᠤᠨ ᠬᠠᠮᠲᠤ᠎ᠶ᠋ᠢᠨ ᠵᠢᠯᠣᠭᠤᠳᠣᠯᠭ᠎ᠠ ᠳᠣᠤᠷ᠎ᠠ᠂ ᠬᠠᠷᠠᠮᠥ᠋ᠷᠡᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠬᠠᠷᠠᠮᠥ᠋ᠷᠡᠨ᠎ᠤ ᠷᠠᠳᠢᠣ᠋ ᠲᠧᠯᠸᠢᠰ ᠬᠤᠷᠢᠶ᠎ᠠ᠂ ᠮᠢ ᠭᠦ᠋ ᠰᠣᠶᠣᠯ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠂ ᠣᠷᠣᠰ᠎ᠤᠨ SPB TV ᠬᠠᠮᠲᠤᠷᠠᠨ ᠡᠷᠭᠢᠯᠡᠭ᠌ᠰᠡᠨ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠣᠷᠣᠰ᠎ᠤᠨ ᠣᠬᠤᠷ ᠸᠢᠳᠢᠣ᠋ ᠶ᠋ᠢᠨ ᠤᠷᠤᠯᠳᠤᠭᠠᠨ ᠣᠢᠷ᠎ᠠ᠎ᠳᠤ ᠵᠢᠩᠬᠢᠨᠢ᠎ᠪᠠᠷ ᠥᠨᠳᠥᠷᠯᠡᠪᠡ᠃
ᠲᠤᠰ ᠬᠤᠭᠤᠴᠠᠭᠠᠨ᠎ᠤ ᠤᠷᠤᠯᠳᠤᠭᠠᠨ᠎ᠨᠢ 《ᠭᠡᠷᠡᠯ ᠵᠢᠷᠤᠭ᠎ᠤᠨ ᠪᠣᠯᠵᠣᠭ᠎ᠠ᠎ᠪᠠᠷ᠂ ᠡᠶᠡᠯᠳᠡᠭ ᠬᠥᠷᠰᠢ᠎ᠶ᠋ᠢᠨ ᠱᠢᠨ᠎ᠡ ᠬᠠᠭᠤᠳᠠᠰᠤ᠎ᠶ᠋ᠢ ᠦᠵᠡᠬᠦ᠌》 ᠪᠠᠷ ᠭᠤᠤᠯ ᠰᠡᠳᠦᠪ ᠪᠣᠯᠭᠠᠵᠤ᠂ ᠳᠤᠮᠳᠠᠳᠤ ᠣᠷᠣᠰ ᠬᠤᠶᠠᠷ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠂ ᠰᠦᠷᠯᠢᠭ ᠰᠠᠢᠬᠠᠨ ᠠᠭᠤᠯᠠ ᠤᠰᠤ᠂ ᠰᠣᠶᠣᠯ᠎ᠤᠨ ᠤᠯᠠᠮᠵᠢᠯᠠᠯ᠂ ᠠᠷᠠᠳ᠎ᠤᠨ ᠬᠤᠭᠤᠷᠣᠨᠳᠣᠬᠢ ᠨᠥᠬᠦᠷᠯᠡᠯ ᠵᠡᠷᠭᠡ ᠴᠢᠭ᠌ᠯᠡᠯ᠎ᠢᠶᠠᠷ ᠭᠤᠤᠯ ᠤᠷᠤᠯᠳᠤᠭᠠᠨ᠎ᠤ ᠨᠢᠭᠡᠴᠢ ᠪᠠᠢᠭᠤᠯᠤᠭ᠍ᠰᠠᠨ ᠪᠥᠭᠡᠳ 《ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢᠨ ᠭᠤᠤᠯ ᠰᠡᠳᠦᠪᠲᠦ ᠣᠨᠴᠠ ᠤᠷᠢᠭ᠍ᠰᠠᠨ ᠵᠣᠬᠢᠶᠠᠨ ᠪᠦᠲᠦᠭᠡᠯᠭᠡ᠎ᠶ᠋ᠢᠨ ᠬᠡᠪᠯᠡᠯ᠎ᠦᠨ ᠬᠡᠰᠡᠭ》᠂ 《ᠬᠠᠷᠠᠮᠥ᠋ᠷᠡᠨ᠎ᠤ ᠲᠤᠰᠭᠠᠶ ᠰᠡᠳᠦᠪᠲᠦ ᠣᠨᠴᠠ ᠤᠷᠢᠭ᠍ᠰᠠᠨ ᠵᠣᠬᠢᠶᠠᠨ ᠪᠦᠲᠦᠭᠡᠯᠭᠡ᠎ᠶ᠋ᠢᠨ ᠬᠡᠪᠯᠡᠯ᠎ᠦᠨ ᠬᠡᠰᠡᠭ》 ᠭᠡᠬᠦ᠌ ᠬᠤᠶᠠᠷ ᠲᠤᠰᠭᠠᠶ ᠰᠡᠳᠦᠪᠲᠦ ᠬᠡᠪᠯᠡᠯ᠎ᠦᠨ ᠬᠡᠰᠡᠭ᠎ᠢ ᠲᠤᠰᠭᠠᠢᠯᠠᠨ ᠲᠣᠬᠢᠷᠠᠭᠤᠯᠪᠠ᠃
ᠤᠷᠤᠯᠳᠤᠭᠠᠨ ᠡᠷᠬᠢᠯᠡᠭ᠌ᠰᠡᠨ ᠬᠤᠭᠤᠴᠠᠭᠠᠨ᠎ᠳᠤ ᠨᠡᠢᠳᠡ 1400 ᠭᠠᠷᠤᠢ ᠬᠤᠪᠢ ᠡᠬᠡ ᠪᠢᠴᠢᠭ ᠢᠷᠡᠭᠦᠯᠦᠭ᠌ᠰᠡᠨ ᠪᠦᠲᠦᠭᠡᠯ᠎ᠢ ᠬᠦᠯᠢᠶᠡᠨ ᠠᠪᠴᠤ᠌᠂ ᠣᠬᠤᠷ ᠸᠢᠳᠢᠣ᠋᠂ ᠪᠢᠴᠢᠯ ᠪᠠᠷᠢᠮᠲᠠᠲᠤ ᠺᠢᠨᠤ᠋᠂ AI ᠣᠬᠤᠷ ᠺᠢᠨᠤ᠋᠂ Vlog ᠵᠡᠷᠭᠡ ᠤᠯᠠᠨ ᠵᠦᠢᠯ᠎ᠤᠨ ᠲᠥᠷᠥᠯ᠎ᠢ ᠬᠠᠮᠤᠷᠴᠠᠢ᠃ ᠣᠯᠠᠨ ᠡᠭᠡᠯᠵᠢ ᠶ᠋ᠢᠨ ᠱᠢᠯᠭᠠᠷᠠᠭᠤᠯᠤᠯᠲᠠ᠎ᠪᠠᠷ ᠳᠠᠮᠵᠢᠭᠠᠳ᠂ ᠳᠤᠮᠳᠠᠳᠤ ᠣᠷᠣᠰ ᠬᠤᠶᠠᠷ ᠤᠯᠤᠰ ᠬᠠᠮᠲᠤ᠎ᠪᠠᠷ 23 ᠪᠦᠲᠦᠭᠡᠯ ᠱᠢᠯᠭᠠᠷᠠᠭᠤᠯᠪᠠ᠃ ᠡᠳᠡᠭᠡᠷ ᠱᠠᠩᠨᠠᠯ ᠬᠦᠷᠲᠡᠭ᠌ᠰᠡᠨ ᠪᠦᠲᠦᠭᠡᠯ᠎ᠨᠢ ᠬᠤᠲᠠ᠎ᠶ᠋ᠢᠨ ᠠᠮᠢᠳᠤᠷᠠᠯ᠎ᠤᠨ ᠠᠭᠤᠷ ᠠᠮᠢᠰᠭᠤᠯ᠎ᠤᠨ ᠡᠳᠡᠭᠡᠷᠡᠯᠢ ᠲᠡᠮᠳᠡᠭ᠌ᠯᠡᠭ᠌ᠰᠡᠨ ᠭᠱᠠᠨ ᠵᠠᠭᠤᠷ᠎ᠠ᠂ ᠰᠣᠶᠣᠯ᠎ᠤᠨ ᠠᠭᠤᠰᠤᠯᠴᠠᠯ᠎ᠢ ᠢᠯᠡᠷᠡᠭᠦᠯᠦᠭ᠌ᠰᠡᠨ ᠪᠦᠲᠦᠭᠡᠯᠴᠢ ᠰᠡᠳᠭᠢᠮᠵᠢ᠎ᠶ᠋ᠢᠨ ᠢᠯᠡᠷᠡᠯ᠎ᠲᠠᠢ ᠪᠠᠢᠵᠤ᠂ ᠨᠠᠩ ᠴᠤ᠌ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠳᠠᠮᠵᠢᠭᠤᠯᠬᠤ ᠵᠣᠷᠢᠭ ᠰᠠᠨᠠᠭᠠᠨ᠎ᠤ ᠭᠦᠨᠵᠡᠭᠡᠶ ᠬᠦᠦᠷᠨᠢᠯ᠎ᠲᠠᠢ ᠪᠠᠢᠨ᠎ᠠ᠃ ᠣᠢᠷ᠎ᠠ᠎ᠳ᠋ᠤ᠂ ᠱᠠᠩᠨᠠᠯ ᠣᠯᠤᠭ᠍ᠰᠠᠨ ᠦᠷ᠎ᠡ ᠳ᠋ᠦᠩᠢ᠋ ᠳᠤᠮᠳᠠᠳᠤ ᠣᠷᠣᠰ᠎ᠤ᠋ᠨ ᠬᠥᠮᠦᠨ ᠰᠣᠶᠣᠯ᠎ᠤ᠋ᠨ ᠬᠠᠮᠲᠤᠷᠠᠯᠴᠠᠭᠠᠨᠤ᠋ ᠵᠥᠪᠯᠡᠯ᠎ᠦ᠋ᠨ ᠵᠠᠭᠤᠴᠢᠯᠠᠭᠤᠷ᠎ᠤ᠋ᠨ ᠬᠠᠮᠲᠤᠷᠠᠯᠴᠠᠭᠠᠨᠤ᠋ ᠬᠤᠪᠢᠶᠠᠷᠢ ᠵᠥᠪᠯᠡᠯ᠎ᠦ᠋ᠨ ᠠᠷᠪᠠᠨ ᠨᠠᠢ᠍ᠮᠠᠳᠤᠭᠠᠷ ᠤᠳᠠᠭᠠᠨ᠎ᠤ᠋ ᠬᠤᠷᠠᠯ ᠳᠡᠭᠡᠷ᠎ᠡ ᠵᠢᠩᠬᠢᠨᠢ᠎ᠪᠡᠷ ᠨᠡᠢᠲᠡᠯᠡᠪᠡ᠃
ᠳᠤᠮᠳᠠᠳᠤ ᠤᠷᠤᠰ᠎ᠤᠨ ᠣᠬᠤᠷ ᠸᠢᠳᠢᠤ᠋᠎ᠶ᠋ᠢᠨ ᠤᠷᠤᠯᠳᠤᠭᠠᠨ᠎ᠢ 2021 ᠣᠨ᠎ᠳᠤ ᠡᠷᠬᠢᠯᠡᠵᠦ᠍᠂ ᠤᠷᠳᠤ ᠬᠤᠭᠤᠴᠠᠭ᠎ᠠ᠎ᠪᠠᠷ ᠳᠤᠮᠳᠠᠳᠤ ᠤᠷᠤᠰ᠎ᠤᠨ ᠵᠣᠬᠢᠶᠠᠨ ᠪᠦᠲᠦᠭᠡᠭ᠌ᠴᠢ ᠪᠠ ᠬᠤᠯᠪᠣᠭ᠍ᠳᠠᠯ ᠪᠦᠬᠦᠢ ᠪᠠᠢᠭᠤᠯᠤᠮᠵᠢ᠎ᠠᠴᠠ ᠤᠯᠠᠨ ᠶᠠᠩᠵᠤ᠎ᠶ᠋ᠢᠨ ᠣᠬᠤᠷ ᠸᠢᠳᠢᠤ᠋ ᠶ᠋ᠢᠨ ᠪᠦᠲᠦᠭᠡᠯ᠎ᠢ ᠡᠯᠰᠡᠵᠦ᠍᠂ ᠳᠤᠮᠳᠠᠳᠤ ᠤᠷᠤᠰ᠎ᠤᠨ ᠵᠠᠭᠤᠴᠢᠯᠠᠭᠤᠷ᠎ᠤᠨ ᠬᠠᠮᠲᠤᠷᠠᠯᠴᠠᠭ᠎ᠠ ᠰᠣᠯᠢᠯᠴᠠᠭᠠᠨ᠎ᠤ ᠲᠣᠭ᠍ᠲᠠᠴᠠ᠎ᠶ᠋ᠢᠨ ᠪᠣᠷᠣ ᠲᠥᠯᠥᠪ ᠳᠣᠣᠷᠠᠬᠢ ᠦᠵᠡᠵᠦ᠍ ᠰᠣᠨᠣᠰᠭᠤ ᠬᠠᠮᠲᠤᠷᠠᠯᠴᠠᠭᠠᠨ᠎ᠤ ᠴᠢᠬᠤᠯᠠ ᠨᠡᠷᠡᠲᠦ ᠲᠡᠮᠳᠡᠭ᠌ᠲᠦ᠎ᠶ᠋ᠢᠨ ᠠᠵᠢᠯᠯᠠᠭ᠎ᠠ ᠪᠣᠯᠭᠠᠪᠠ᠃