10 ᠳ᠋ᠤᠭ᠋ᠠᠷ ᠰᠠᠷ᠎ᠠ᠎ᠶ᠋ᠢᠨ 25 ᠤ ᠡᠳᠦᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠳᠤᠮᠳᠠᠳᠤ ᠤᠯᠤᠰ᠎ᠤᠨ ᠲᠧᠯᠸᠢᠰ ᠤᠷᠠᠯᠢᠭ᠎ᠤᠨ ᠵᠥᠪᠯᠡᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠹᠦᠵᠢᠶᠠᠨ ᠮᠤᠵᠢ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠶᠠᠩᠰᠢ ᠮᠤᠵᠢ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠠᠭᠠᠭᠠᠴᠢᠯᠠᠨ ᠡᠷᠭᠢᠯᠡᠭ᠌ᠰᠡᠨ ᠲᠧᠯᠸᠢᠰ ᠵᠦᠴᠦᠭᠡ 《ᠦᠭᠡ ᠳᠠᠭᠤᠨ ᠥᠬᠡᠶ ᠢᠷᠠᠭᠤ ᠠᠯᠳᠠᠷ》 ᠢ ᠵᠣᠬᠢᠶᠠᠨ ᠪᠦᠲᠦᠭᠡᠬᠦ᠌ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ᠂ ᠹᠦᠵᠢᠶᠠᠨ ᠮᠤᠵᠢ᠎ᠶ᠋ᠢᠨ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠵᠠᠩ ᠶᠠᠨ᠂ ᠵᠢᠶᠠᠩᠰᠢ ᠮᠤᠵᠢ᠎ᠶ᠋ᠢᠨ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠯᠦ᠍ ᠱᠢᠶᠤᠤ ᠴᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠳᠤ ᠣᠷᠣᠯᠴᠠᠭ᠍ᠰᠠᠳ ᠲᠣᠰ ᠵᠦᠴᠦᠭᠡ᠎ᠶ᠋ᠢ ᠵᠣᠬᠢᠶᠠᠨ ᠪᠦᠲᠦᠭᠡᠬᠦ᠌ ᠲᠣᠭᠤᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠪᠠ᠃ ᠶᠡᠷᠦᠩᠬᠡᠢ ᠲᠣᠪᠴᠢᠶ᠎ᠠ᠎ᠶ᠋ᠢᠨ ᠲᠧᠯᠸᠢᠰ ᠵᠦᠴᠦᠭᠡ᠎ᠶ᠋ᠢᠨ ᠵᠤᠷᠭᠠᠨ᠂ ᠦᠢᠯᠡᠳᠬᠦ᠌ ᠪᠠᠢᠭᠤᠯᠤᠮᠵᠢ ᠪᠠ ᠨᠡᠪᠲᠡᠷᠡᠭᠦᠯᠬᠦ᠌ ᠲᠠᠪᠴᠠᠩ᠎ᠤᠨ ᠲᠥᠯᠥᠭᠡᠯᠡᠭ᠌ᠴᠢ᠎ᠠᠴᠠ ᠵᠦᠴᠦᠭᠡ᠎ᠶ᠋ᠢᠨ ᠭᠠᠷᠴᠠᠭ᠎ᠢ ᠵᠣᠬᠢᠶᠠᠨ ᠪᠠᠢᠭᠤᠯᠵᠤ ᠵᠣᠬᠢᠶᠠᠨ ᠪᠦᠲᠦᠭᠡᠭ᠌ᠰᠡᠨ ᠶᠠᠪᠤᠴᠠ᠂ ᠵᠣᠬᠢᠶᠠᠨ ᠪᠦᠲᠦᠭᠡᠭ᠌ᠰᠡᠨ ᠪᠠ ᠨᠡᠪᠲᠡᠷᠡᠭᠦᠯᠦᠭ᠌ᠰᠡᠨ ᠪᠠᠢᠳᠠᠯ᠎ᠢ ᠲᠠᠨᠢᠯᠴᠠᠭᠤᠯᠵᠤ᠂ ᠭᠤᠣᠯ ᠡᠭᠦᠳᠦᠨ ᠪᠦᠲᠦᠭᠡᠭ᠌ᠰᠡᠨ ᠪᠠ ᠲᠣᠭ᠍ᠯᠠᠭ᠍ᠴᠢᠳ ᠵᠣᠬᠢᠶᠠᠨ ᠪᠦᠲᠦᠭᠡᠭ᠌ᠰᠡᠨ ᠲᠥᠷᠥᠭ᠌ᠳᠡᠯ᠎ᠢᠶᠠᠨ ᠬᠤᠪᠢᠶᠠᠯᠴᠠᠪᠠ᠃ ᠡᠦ ᠱ᠌ᠢ ᠦᠷᠡᠭ᠌ᠳᠡᠭ᠌ᠰᠡᠨ ᠪᠠᠭᠠᠲᠤᠷ᠎ᠦᠨ ᠣᠮᠪᠤᠯᠤ ᠦᠬᠢᠨ ᠡᠦ ᠬᠤᠩ᠂ ᠵᠦ᠍ ᠹᠧᠩ ᠦᠷᠡᠭ᠌ᠳᠡᠭ᠌ᠰᠡᠨ ᠪᠠᠭᠠᠲᠤᠷ᠎ᠤᠨ ᠣᠮᠪᠤᠯᠤ ᠦᠬᠢᠨ ᠵᠦ᠍ ᠷᠦᠩ ᠷᠦᠩ ᠵᠡᠷᠭᠡ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ᠎ᠶ᠋ᠢᠨ᠎ᠬᠢᠨ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠤ ᠤᠯᠠᠮᠵᠢᠯᠠᠨ᠎ᠠ ᠭᠡᠵᠦ᠍ ᠢᠯᠡᠳᠭᠡᠪᠡ᠃ ᠣᠯᠠᠨ ᠲᠤᠰᠬᠠᠢ ᠮᠡᠷᠭᠡᠵᠢᠯᠲᠡᠨ ᠰᠡᠳᠦᠪᠯᠡᠬᠦᠨ ᠢ᠋ ᠠᠭᠤᠳᠠᠯᠬᠤ᠂ ᠬᠡᠷᠡᠭ ᠶᠠᠪᠤᠳᠠᠯ ᠢ᠋ ᠲᠣᠭᠠᠴᠢᠵᠤ ᠰᠢᠨ᠎ᠡ ᠶ᠋ᠢ ᠡᠭᠦᠳᠬᠦ᠂ ᠰᠡᠳᠬᠢᠯᠭᠡ᠎ᠪᠡᠨ ᠢᠯᠡᠳᠬᠡᠬᠦ ᠵᠡᠷᠭᠡ ᠲᠠᠯ᠎ᠠ ᠠ᠋ᠴᠠ ᠲᠣᠰ ᠵᠦᠴᠦᠭᠡ ᠶ᠋ᠢᠨ ᠪᠣᠳᠠᠲᠤ ᠠᠴᠢ ᠬᠣᠯᠪᠣᠭᠳᠠᠯ᠂ ᠨᠡᠢᠭᠡᠮ᠎ᠦᠨ ᠨᠥᠯᠥᠭᠡ ᠵᠢᠴᠢ ᠴᠢᠬᠤᠯᠠ ᠶᠡᠬᠡ ᠰᠡᠳᠦᠪᠯᠡᠬᠦᠨᠤ ᠵᠣᠬᠢᠶᠠᠨ ᠪᠦᠲᠦᠭᠡᠯᠭᠡ ᠶ᠋ᠢᠨ ᠵᠢᠱ᠌ᠢᠶ᠎ᠡ ᠦᠵᠡᠭᠦᠯᠬᠦ ᠦᠨ᠎ᠡ ᠥᠷᠲᠡᠭ ᠵᠡᠷᠭᠡ᠎ᠳᠦ ᠭᠦᠨᠵᠡᠭᠡᠢ ᠵᠠᠳᠠᠯᠤᠯᠲᠠ ᠬᠢᠭᠰᠡᠨ ᠪᠠᠢᠨ᠎ᠠ᠃
ᠬᠤᠷᠠᠯ᠎ᠠᠴᠠ᠂ 《ᠦᠭᠡ ᠳᠠᠭᠤᠨ ᠦᠭᠡᠢ ᠢᠷᠠᠭᠤ ᠠᠯᠳᠠᠷ》 ᠪᠣᠯ ᠠᠩᠬᠠᠳᠠᠭ᠍ᠴᠢ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠮᠦᠨ᠎ᠡ ᠬᠤᠢᠨᠠᠬᠢ ᠲᠠᠢᠸᠠᠨ᠎ᠤ ᠨᠢᠭᠤᠴᠠ ᠹᠷᠣᠨᠲ᠎ᠤᠨ ᠲᠡᠮᠡᠴᠡᠯ᠎ᠢ ᠢᠯᠡᠷᠡᠭᠦᠯᠦᠭ᠌ᠰᠡᠨ ᠲᠧᠯᠸᠢᠰ ᠵᠦᠴᠦᠭᠡ ᠮᠥᠨ᠂ ᠨᠡᠪᠲᠡᠷᠡᠭᠦᠯᠦᠭ᠌ᠰᠡᠨᠤ ᠳᠠᠷᠠᠭ᠎ᠠ ᠳᠠᠯᠠᠢ᠎ᠶ᠋ᠢᠨ ᠬᠤᠭᠤᠯᠠᠢ᠎ᠶ᠋ᠢᠨ ᠬᠤᠶᠠᠷ ᠬᠥᠪᠡᠭᠡᠨ᠎ᠤ ᠦᠵᠡᠭ᠌ᠴᠢᠳ᠎ᠤᠨ ᠴᠢᠩᠭ᠎ᠠ ᠬᠦᠷᠢᠶᠡᠯᠡᠯ᠎ᠢ ᠣᠯᠵᠤ᠂ ᠨᠡᠢᠭᠡᠮ᠎ᠤᠨ ᠥᠷᠭᠡᠨ ᠳᠡᠯᠭᠡᠷ ᠮᠠᠭ᠍ᠲᠠᠭᠠᠯ ᠰᠠᠢᠱᠢᠶᠠᠯ᠎ᠢ ᠣᠯᠤᠭ᠍ᠰᠠᠨ ᠪᠠᠢᠨ᠎ᠠ᠃ ᠪᠦᠬᠦ ᠤᠯᠤᠰ᠎ᠢᠶᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠠᠰᠢᠷᠠᠮ᠎ᠢᠶᠠᠷ᠂ ᠲᠠᠢᠸᠠᠨ᠎ᠢ ᠰᠡᠷᠭᠦᠭᠡᠨ ᠮᠠᠨᠳᠤᠭᠤᠯᠬᠤ ᠳᠤᠷᠠᠰᠬᠠᠯ᠎ᠤᠨ ᠡᠳᠦᠷ᠎ᠢ ᠪᠠᠶ᠋ᠢᠭᠤᠯᠬᠤ ᠴᠢᠬᠤᠯᠠ ᠴᠠᠭ ᠮᠥᠴᠡ᠎ᠳᠦ᠂ ᠲᠤᠰ ᠤᠳᠠᠭ᠎ᠠ᠎ᠶᠢᠨ ᠶᠠᠷᠢᠯᠴᠠᠬᠤ ᠬᠤᠷᠠᠯ᠎ᠢ ᠬᠤᠷᠠᠯᠳᠤᠭᠤᠯᠬᠤ ᠨᠢ ᠣᠨᠴᠠᠭᠠᠢ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠵᠠᠢ᠃ ᠬᠤᠷᠠᠯ᠎ᠠᠴᠠ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠤᠯᠠᠮ ᠴᠢᠨᠠᠭ᠍ᠰᠢᠳᠠ ᠭᠦᠨᠵᠡᠭᠡᠢ ᠦᠢᠯᠡᠳᠦᠯᠭᠡᠵᠢᠭᠦᠯᠵᠦ᠍᠂ ᠴᠢᠬᠤᠯᠠ ᠶᠡᠭᠡ ᠭᠤᠣᠯ ᠰᠡᠳᠦᠪᠲᠦ ᠲᠧᠯᠸᠢᠰ ᠵᠦᠴᠦᠭᠡ᠎ᠶ᠋ᠢᠨ ᠵᠣᠬᠢᠶᠠᠨ ᠪᠦᠲᠦᠭᠡᠯᠲᠡ᠎ᠶ᠋ᠢ ᠰᠠᠢᠲᠤᠷ ᠬᠢᠵᠦ᠍᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ 《ᠠᠷᠪᠠᠨ ᠲᠠᠪᠤᠳᠤᠭᠠᠷ ᠲᠠᠪᠤᠨ ᠵᠢᠯ》 ᠤᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠵᠢᠷᠤᠭ᠍ᠯᠠᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠨᠢᠭᠡ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠦᠨᠳᠦᠷᠴᠡ᠎ᠠᠴᠠ ᠲᠧᠯᠸᠢᠰ ᠵᠦᠴᠦᠭᠡ᠎ᠶ᠋ᠢᠨ ᠠᠵᠢᠯ᠎ᠤᠨ ᠴᠢᠬᠤᠯᠠ ᠠᠴᠢ ᠬᠤᠯᠪᠣᠭ᠍ᠳᠠᠯ᠎ᠢ ᠲᠠᠨᠢᠬᠤ ᠬᠡᠷᠡᠭ᠌ᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠭᠤᠤ ᠶᠡᠭᠡ ᠠᠶᠠᠨ᠎ᠳᠤ ᠤᠳᠤ ᠦᠶ᠎ᠡ᠎ᠶ᠋ᠢᠨ ᠤᠳᠭ᠎ᠠ ᠤᠷᠠᠯᠢᠭ᠎ᠤᠨ ᠠᠵᠢᠯᠲᠠᠳ᠎ᠤᠨ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠱᠠᠭᠠᠷᠳᠠᠨ᠎ᠠ᠃ ᠲᠧᠯᠸᠢᠰ ᠵᠦᠴᠦᠭᠡ᠎ᠶ᠋ᠢᠨ ᠠᠵᠢᠯᠲᠠᠳ ᠨᠠᠮ ᠪᠠ ᠤᠯᠤᠰ᠎ᠤᠨ ᠶᠡᠭᠡ ᠲᠠᠯ᠎ᠠ᠎ᠳᠤ ᠦᠢᠯᠡᠴᠢᠯᠡᠬᠦ᠌ ᠦᠨᠳᠦᠷᠴᠡ᠎ᠠᠴᠠ ᠡᠭᠦᠷᠭᠡᠯᠡᠵᠦ᠍ ᠪᠠᠢᠭ᠎ᠠ ᠰᠣᠶᠣᠯ᠎ᠤᠨ ᠡᠭᠦᠷᠭᠡ᠎ᠪᠠᠨ ᠭᠦᠨᠵᠡᠭᠡᠶ ᠲᠠᠨᠢᠨ ᠪᠣᠳᠣᠯᠬᠢᠯᠠᠵᠤ᠂ ᠦᠯᠢᠭᠡᠷ᠎ᠢᠶᠠᠨ ᠰᠠᠢᠲᠤᠷ ᠶᠠᠷᠢᠵᠤ᠂ ᠰᠣᠳᠣᠨ ᠪᠦᠲᠦᠭᠡᠯ ᠢᠯᠡᠭᠦᠬᠡᠨ ᠭᠠᠷᠭᠠᠬᠤ ᠬᠡᠷᠡᠭ᠌ᠲᠡᠶ᠃ ᠬᠤᠶᠠᠷ᠎ᠲᠤ᠌᠂ ᠨᠡᠩ ᠭᠤᠢᠪᠢᠰᠢ ᠦᠭᠡᠢ ᠪᠠᠢᠵᠤ᠂ ᠲᠤᠭ ᠲᠡᠮᠳᠡᠭ ᠲᠣᠳᠣᠷᠬᠠᠢ᠎ᠪᠠᠷ ᠪᠠᠭᠠᠲᠤᠷᠴᠤᠳ᠎ᠢ ᠳᠡᠭᠡᠳᠦᠯᠡᠵᠦ᠍᠂ ᠪᠠᠭᠠᠲᠤᠷᠴᠤᠳ᠎ᠲᠤ ᠬᠦᠨᠳᠦᠳᠭᠡᠯ ᠦᠵᠡᠭᠦᠯᠬᠦ᠌ ᠬᠡᠷᠡᠭ᠌ᠲᠡᠢ᠃ ᠲᠧᠯᠸᠢᠰ ᠵᠦᠴᠦᠭᠡ ᠵᠣᠬᠢᠶᠠᠭ᠍ᠴᠢ ᠤᠯᠤᠰ᠎ᠤᠨ ᠲᠥᠯᠥᠭᠡ ᠲᠡᠦᠬᠡ᠎ᠶᠢ ᠪᠢᠴᠢᠵᠦ᠍᠂ ᠦᠨᠳᠦᠰᠦᠲᠡᠨ᠎ᠤ ᠲᠥᠯᠥᠭᠡ ᠰᠦᠭ ᠰᠦᠨᠡᠰᠦ᠎ᠪᠠᠨ ᠱᠤᠭᠤᠵᠤ᠂ ᠪᠠᠭᠠᠲᠤᠷᠯᠢᠭ ᠦᠢᠯᠡ ᠠᠵᠢᠯᠯᠠᠭ᠎ᠠ᠎ᠪᠠᠷ᠎ᠢᠶᠠᠨ ᠨᠡᠢᠭᠡᠮ ᠳᠠᠶᠠᠭᠠᠷ᠎ᠲᠤ ᠪᠠᠭᠠᠲᠤᠷᠴᠤᠳ᠎ᠢᠶᠠᠨ ᠳᠡᠭᠡᠳᠦᠯᠡᠬᠦ᠌᠂ ᠪᠠᠭᠠᠲᠤᠷᠴᠤᠳ᠎ᠠᠴᠠ ᠰᠤᠷᠤᠯᠴᠠᠬᠤ᠂ ᠪᠠᠭᠠᠲᠤᠷ ᠪᠣᠯᠬᠤ᠎ᠪᠠᠷ ᠴᠢᠷᠮᠠᠢᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠭᠤᠷᠪᠠ᠎ᠳᠤ᠂ ᠵᠣᠬᠢᠶᠠᠨ ᠪᠦᠲᠦᠭᠡᠬᠦ᠌ ᠦᠢᠯᠡᠳᠦᠯᠭᠡ᠎ᠶ᠋ᠢᠨ ᠳᠤᠮᠳᠠ 《ᠰᠡᠳᠦᠪ᠎ᠢ ᠣᠨᠣᠪᠴᠢᠲᠠᠢ ᠰᠣᠩᠭᠤᠬᠤ᠂ ᠦᠯᠢᠭᠡᠷ᠎ᠢ ᠰᠠᠢᠲᠤᠷ ᠶᠠᠷᠢᠬᠤ᠂ ᠰᠣᠳᠣᠨ ᠪᠦᠲᠦᠭᠡᠯ᠎ᠢ ᠰᠡᠭᠦᠳᠡᠷᠯᠡᠨ ᠭᠠᠷᠭᠠᠬᠤ》 ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠬᠦ᠌ ᠬᠡᠷᠡᠭ᠌ᠲᠡᠢ᠃ ᠲᠧᠯᠸᠢᠰ ᠵᠦᠴᠦᠭᠡ᠎ᠶ᠋ᠢᠨ ᠪᠦᠲᠦᠭᠡᠯ᠎ᠨᠢ ᠬᠥᠮᠦᠰ᠎ᠤᠨ ᠪᠠᠭ᠍ᠠᠷᠬᠠᠯ᠎ᠢ ᠲᠠᠲᠠᠬᠤ᠂ ᠬᠥᠮᠦᠰ᠎ᠢ ᠨᠥᠯᠥᠭᠡᠯᠡᠬᠦ᠂ ᠬᠥᠮᠦᠰ᠎ᠢ ᠳᠣᠭ᠍ᠳᠣᠯᠤᠭᠤᠯᠬᠤᠪᠠᠷ ᠳᠠᠮᠵᠢᠭᠤᠯᠤᠨ᠂ ᠤᠷᠢᠬᠠᠨ ᠰᠠᠯᠬᠢ ᠥᠭᠭᠢᠶᠡᠮᠦᠷ ᠬᠤᠷ᠎ᠠ ᠶ᠋ᠢᠨ ᠬᠡᠯᠪᠡᠷᠢ᠎ᠪᠡᠷ ᠥᠭᠡᠳᠡᠯᠡᠨ ᠳᠠᠪᠰᠢᠬᠤ ᠣᠶᠤᠨ ᠰᠠᠨᠠᠭᠠᠨ᠎ᠤ ᠬᠦᠴᠦᠨ ᠴᠢᠳᠠᠯ ᠢ᠋ ᠳᠠᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠲᠥᠪ᠎ᠤᠨ ᠤᠬᠠᠭᠤᠯᠬᠤ ᠬᠡᠯᠲᠡᠰ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠂ ᠲᠥᠪ᠎ᠤᠨ ᠲᠠᠢᠸᠠᠨ᠎ᠤ ᠠᠵᠢᠯ᠎ᠤᠨ ᠠᠯᠪᠠᠨ ᠭᠡᠷ᠂ ᠤᠯᠤᠰ᠎ᠤᠨ ᠠᠮᠤᠷ ᠲᠦᠪᠱᠢᠨ᠎ᠤ ᠬᠡᠯᠲᠡᠰ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ᠎ᠶ᠋ᠢᠨ ᠺᠢᠨᠣ᠋ ᠲᠧᠯᠸᠢᠰ ᠵᠦᠴᠦᠭᠡ᠎ᠶ᠋ᠢᠨ ᠲᠥᠪ᠂ ᠹᠦᠵᠢᠶᠠᠨ ᠮᠤᠵᠢ᠎ᠶ᠋ᠢᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠂ ᠹᠦᠵᠢᠶᠠᠨ ᠮᠤᠵᠢ᠎ᠶ᠋ᠢᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠂ ᠱᠢᠶᠠᠮᠧᠨ ᠬᠤᠲᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠵᠢᠶᠠᠩᠰᠢ ᠮᠤᠵᠢ᠎ᠶ᠋ᠢᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠂ ᠵᠢᠶᠠᠩᠰᠢ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ ᠵᠢᠴᠢ ᠭᠤᠣᠯ ᠪᠦᠲᠦᠭᠡᠯᠲᠡ᠂ ᠦᠢᠯᠡᠳᠬᠦ᠌ ᠨᠡᠪᠲᠡᠷᠡᠭᠦᠯᠭᠡ᠎ᠶ᠋ᠢᠨ ᠪᠠᠢᠭᠤᠯᠤᠮᠵᠢ᠂ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ᠎ᠶ᠋ᠢᠨ᠎ᠬᠢᠨ᠂ ᠲᠤᠰᠭᠠᠢ ᠮᠡᠷᠭᠡᠵᠢᠯᠲᠡᠨ᠂ ᠵᠠᠭᠤᠴᠢᠯᠠᠭᠤᠷ᠎ᠤᠨ ᠲᠥᠯᠥᠭᠡᠯᠡᠭ᠌ᠴᠢ ᠨᠠᠷ ᠬᠤᠷᠠᠯ᠎ᠳᠤ ᠣᠷᠣᠯᠴᠠᠵᠠᠢ᠃
《ᠦᠭᠡ ᠳᠠᠭᠤᠨ ᠦᠭᠡᠢ ᠢᠷᠠᠭᠤ ᠠᠯᠳᠠᠷ 》 ᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ ᠲᠥᠪ᠎ᠤᠨ ᠲᠠᠢᠸᠠᠨ᠎ᠤ ᠠᠵᠢᠯ᠎ᠤᠨ ᠠᠯᠪᠠᠨ ᠭᠡᠷ᠂ ᠤᠯᠤᠰ᠎ᠤᠨ ᠠᠮᠤᠷ ᠲᠦᠪᠱᠢᠨ᠎ᠤ ᠬᠡᠯᠲᠡᠰ᠎ᠲᠠᠢ ᠬᠠᠮᠲᠤᠷᠠᠨ ᠵᠣᠬᠢᠶᠠᠨ ᠪᠦᠲᠦᠭᠡᠵᠦ᠍᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ 2024 ᠣᠨ᠎ᠤ ᠲᠧᠯᠸᠢᠰ ᠵᠦᠴᠦᠭᠡ᠎ᠶ᠋ᠢ ᠬᠥᠲᠥᠯᠥᠨ ᠵᠢᠯᠤᠭᠤᠳᠴᠤ᠌ ᠲᠡᠳᠬᠦᠬᠦ᠌ ᠲᠤᠰᠭᠠᠢ ᠪᠡᠯᠡ ᠮᠥᠩᠭᠦ᠎ᠪᠠᠷ ᠲᠡᠳᠬᠦᠬᠦ᠌ ᠭᠤᠣᠯᠳᠠᠯᠭ᠎ᠠ᠎ᠲᠠᠢ ᠲᠧᠯᠸᠢᠰ ᠵᠦᠴᠦᠭᠡ ᠪᠣᠯᠣᠨ᠎ᠠ᠃