10 ᠳ᠋ᠤᠭᠠᠷ ᠰᠠᠷ᠎ᠠ᠎ᠶ᠋ᠢᠨ 28᠎ᠤ ᠡᠳᠦᠷ᠂ 2025 ᠣᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠶᠡᠭᠡ ᠬᠤᠷᠠᠯ ᠪᠡᠭᠡᠵᠢᠩ᠎ᠳᠤ ᠡᠬᠢᠯᠡᠪᠡ᠃ ᠲᠥᠪ᠎ᠤᠨ ᠤᠬᠠᠭᠤᠯᠭ᠎ᠠ᠎ᠶ᠋ᠢᠨ ᠬᠡᠯᠲᠡᠰ᠎ᠦᠨ ᠬᠡᠰᠡᠭ ᠡᠳᠦᠷ ᠲᠤᠳᠤᠮ᠎ᠤᠨ ᠠᠵᠢᠯ᠎ᠢ ᠬᠠᠮᠢᠶᠠᠷᠴᠤ᠌ ᠪᠠᠢᠭ᠎ᠠ ᠳᠡᠳ᠋ ᠳᠠᠷᠤᠭ᠎ᠠ ᠬᠤ᠌ ᠾᠧ ᠫᠢᠩ᠂ ᠲᠥᠪ᠎ᠤᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠌ ᠮᠢᠨ᠂ ᠪᠡᠭᠡᠵᠢᠩ ᠬᠤᠳᠠ᠎ᠶ᠋ᠢᠨ ᠳᠡᠳ᠋ ᠳᠠᠷᠤᠭ᠎ᠠ ᠰᠧ ᠮᠠ ᠬᠤᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠡᠬᠢᠯᠡᠯᠲᠡ᠎ᠶ᠋ᠢᠨ ᠶᠣᠰᠣᠯᠠᠯ᠎ᠢ ᠡᠷᠭᠢᠯᠡᠪᠡ᠃
ᠡᠬᠢᠯᠡᠯᠲᠡ᠎ᠶ᠋ᠢᠨ ᠶᠣᠰᠣᠯᠠᠯ ᠵᠢᠴᠢ ᠭᠤᠣᠯ ᠶᠠᠷᠢᠶᠠᠨ᠎ᠤ ᠲᠠᠪᠴᠠᠩ᠎ᠨᠢ 《ᠮᠠᠭ᠍ᠲᠠᠭᠤ ᠰᠠᠢᠬᠠᠨ ᠳᠣᠮᠳᠠᠲᠣ ᠣᠯᠣᠰ᠎ᠢ ᠦᠵᠡᠵᠦ᠍ ᠰᠣᠨᠣᠰᠭᠤ ᠰᠣᠳᠣᠨ ᠪᠦᠲᠦᠭᠡᠯ ᠠᠷᠠᠳ ᠲᠦᠮᠡᠨ᠎ᠳᠤ ᠬᠤᠪᠢ ᠨᠡᠮᠡᠷᠢ ᠦᠵᠡᠭᠦᠯᠬᠦ᠌》 ᠪᠠᠷ ᠭᠤᠣᠯ ᠰᠡᠳᠦᠪ ᠪᠣᠯᠭᠠᠵᠤ᠂ ᠷᠠᠳᠢᠣ᠋ ᠲᠧᠯᠸᠢᠰ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠭ᠌ᠰᠡᠨ ᠡᠯᠪᠡᠭ ᠦᠷ᠎ᠡ ᠪᠦᠲᠦᠭᠡᠯ᠎ᠢ ᠭᠦᠨᠵᠡᠭᠡᠢ ᠳ᠋ᠦᠩᠨᠡᠵᠦ᠍᠂ ᠱᠢᠨ᠎ᠡ ᠴᠠᠭ ᠦᠶ᠎ᠡ᠎ᠶ᠋ᠢᠨ ᠦᠵᠡᠵᠦ᠍ ᠰᠣᠨᠣᠰᠭᠤ ᠠᠭᠤᠯᠭ᠎ᠠ᠎ᠶ᠋ᠢ ᠵᠣᠬᠢᠶᠠᠨ ᠪᠦᠳᠦᠭᠡᠬᠦ᠌ ᠱᠢᠨ᠎ᠡ᠎ᠶ᠋ᠢ ᠡᠭᠦᠳᠬᠦ᠌ ᠠᠷᠭ᠎ᠠ ᠵᠠᠮ ᠪᠣᠯᠤᠨ ᠬᠥᠭ᠌ᠵᠢᠯᠲᠡ᠎ᠶ᠋ᠢᠨ ᠴᠢᠭ᠌ᠯᠡᠯ᠎ᠢ ᠰᠦᠪᠡᠭ᠌ᠴᠢᠯᠡᠵᠦ᠍᠂ ᠪᠦᠬᠦ᠌ ᠤᠯᠤᠰ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠶᠤᠮ᠃
ᠶᠡᠭᠡ ᠬᠤᠷᠠᠯ᠎ᠠᠴᠠ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ᠎ᠬᠢᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠬᠠᠭᠣᠯᠣᠨ ᠲᠣᠭᠣᠱᠢᠯᠠᠭᠣᠯᠵᠤ᠂ ᠪᠦᠬᠦᠳᠡ ᠬᠤᠷᠠᠯ᠎ᠤᠨ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌ ᠲᠤᠬᠠᠢ ᠴᠢᠬᠤᠯᠠ ᠶᠡᠭᠡ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ᠍ ᠵᠢᠭᠠᠨ ᠭᠠᠷᠭᠠᠪᠠ᠃ ᠶᠡᠭᠡ ᠬᠤᠷᠠᠯ᠎ᠠᠴᠠ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ᠎ᠬᠢᠨ ᠠᠷᠠᠳ ᠲᠦᠮᠡᠨ᠎ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠱᠢᠯᠢᠳᠡᠭ ᠠᠭᠤᠯᠭ᠎ᠠ᠎ᠶ᠋ᠢᠨ ᠬᠠᠩᠭᠠᠯᠭ᠎ᠠ᠎ᠶ᠋ᠢ ᠲᠠᠰᠤᠷᠠᠯᠲᠠ ᠦᠭᠡᠢ ᠪᠠᠶᠠᠯᠢᠭ᠍ᠵᠢᠭᠤᠯᠬᠤ ᠬᠡᠷᠡᠭ᠌ᠲᠡᠢ; ᠰᠣᠶᠣᠯ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠭᠤᠰᠤᠯᠴᠠᠯ᠎ᠢ ᠪᠠᠷᠢᠮᠲᠠᠯᠠᠵᠤ᠂ ᠷᠠᠳᠢᠣ᠋ ᠲᠧᠯᠸᠢᠰ᠎ᠦᠨ ᠦᠵᠡᠵᠦ᠍ ᠰᠣᠨᠣᠰᠭᠣ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠬᠦ᠌ ᠬᠡᠷᠡᠭ᠌ᠲᠡᠢ;ᠡᠷᠳᠡᠨᠤᠬᠢᠶ᠋ᠢ ᠡᠳᠦᠭᠡ᠎ᠳᠤ ᠬᠡᠷᠡᠭ᠌ᠯᠡᠵᠦ᠍᠂ ᠬᠠᠭᠤᠴᠢᠨ᠎ᠢ ᠤᠷᠬᠢᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠰᠣᠶᠣᠯ᠎ᠤᠨ ᠰᠤᠳᠠᠰᠤ᠎ᠶ᠋ᠢ ᠨᠠᠩ ᠰᠠᠢᠲᠤᠷ ᠦᠷᠭᠦᠯᠵᠢᠯᠡᠭᠦᠯᠬᠦ᠌ ᠬᠡᠷᠡᠭ᠌ᠲᠡᠶ; ᠨᠡᠭᠡᠭᠡᠯᠲᠡᠲᠡᠢ ᠪᠠᠭ᠍ᠲᠠᠭᠠᠮᠵᠢᠲᠠᠢ ᠪᠠᠢᠬᠤ᠎ᠶ᠋ᠢ ᠪᠠᠷᠢᠮᠲᠠᠯᠠᠵᠤ᠂ ᠪᠣᠯᠪᠠᠰᠤᠨ᠎ᠤ ᠰᠣᠯᠢᠯᠴᠠᠭ᠎ᠠ ᠲᠣᠯᠢᠯᠠᠯ᠎ᠢ ᠭᠦᠨᠵᠡᠭᠡᠢᠷᠡᠭᠦᠯᠬᠦ᠌᠎ᠳᠤ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠶᠡᠭᠡ ᠬᠤᠷᠠᠯ᠎ᠠᠴᠠ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ᠎ᠬᠢᠨ ᠳᠣᠲᠣᠭᠠᠳᠤ ᠪᠠᠭ᠍ᠲᠠᠭᠠᠮᠵᠢ᠎ᠶ᠋ᠢᠨ ᠶᠠᠰᠤ ᠴᠢᠨᠠᠷ᠎ᠢ ᠵᠡᠷᠭᠡ ᠪᠡᠷ ᠳᠡᠭᠡᠭ᠌ᠰᠢᠯᠡᠭᠦᠯᠬᠦ᠂ ᠰᠣᠳᠣᠨ ᠪᠦᠲᠦᠭᠡᠯ ᠦᠷᠭᠦᠯᠵᠢᠯᠡᠨ ᠭᠠᠷᠬᠤ᠎ᠶ᠋ᠢ ᠠᠬᠢᠭᠤᠯᠵᠤ᠂ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠱᠢᠰᠲ᠋ᠧᠮᠲᠦ ᠴᠢᠨᠠᠷᠲᠠᠢ ᠥᠭᠡᠷᠡᠴᠢᠯᠡᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠲᠤᠯᠭᠠᠭᠤᠷᠢᠯᠠᠯ᠎ᠤᠨ ᠬᠦᠴᠦᠨ ᠨᠡᠮᠡᠷᠢᠯᠡᠬᠦ᠌ ᠬᠦᠳᠦᠯᠦᠨ ᠳᠠᠭᠠᠭᠤᠯᠬᠤ ᠦᠢᠯᠡᠳᠦᠯ᠎ᠢ ᠴᠢᠩᠭᠠᠷᠠᠭᠤᠯᠵᠤ᠂ ᠤᠯᠠᠨ ᠤᠯᠤᠰ᠎ᠤᠨ ᠳᠠᠮᠵᠢᠭᠤᠯᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠨᠡᠩ ᠤᠯᠠᠨ ᠰᠣᠳᠣᠨ ᠪᠦᠲᠦᠭᠡᠯ᠂ ᠨᠡᠩ ᠥᠷᠭᠡᠨ ᠤᠯᠠᠮᠵᠢᠯᠠᠯ᠂ ᠨᠡᠩ ᠰᠠᠢᠨ ᠣᠢᠯᠠᠭᠠᠯᠲᠠ᠂ ᠨᠡᠩ ᠱᠢᠯᠢᠳᠡᠭ ᠣᠷᠴᠢᠨ ᠲᠣᠭᠤᠷᠢᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠠᠭᠤᠯᠭ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠲᠦᠪ᠎ᠤᠨ ᠷᠠᠳᠢᠤ᠋ ᠲᠧᠯᠸᠢᠰ᠎ᠤᠨ ᠶᠡᠷᠦᠩᠭᠡᠢ ᠬᠤᠷᠢᠶ᠎ᠠ᠎ᠶ᠋ᠢᠨ ᠨᠠᠮ᠎ᠤᠨ ᠲᠤᠭᠤᠢ᠌ᠯᠠᠩ᠎ᠤᠨ ᠭᠡᠱᠢᠭᠦᠨ᠂ ᠲᠡᠳ᠋ ᠬᠤᠷᠢᠶᠠᠨ ᠲᠠᠷᠤᠭ᠎ᠠ ᠴᠢ ᠵᠦ᠍ ᠴᠢᠤᠸᠠᠨ᠂ ᠲᠤᠮᠳᠠᠳᠤ ᠤᠯᠤᠰ᠎ᠤᠨ ᠵᠤᠬᠢᠶᠠᠯᠴᠢᠳ᠎ᠤᠨ ᠨᠡᠢᠭᠡᠮᠯᠢᠭ᠎ᠤᠨ ᠨᠠᠮ᠎ᠤᠨ ᠤᠳᠤᠷᠢᠳᠭᠤ ᠲᠤᠭᠤᠢ᠌ᠯᠠᠩ᠎ᠤᠨ ᠭᠡᠱᠢᠭᠦᠨ᠂ ᠱᠦᠵᠢ ᠨᠡᠷ᠎ᠤᠨ ᠭᠠᠵᠠᠷ᠎ᠤᠨ ᠱᠦᠵᠢ ᠬᠤ᠌ ᠪᠠᠩ ᠱᠧᠩ᠂ ᠪᠡᠭᠡᠵᠢᠩ ᠬᠤᠳᠠ᠎ᠶ᠋ᠢᠨ ᠷᠠᠳᠢᠤ᠋ ᠲᠧᠯᠸᠢᠰ᠎ᠤᠨ ᠲᠤᠪᠴᠢᠶᠠᠨ᠎ᠤ ᠨᠠᠮ᠎ᠤᠨ ᠤᠳᠤᠷᠢᠳᠭᠤ ᠲᠤᠭᠤᠢ᠌ᠯᠠᠩ᠎ᠤᠨ ᠱᠦᠵᠢ᠂ ᠲᠤᠪᠴᠢᠶᠠᠨ ᠲᠠᠷᠤᠭ᠎ᠠ ᠸᠠᠩ ᠵᠢᠶᠧ ᠴᠢᠶᠦ᠋ᠨ᠂ ᠱᠠᠩᠬᠠᠢ ᠬᠤᠳᠠ᠎ᠶ᠋ᠢᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠳᠡᠰ᠎ᠤᠨ ᠲᠡᠳ᠋ ᠲᠠᠷᠤᠭ᠎ᠠ᠂ ᠱᠠᠩᠬᠠᠢ᠎ᠶ᠋ᠢᠨ ᠷᠠᠳᠢᠣ᠋ ᠲᠸᠯᠸᠢᠰ ᠬᠤᠷᠢᠶᠠᠨ᠎ᠤ ᠨᠠᠮ᠎ᠤᠨ ᠬᠤᠷᠢᠶᠠᠨ᠎ᠤ ᠱᠦᠵᠢ᠂ ᠬᠤᠷᠢᠶᠠᠨ ᠳᠠᠷᠣᠭ᠎ᠠ᠂ ᠶᠡᠷᠦᠩᠬᠡᠢ ᠨᠠᠢᠷᠠᠭᠤᠯᠤᠭ᠍ᠴᠢ ᠹᠠᠩ ᠱ᠌ᠢ ᠵᠦᠩ᠂ ᠬᠤᠨᠠᠨ᠎ᠤ ᠷᠠᠳᠢᠤ᠋ ᠺᠢᠨᠣ᠋ ᠲᠧᠯᠸᠢᠰ᠎ᠤᠨ ᠪᠦᠯᠦᠭ᠌ᠯᠡᠯ᠎ᠤᠨ ᠬᠢᠵᠠᠭᠠᠷᠳᠤ ᠺᠤᠮᠫᠠᠨᠢ᠎ᠶ᠋ᠢᠨ ᠨᠠᠮ᠎ᠤᠨ ᠬᠤᠷᠢᠶ᠎ᠠ᠎ᠶ᠋ᠢᠨ ᠱᠦᠵᠢ᠂ ᠭᠡᠷᠡᠭ ᠮᠡᠳᠡᠭ᠌ᠴᠢᠳ᠎ᠤᠨ ᠲᠠᠷᠤᠭ᠎ᠠ᠂ ᠬᠤᠷᠢᠶᠠᠨ ᠲᠠᠷᠤᠭ᠎ᠠ᠂ ᠶᠡᠷᠦᠩᠬᠡᠢ ᠨᠠᠢᠷᠠᠭᠤᠯᠤᠭ᠍ᠴᠢ ᠬᠦᠩ ᠵᠧᠩ ᠸᠧᠨ᠂ ᠵᠢᠴᠢ ᠤᠳᠤᠷᠢᠳᠤᠭᠠᠴᠢ ᠺᠦᠩ ᠱᠧᠩ᠂ ᠵᠦᠴᠦᠭᠡ ᠨᠠᠢᠷᠠᠭᠤᠯᠤᠭ᠍ᠴᠢ ᠯᠢᠶᠠᠩ ᠵᠧᠨ ᠬᠤᠸᠠ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠦᠢᠯᠡᠳᠬᠦ᠌ ᠠᠵᠤ ᠦᠢᠯᠡᠰ᠎ᠤᠨ ᠨᠡᠢᠭᠡᠮᠯᠢᠭ᠎ᠤᠨ ᠪᠠᠢᠩᠭᠤ᠎ᠶ᠋ᠢᠨ ᠳᠡᠳ᠋ ᠳᠠᠷᠤᠭ᠎ᠠ᠂ ᠬᠤᠸᠠ ᠼᠧ ᠺᠢᠨᠣ᠋ ᠲᠧᠯᠸᠢᠰ᠎ᠤᠨ ᠬᠡᠷᠡᠭ ᠮᠡᠳᠡᠭ᠌ᠴᠢᠳ᠎ᠤᠨ ᠳᠠᠷᠤᠭ᠎ᠠ ᠵᠤᠤ ᠢ ᠹᠠᠩ᠂ ᠳᠤᠮᠳᠠᠳᠤ ᠤᠯᠤᠰ᠎ᠤᠨ ᠦᠵᠡᠵᠤ ᠰᠣᠨᠣᠰᠭᠤ ᠨᠡᠢᠭᠡᠮᠯᠢᠭ᠎ᠤᠨ ᠺᠢᠨᠣ᠋ ᠲᠧᠯᠸᠢᠰ᠎ᠤᠨ ᠬᠠᠮᠲᠤᠷᠠᠯᠴᠠᠭ᠎ᠠ᠎ᠶ᠋ᠢ ᠠᠬᠢᠭᠤᠯᠬᠤ ᠵᠥᠪᠯᠡᠯ᠎ᠤᠨ ᠭᠦᠢᠴᠡᠳᠭᠡᠬᠦ᠌ ᠳᠠᠷᠤᠭ᠎ᠠ᠂ ᠠᠢ ᠴᠢ ᠢ᠎ᠶ᠋ᠢᠨ ᠲᠥᠷᠥᠭᠥᠥ ᠠᠭᠤᠯᠭ᠎ᠠ᠎ᠶ᠋ᠢᠨ ᠳᠠᠷᠤᠭ᠎ᠠ ᠸᠠᠩ ᠱᠢᠶᠤᠤ ᠬᠤᠢ᠂ ᠬᠤᠸᠠ ᠨᠠ ᠠᠬ᠎ᠠ ᠳᠡᠭᠦᠦ ᠬᠠᠢᠨ ᠰᠦᠪᠡᠭ᠌ᠴᠢᠯᠡᠬᠦ᠌ ᠪᠦᠯᠦᠭ᠌ᠯᠡᠯ᠎ᠤᠨ ᠳᠡᠳ᠋ ᠶᠡᠷᠣᠩᠬᠡᠢᠯᠡᠭ᠌ᠴᠢ ᠸᠧᠢ ᠺᠧ ᠿᠠᠨ • ᠴᠢᠶᠠᠨ ᠨᠠ᠂ ᠣᠳᠣᠷᠢᠳᠣᠭᠠᠴᠢ ᠴᠸᠨ ᠯᠢᠶᠤᠤ ᠢᠣᠢ᠂ ᠲᠤᠭ᠍ᠯᠠᠭ᠍ᠴᠢ ᠸᠠᠩ ᠯᠸᠢ ᠵᠡᠷᠭᠡ ᠭᠤᠤᠯ ᠰᠡᠳᠦᠪᠳᠤ ᠶᠠᠷᠢᠶ᠎ᠠ ᠲᠠᠯᠪᠢᠪᠠ᠃
ᠪᠠᠷᠢᠮᠲᠠᠲᠤ ᠺᠢᠨᠣ᠋ ᠶ᠋ᠢᠨ ᠱᠢᠨ᠎ᠡ᠎ᠶ᠋ᠢ ᠡᠭᠦᠳᠬᠦ᠌ ᠲᠥᠯᠥᠪᠯᠡᠭᠡ᠎ᠶ᠋ᠢ ᠶᠡᠭᠡ ᠬᠤᠷᠠᠯ᠎ᠤᠨ ᠬᠤᠭᠤᠴᠠᠭᠠᠨ᠎ᠳᠤ ᠵᠢᠩᠬᠢᠨᠢ᠎ᠪᠠᠷ ᠡᠬᠢᠯᠡᠭᠦᠯᠵᠦ᠍᠂ ᠪᠠᠷᠢᠮᠲᠠᠲᠤ ᠺᠢᠨᠣ᠋ ᠶ᠋ᠢᠨ ᠵᠣᠬᠢᠶᠠᠨ ᠪᠦᠲᠦᠭᠡᠯᠭᠡ᠎ᠶ᠋ᠢ ᠥᠷᠭᠡᠳᠭᠡᠬᠦ᠌ ᠰᠡᠳᠦᠪ᠎ᠤᠨ ᠵᠠᠭᠠᠭ ᠬᠢᠵᠠᠭᠠᠷ᠂ ᠱᠢᠨ᠎ᠡ᠎ᠶ᠋ᠢ ᠡᠭᠦᠳᠬᠦ᠌ ᠢᠯᠡᠳᠭᠡᠬᠦ᠌ ᠦᠭᠡ ᠬᠡᠯᠡ᠎ᠶ᠋ᠢ ᠵᠣᠷᠢᠭ᠍ᠵᠢᠭᠤᠯᠪᠠ; 《 ᠵᠥᠴᠥᠭᠡ ᠦᠵᠡᠰᠭᠦᠯᠡᠩᠲᠦ ᠳᠤᠮᠳᠠᠳᠤ ᠤᠯᠤᠰ》 ᠭᠡᠬᠦ᠌ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠲᠥᠯᠥᠪᠯᠡᠭᠡ ᠵᠡᠷᠭᠡ᠎ᠪᠠᠷ ᠬᠥᠱᠢᠭᠡ᠎ᠪᠠᠨ ᠰᠡᠬᠦᠵᠦ᠍᠂ ᠨᠢᠭᠡ ᠪᠦᠯᠦᠭ ᠴᠠᠭ ᠦᠶ᠎ᠡ᠎ᠶ᠋ᠢᠨ ᠭᠤᠣᠯ ᠰᠡᠳᠦᠪ᠎ᠲᠤ ᠲᠥᠪᠯᠡᠷᠡᠭᠦᠯᠦᠭ᠌ᠰᠡᠨ᠂ ᠠᠷᠠᠳ ᠲᠦᠮᠡᠨ᠎ᠤ ᠬᠠᠢᠷ᠎ᠠ ᠰᠡᠳᠭᠢᠯᠭᠡ᠎ᠶ᠋ᠢ ᠢᠯᠡᠷᠡᠭᠦᠯᠦᠭ᠌ᠰᠡᠨ ᠲᠧᠯᠸᠢᠰ ᠵᠦᠴᠦᠭᠡ᠎ᠶ᠋ᠢᠨ ᠲᠦᠷᠦᠯ ᠵᠦᠢᠯ᠎ᠢ ᠭᠤᠣᠯᠳᠠᠯᠭ᠎ᠠ᠎ᠲᠠᠢ ᠲᠡᠳᠬᠦᠬᠦ᠌᠎ᠪᠠᠷ ᠵᠣᠷᠢᠯᠭ᠎ᠠ᠎ᠪᠠᠨ ᠪᠣᠯᠭᠠᠵᠠᠢ᠃ ᠶᠡᠭᠡ ᠬᠤᠷᠠᠯ᠎ᠤᠨ ᠭᠤᠣᠯ ᠶᠠᠷᠢᠶᠠᠨ᠎ᠤ ᠲᠠᠪᠴᠠᠩ᠎ᠤᠨ ᠲᠤᠬᠠᠢ᠎ᠶ᠋ᠢᠨ ᠲᠠᠯᠠᠪᠠᠢ᠎ᠳᠤ ᠪᠠᠰᠠ 2024 ᠣᠨ᠎ᠤ 《ᠳᠤᠮᠳᠠᠳᠤ ᠤᠯᠤᠰ᠎ᠢ ᠦᠵᠡᠵᠦ᠍ ᠰᠣᠨᠣᠰᠭᠣ ᠪᠦᠬᠦ᠌ ᠪᠥᠮᠪᠥᠷᠴᠡᠭ᠎ᠤᠨ ᠨᠡᠪᠲᠡᠷᠡᠭᠦᠯᠭᠡ》 ᠠᠵᠢᠯᠯᠠᠭ᠎ᠠ᠎ᠶ᠋ᠢᠨ ᠱᠢᠯᠢᠳᠡᠭ ᠪᠦᠲᠦᠭᠡᠯ ᠪᠠ ᠪᠠᠢᠭᠤᠯᠤᠮᠵᠢ᠎ᠶ᠋ᠢᠨ ᠱᠢᠯᠭᠠᠷᠠᠭᠤᠯᠤᠯᠲᠠ᠎ᠶ᠋ᠢᠨ ᠦᠷ᠎ᠡ ᠳ᠋ᠦᠩ᠎ᠢ ᠨᠡᠢᠲᠡᠯᠡᠪᠡ᠃
ᠲᠣᠰ ᠬᠤᠭᠤᠴᠠᠭᠠᠨ᠎ᠤ ᠶᠡᠭᠡ ᠬᠤᠷᠠᠯ᠎ᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠂ ᠪᠡᠭᠡᠵᠢᠩ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠪᠡᠭᠡᠵᠢᠩ ᠬᠤᠲᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠪᠡᠭᠡᠵᠢᠩ ᠬᠤᠲᠠ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠪᠡᠭᠡᠵᠢᠩ ᠬᠤᠲᠠ᠎ᠶ᠋ᠢᠨ ᠴᠤᠤᠶᠠᠩ ᠲᠣᠭᠤᠷᠢᠭ᠎ᠤᠨ ᠨᠠᠮ᠎ᠤᠨ ᠬᠤᠷᠢᠶᠠᠨ᠎ᠤ ᠵᠠᠰᠠᠭ᠎ᠤᠨ ᠣᠷᠳᠣᠨ ᠳᠠᠭᠠᠭᠠᠴᠢᠯᠠᠨ ᠡᠷᠭᠢᠯᠡᠵᠦ᠍᠂ 10 ᠳ᠋ᠤᠭᠠᠷ ᠰᠠᠷ᠎ᠠ᠎ᠶ᠋ᠢᠨ 29 ᠤ ᠡᠳᠦᠷ ᠪᠣᠯᠲᠠᠯ᠎ᠠ ᠦᠷᠭᠦᠯᠵᠢᠯᠡᠨ᠎ᠡ᠃ ᠡᠬᠢᠯᠡᠯᠲᠡ᠎ᠶ᠋ᠢᠨ ᠶᠣᠰᠣᠯᠠᠯ ᠵᠢᠴᠢ ᠭᠤᠣᠯ ᠶᠠᠷᠢᠶᠠᠨ᠎ᠤ ᠲᠠᠪᠴᠠᠩ᠎ᠨᠢ ᠪᠠᠰᠠ ᠰᠣᠳᠣᠨ ᠰᠥᠨᠢ᠂ 10ᠲᠠᠯᠠᠪᠤᠷ ᠵᠡᠷᠭᠡᠴᠡᠭᠡ ᠶᠠᠷᠢᠶᠠᠨ᠎ᠤ ᠲᠠᠪᠴᠠᠩ᠂ 6 ᠲᠠᠯᠠᠪᠤᠷ ᠤᠳᠭ᠎ᠠ ᠤᠷᠠᠯᠢᠭ᠎ᠤᠨ ᠱᠡᠯᠦᠩ ᠪᠣᠯᠤᠨ ᠡᠳᠦᠢ ᠲᠡᠳᠦᠢ ᠲᠠᠯᠠᠪᠥᠷ ᠢᠵᠢ ᠪᠦᠷᠢᠳᠦᠭ᠌ᠰᠡᠨ ᠠᠵᠢᠯᠯᠠᠭ᠎ᠠ ᠥᠷᠨᠢᠭᠦᠯᠵᠦ᠍᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠡᠯ᠎ᠡ ᠬᠦᠷᠢᠶ᠎ᠡ᠎ᠶ᠋ᠢ ᠬᠠᠮᠤᠷᠪᠠ᠃ ᠶᠡᠭᠡ ᠬᠤᠷᠠᠯ᠎ᠠᠴᠠ ᠪᠥᠬᠦ᠌ ᠤᠯᠤᠰ᠎ᠤᠨ 1000 ᠭᠠᠷᠤᠶ ᠠᠵᠢᠯ ᠲᠥᠷᠥᠯ᠎ᠤᠨ ᠡᠲᠡᠭᠡᠳ᠎ᠤᠨ ᠪᠠᠢᠭᠤᠯᠤᠮᠵᠢ᠂ 9000 ᠭᠠᠷᠤᠶ ᠠᠵᠢᠯ ᠲᠥᠷᠥᠯ᠎ᠤᠨ ᠲᠥᠯᠥᠭᠡᠯᠡᠭ᠌ᠴᠢ᠎ᠶ᠋ᠢ ᠲᠡᠳᠡᠨ ᠣᠷᠣᠯᠴᠠᠭᠤᠯᠵᠤ᠂ ᠵᠣᠬᠢᠶᠠᠨ ᠪᠦᠲᠦᠭᠡᠬᠦ᠌᠎ᠶ᠋ᠢ ᠬᠥᠲᠥᠯᠥᠨ ᠳᠠᠭᠠᠭᠤᠯᠬᠤ᠂ ᠣᠨᠣᠯ᠎ᠤᠨ ᠰᠤᠳᠤᠯᠤᠨ ᠶᠠᠷᠢᠯᠴᠠᠬᠤ᠂ ᠱᠢᠯᠢᠳᠡᠭ᠎ᠢ᠎ᠨᠢ ᠳᠡᠪᠱᠢᠭᠦᠯᠵᠦ᠍ ᠨᠡᠢᠲᠡᠯᠡᠬᠦ᠌᠂ ᠴᠢᠳᠠᠪᠤᠷᠢᠲᠠᠨ᠎ᠢ ᠬᠥᠮᠦᠵᠢᠭᠦᠯᠬᠦ᠂ ᠠᠵᠤ ᠦᠢᠯᠡᠰ᠎ᠤᠨ ᠬᠤᠯᠪᠣᠭᠠᠯᠠᠨ ᠬᠥᠳᠡᠯᠦᠯᠴᠡᠬᠦ᠌ ᠵᠡᠷᠭᠡ ᠣᠯᠠᠨ ᠴᠢᠳᠠᠮᠵᠢᠳᠤ ᠲᠠᠪᠴᠠᠩ᠎ᠢᠶᠠᠷ ᠳᠠᠮᠵᠢᠭᠤᠯᠤᠨ᠂ ᠣᠢᠷ᠎ᠠ᠎ᠶ᠋ᠢᠨ ᠵᠢᠯ᠎ᠤᠨ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠰᠣᠳᠣᠨ ᠪᠦᠲᠦᠭᠡᠯ᠎ᠢ ᠪᠥᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃
ᠲᠥᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠬᠡᠷ᠂ ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭᠠᠨ᠎ᠤ ᠬᠦᠷᠢᠶᠡᠯᠡᠩ᠂ ᠠᠷᠠᠳ᠎ᠤᠨ ᠡᠳᠦᠷ᠎ᠤᠨ ᠰᠣᠨᠢᠨ᠎ᠤ ᠬᠤᠷᠢᠶ᠎ᠠ᠂ ᠳᠤᠮᠳᠠᠳᠤ ᠤᠯᠤᠰ᠎ᠤᠨ ᠤᠳᠭ᠎ᠠ ᠤᠷᠠᠯᠢᠭ᠎ᠤᠨ ᠬᠢᠨ᠎ᠦ ᠬᠤᠯᠪᠣᠭ᠎ᠠ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢᠭᠡᠮᠯᠢᠭ᠂ ᠳᠤᠮᠳᠠᠳᠤ ᠤᠯᠤᠰ᠎ᠤᠨ ᠰᠤᠷᠪᠤᠯᠵᠢᠯᠠᠭ᠍ᠴᠢ᠎ᠶ᠋ᠢᠨ ᠨᠡᠢᠭᠡᠮᠯᠢᠭ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠴᠡᠷᠢᠭ᠎ᠤᠨ ᠠᠯᠪᠠᠨ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠶᠠᠮᠤᠨ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠂ ᠱᠢᠨᠬᠤᠸᠠ ᠬᠤᠷᠢᠶ᠎ᠠ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠤᠯᠤᠰ᠎ᠤᠨ ᠪᠠᠳᠤᠯᠠᠨ ᠬᠠᠮᠠᠭᠠᠯᠠᠯᠳᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠠᠵᠤ ᠦᠢᠯᠡᠳᠪᠤᠷᠢ᠎ᠶ᠋ᠢᠨ ᠲᠤᠪᠴᠢᠶ᠎ᠠ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠤᠯᠤᠰ ᠲᠥᠷᠥ᠎ᠶ᠋ᠢᠨ ᠠᠵᠢᠯ᠎ᠤᠨ ᠬᠡᠯᠲᠡᠰ᠂ ᠪᠡᠭᠡᠵᠢᠩ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠂ ᠪᠡᠭᠡᠵᠢᠩ ᠬᠤᠲᠠ᠎ᠶ᠋ᠢᠨ ᠵᠠᠰᠠᠭ᠎ᠤᠨ ᠣᠷᠳᠣᠨ᠂ ᠪᠡᠭᠡᠵᠢᠩ ᠬᠤᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ ᠵᠡᠷᠭᠡ ᠬᠤᠯᠪᠣᠭ᠍ᠳᠠᠯ ᠪᠥᠬᠦᠶ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠪᠠ᠃