2024 ᠣᠨ᠎ᠤ 《ᠳᠤᠮᠳᠠᠳᠤ ᠤᠯᠤᠰ᠎ᠤᠨ ᠦᠵᠡᠯᠲᠡ ᠰᠣᠨᠣᠰᠤᠯᠲᠠ ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》 ᠎ᠶ᠋ᠢᠨ ᠱᠢᠯᠭᠠᠷᠠᠭᠤᠯᠤᠯᠲᠠ᠎ᠶ᠋ᠢᠨ ᠦᠷ᠎ᠡ ᠳ᠋ᠦᠩ᠎ᠢ ᠨᠡᠢᠲᠡᠯᠡᠪᠡ
2025-10-31

2024 ᠣᠨ᠎ᠤ 《ᠳᠤᠮᠳᠠᠳᠤ ᠤᠯᠤᠰ᠎ᠤᠨ  ᠦᠵᠡᠯᠲᠡ ᠰᠣᠨᠣᠰᠤᠯᠲᠠ   ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》 ᠎ᠶ᠋ᠢᠨ ᠱᠢᠯᠭᠠᠷᠠᠭᠤᠯᠤᠯᠲᠠ᠎ᠶ᠋ᠢᠨ ᠦᠷ᠎ᠡ ᠳ᠋ᠦᠩ᠎ᠢ 10 ᠳ᠋ᠤᠭᠠᠷ ᠰᠠᠷ᠎ᠠ᠎ᠶ᠋ᠢᠨ 28 ᠎ᠤ ᠡᠳᠦᠷ 2025 ᠣᠨ᠎ᠤ  ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠶᠡᠭᠡ ᠬᠤᠷᠠᠯ᠎ᠤᠨ ᠡᠬᠢᠯᠡᠯᠲᠡ᠎ᠶ᠋ᠢᠨ ᠶᠣᠰᠣᠯᠠᠯ ᠵᠢᠴᠢ ᠭᠤᠤᠯ ᠶᠠᠷᠢᠶᠠᠨ᠎ᠤ ᠲᠠᠪᠴᠠᠩ᠎ᠳᠤ ᠨᠡᠢᠲᠡᠯᠡᠪᠡ᠃ ᠲᠥᠪ᠎ᠦᠨ ᠤᠬᠠᠭᠤᠯᠬᠤ ᠬᠡᠯᠲᠡᠰ᠎ᠦᠨ ᠬᠡᠰᠡᠭ ᠡᠳᠦᠷ ᠲᠤᠲᠤᠮ᠎ᠤᠨ ᠠᠵᠢᠯ᠎ᠢ ᠬᠠᠮᠢᠶᠠᠷᠴᠤ᠌ ᠪᠠᠢᠭ᠎ᠠ ᠳᠡᠳ᠋ ᠳᠠᠷᠤᠭ᠎ᠠ ᠬᠤ᠌ ᠾᠧ ᠫᠢᠩ᠂ ᠲᠥᠪ᠎ᠦᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ᠍ ᠮᠢᠨ ᠱᠢᠯᠢᠳᠡᠭ ᠪᠦᠲᠦᠭᠡᠯ ᠪᠣᠯᠤᠨ ᠪᠠᠢᠭᠤᠯᠤᠮᠵᠢ᠎ᠶ᠋ᠢᠨ ᠲᠥᠯᠥᠭᠡᠯᠡᠭ᠌ᠴᠢᠳ᠎ᠲᠦ ᠦᠨᠡᠮᠯᠡᠯ ᠣᠯᠭᠣᠪᠠ᠃

《ᠳᠤᠮᠳᠠᠳᠤ ᠤᠯᠤᠰ᠎ᠤᠨ  ᠦᠵᠡᠯᠲᠡ ᠰᠣᠨᠣᠰᠤᠯᠲᠠ   ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》 ᠪᠣᠯ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ ᠪᠣᠯᠤᠨ ᠤᠯᠤᠰ᠎ᠤᠨ ᠷᠠᠳᠢᠣ᠋ ᠲᠸᠯᠸᠢᠰ᠎ᠦᠨ ᠶᠡᠷᠦᠩᠬᠡᠢ ᠲᠣᠪᠴᠢᠶᠠᠨ᠎ᠠᠴᠠ ᠲᠥᠯᠥᠪᠯᠡᠵᠦ᠍ ᠪᠠᠢᠭ᠎ᠠ ᠦᠵᠡᠵᠦ᠍ ᠰᠣᠨᠣᠰᠭᠤ ᠪᠦᠲᠦᠭᠡᠯ᠎ᠦᠨ ᠭᠠᠳᠠᠭᠠᠳᠤ᠎ᠳᠤ  ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ ᠪᠣᠯᠤᠨ᠎ᠠ᠃ 2024 ᠣᠨ᠎ᠳᠤ᠂ ᠠᠵᠢᠯᠯᠠᠭ᠎ᠠ᠎ᠨᠢ 《ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 75 ᠵᠢᠯ᠎ᠤᠨ ᠤᠢ》᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ》 ᠵᠡᠷᠭᠡ ᠭᠤᠣᠯ ᠰᠡᠳᠦᠪ᠎ᠤᠨ ᠲᠣᠭᠤᠷᠢᠨ᠎ᠳᠤ᠂ ᠵᠠᠭᠤ ᠭᠠᠷᠤᠢ ᠤᠯᠠᠨ ᠬᠡᠯᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠰᠣᠳᠣᠨ ᠪᠦᠲᠦᠭᠡᠯ᠎ᠢ ᠨᠠᠷᠢᠯᠢᠭ ᠰᠣᠩᠭᠤᠵᠤ᠂ 100 ᠭᠠᠷᠤᠢ ᠭᠠᠳᠠᠭᠠᠳᠤ᠎ᠶ᠋ᠢᠨ ᠭᠤᠣᠯ ᠵᠠᠭᠤᠴᠢᠯᠠᠭᠤᠷ ᠵᠢᠴᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠢᠶᠠᠷ ᠳᠠᠮᠵᠢᠭᠤᠯᠵᠤ᠂ ᠠᠮᠢᠳᠤᠯᠢᠭ ᠵᠢᠷᠣᠮᠠᠭ᠎ᠢᠶᠠᠷ ᠳᠤᠮᠳᠠᠳᠤ ᠤᠯᠤᠰ᠎ᠤᠨ ᠦᠯᠢᠭᠡᠷ᠎ᠢ ᠳᠠᠮᠵᠢᠭᠤᠯᠵᠤ᠂ ᠱᠢᠨ᠎ᠡ᠎ᠶ᠋ᠢ ᠡᠭᠦᠳᠬᠦ᠌᠎ᠪᠠᠷ ᠳᠤᠮᠳᠠᠳᠤ ᠤᠯᠤᠰ᠎ᠤᠨ ᠤᠶᠤᠨ ᠤᠬᠠᠭᠠᠨ᠎ᠢ ᠢᠯᠡᠷᠡᠭᠦᠯᠵᠦ᠍᠂ ᠬᠥᠮᠦᠰ᠎ᠤᠨ ᠠᠩᠬᠠᠷᠤᠯ᠎ᠢ ᠲᠠᠲᠠᠭ᠍ᠰᠠᠨ ᠤᠯᠠᠨ ᠤᠯᠤᠰ᠎ᠤᠨ ᠳᠠᠮᠵᠢᠭᠤᠯᠭ᠎ᠠ᠎ᠶ᠋ᠢᠨ ᠦᠷ᠎ᠡ ᠪᠦᠲᠦᠮᠵᠢ᠎ᠶ᠋ᠢ ᠤᠯᠪᠠ᠃ ᠡᠨᠡ ᠵᠢᠯ᠎ᠤᠨ 3 ᠳ᠋ᠤᠭᠠᠷ ᠰᠠᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ ᠪᠣᠯᠤᠨ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠬᠠᠮᠲᠤᠷᠠᠨ 2024 ᠣᠨ᠎ᠤ  《ᠳᠤᠮᠳᠠᠳᠤ ᠤᠯᠤᠰ᠎ᠤᠨ  ᠦᠵᠡᠯᠲᠡ ᠰᠣᠨᠣᠰᠤᠯᠲᠠ   ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》᠎ᠶ᠋ᠢᠨ ᠱᠢᠯᠭᠠᠷᠠᠭᠤᠯᠬᠤ ᠠᠵᠢᠯ᠎ᠤᠨ ᠮᠡᠳᠡᠭ᠌ᠳᠡᠯ᠎ᠢ ᠨᠡᠢᠲᠡᠯᠡᠵᠦ᠍᠂ ᠥᠷᠲᠡᠭ᠎ᠤᠨ ᠬᠥᠲᠥᠯᠦᠨ ᠵᠢᠯᠣᠭᠤᠳᠭᠤ ᠬᠦᠴᠦᠨ᠂ ᠣᠯᠠᠨ ᠤᠯᠤᠰ᠎ᠤᠨ ᠳᠠᠮᠵᠢᠭᠤᠯᠭ᠎ᠠ᠎ᠶ᠋ᠢᠨ ᠬᠦᠴᠦᠨ᠂ ᠣᠯᠠᠨ ᠤᠯᠤᠰ᠎ᠤᠨ ᠨᠥᠯᠥᠭᠡᠯᠡᠬᠦ᠌ ᠬᠦᠴᠦᠨ ᠵᠡᠷᠭᠡ ᠲᠠᠯ᠎ᠠ᠎ᠪᠠᠷ ᠶᠡᠷᠦᠩᠬᠡᠢᠯᠡᠨ ᠱᠢᠨᠵᠢᠯᠡᠨ ᠪᠠᠢᠴᠠᠭᠠᠵᠤ᠂ ᠡᠴᠦᠰ᠎ᠲᠤ᠎ᠪᠠᠨ 22 ᠱᠢᠯᠢᠳᠡᠭ ᠪᠦᠲᠦᠭᠡᠯ᠂ 21 ᠡᠯᠰᠡᠭ᠌ᠳᠡᠭ᠌ᠰᠡᠨ ᠪᠥᠲᠦᠭᠡᠯ᠂ 10 ᠱᠢᠯᠢᠳᠡᠭ ᠳᠡᠯᠭᠡᠷᠡᠭᠦᠯᠬᠦ᠌ ᠪᠠᠢᠭᠤᠯᠤᠮᠵᠢ ᠪᠠ 10 ᠱᠢᠯᠢᠳᠡᠭ ᠠᠵᠢᠯᠯᠠᠭ᠎ᠠ᠎ᠶ᠋ᠢ ᠲᠣᠭ᠍ᠲᠠᠭᠠᠵᠤ᠂ ᠪᠥᠬᠦ᠌ ᠠᠵᠢᠯ ᠲᠥᠷᠥᠯ᠎ᠤᠨ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠵᠤ᠂ ᠳᠡᠯᠡᠬᠡᠶ᠎ᠶ᠋ᠢᠨ ᠥᠷᠢᠰᠥᠯᠳᠦᠬᠦ᠌ ᠬᠦᠴᠦᠨ᠎ᠲᠠᠢ ᠰᠣᠳᠣᠨ ᠠᠭᠤᠯᠭ᠎ᠠ᠎ᠶ᠋ᠢ ᠡᠭᠦᠳᠬᠦ᠌᠎ᠶ᠋ᠢᠨ ᠲᠥᠯᠥᠭᠡ ᠶᠤᠮ᠃

2024 ᠤᠨ᠎ᠤ《ᠳᠤᠮᠳᠠᠳᠤ ᠤᠯᠤᠰ᠎ᠤᠨ ᠦᠵᠡᠯᠲᠡ ᠰᠣᠨᠣᠰᠤᠯᠲᠠ   ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》᠎ᠶ᠋ᠢᠨ ᠱᠢᠯᠢᠳᠡᠭ ᠪᠦᠳᠦᠭᠡᠯ

2024 ᠤᠨ᠎ᠤ《ᠳᠤᠮᠳᠠᠳᠤ ᠤᠯᠤᠰ᠎ᠤᠨ ᠦᠵᠡᠯᠲᠡ ᠰᠣᠨᠣᠰᠤᠯᠲᠠ   ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》᠎ᠳᠦ ᠡᠯᠰᠡᠭ᠌ᠳᠡᠭ᠌ᠰᠡᠨ ᠪᠦᠳᠦᠭᠡᠯ

2024 ᠤᠨ᠎ᠤ《ᠳᠤᠮᠳᠠᠳᠤ ᠤᠯᠤᠰ᠎ᠤᠨ ᠦᠵᠡᠯᠲᠡ ᠰᠣᠨᠣᠰᠤᠯᠲᠠ   ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》᠎ᠶ᠋ᠢᠨ ᠱᠢᠯᠢᠳᠡᠭ ᠠᠵᠢᠯᠯᠠᠭ᠎ᠠ 

2024 ᠤᠨ᠎ᠤ《ᠳᠤᠮᠳᠠᠳᠤ ᠤᠯᠤᠰ᠎ᠤᠨ ᠦᠵᠡᠯᠲᠡ ᠰᠣᠨᠣᠰᠤᠯᠲᠠ   ᠪᠥᠬᠦ᠌ ᠪᠦᠮᠪᠦᠷᠴᠡᠭ᠎ᠲᠤ ᠨᠡᠪᠲᠡᠷᠡᠭᠦᠯᠬᠦ᠌》᠎ᠶ᠋ᠢᠨ ᠱᠢᠯᠢᠳᠡᠭ ᠳᠡᠯᠭᠡᠷᠡᠭᠦᠯᠬᠦ᠌ ᠪᠠᠢᠭᠤᠯᠤᠮᠵᠢ

 

ᠢᠷᠡᠯᠲᠡ᠄ ᠷᠠᠳᠢᠣ᠋ ᠲᠧᠯᠸᠢᠰ᠎ᠤᠨ ᠴᠠᠭ᠎ᠤᠨ ᠱᠢᠭᠦᠮᠵᠢ