ᠭᠤᠴᠢᠨ ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠤᠯᠤᠰ᠎ᠤ᠋ᠨ ᠰᠣᠨᠢᠨ ᠮᠡᠳᠡᠭᠡᠨᠦ᠌ ᠱᠠᠩᠨᠠᠯ ᠣᠯᠭᠣᠬᠤ ᠮᠡᠳᠡᠭᠦᠯᠦᠯᠲᠡ᠎ᠶᠢᠨ ᠬᠤᠷᠠᠯ 6 ᠤ᠋ ᠡᠳᠦᠷ ᠪᠡᠭᠡᠵᠢᠩᠳ᠋ᠦ᠍ ᠶᠠᠪᠣᠭ᠍ᠳᠠᠪᠠ᠃ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠣᠬᠠᠭᠣᠯᠬᠣ ᠬᠡᠯᠲᠡᠰ᠎ᠦᠨ ᠳᠠᠷᠤᠭ᠎ᠠ ᠯᠢ ᠱᠦ᠍ ᠯᠸᠢ ᠬᠤᠷᠠᠯ᠎ᠳᠤ ᠣᠷᠣᠯᠴᠠᠭ᠍ᠰᠠᠨ ᠪᠦᠭᠡᠳ ᠶᠠᠷᠢᠶ᠎ᠠ ᠲᠠᠯᠪᠢᠪᠠ᠃
ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠪᠦᠬᠦ᠌ ᠨᠠᠮ ᠪᠦᠬᠦ᠌ ᠤᠯᠤᠰ᠎ᠤᠨ ᠴᠢᠬᠤᠯᠠ ᠶᠡᠭᠡ ᠤᠯᠤᠰ ᠲᠦᠷᠦ᠍᠎ᠶ᠋ᠢᠨ ᠡᠭᠦᠷᠭᠡ ᠪᠣᠯᠣᠨ᠎ᠠ᠂ ᠪᠠᠰᠠ ᠴᠤ᠌ ᠰᠣᠨᠢᠨ ᠮᠡᠳᠡᠭᠡᠨ᠎ᠤ ᠹᠷᠣᠨᠲ᠎ᠤᠨ ᠡᠷᠬᠡᠪᠰᠢ ᠡᠭᠦᠷᠭᠡᠯᠡᠬᠦ᠌ ᠴᠢᠬᠤᠯᠠ ᠶᠡᠭᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠍᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶ᠋ᠢᠨ ᠬᠤᠭᠤᠴᠠᠭᠠᠨ᠎ᠤ ᠴᠢᠬᠤᠯᠠ ᠶᠡᠭᠡ ᠠᠮᠵᠢᠯᠲᠠ ᠪᠦᠲᠦᠮᠵᠢ᠎ᠶ᠋ᠢᠨ ᠤᠬᠠᠭᠤᠯᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠥᠯᠭᠡ ᠶ᠋ᠢᠨ ᠬᠤᠭᠤᠴᠠᠭᠠᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠤᠬᠠᠭᠤᠯᠤᠨ ᠲᠠᠢᠯᠪᠤᠷᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠠᠬᠢᠴᠠ ᠦᠷ᠎ᠡ ᠪᠦᠲᠦᠮᠵᠢ᠎ᠶ᠋ᠢ ᠭᠦᠢᠴᠡᠳ ᠲᠤᠰᠭᠠᠵᠤ᠂ ᠰᠤᠷᠤᠯᠴᠠᠨ ᠲᠤᠭᠤᠱᠢᠯᠠᠭᠤᠯᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠦᠵᠡᠪᠡ᠃
ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠂ ᠭᠤᠤᠯ ᠤᠷᠤᠰᠭᠠᠯ᠎ᠤᠨ ᠵᠠᠭᠤᠴᠢᠯᠠᠭᠤᠷ᠎ᠤᠨ ᠱᠢᠰᠲᠸᠮᠲᠦ ᠴᠢᠨᠠᠷᠲᠠᠶ ᠬᠤᠪᠢᠰᠤᠯᠲᠠ᠎ᠶ᠋ᠢ ᠭᠦᠨᠵᠡᠭᠡᠢᠷᠡᠭᠦᠯᠵᠦ᠍᠂ ᠬᠠᠮ ᠵᠠᠭᠤᠴᠢᠯᠠᠭᠤᠷ᠎ᠤᠨ ᠦᠢᠯᠡᠳᠪᠦᠷᠢᠯᠡᠵᠦ᠍ ᠤᠯᠠᠮᠵᠢᠯᠠᠬᠤ᠎ᠳᠤ ᠵᠣᠬᠢᠴᠠᠬᠤ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠱᠢᠯᠢᠳᠡᠭ ᠠᠭᠤᠯᠭ᠎ᠠ ᠦᠢᠯᠡᠳᠪᠦᠷᠢᠯᠡᠬᠦ᠌᠎ᠶ᠋ᠢ ᠤᠷᠮᠠᠱᠢᠭᠤᠯᠬᠤ᠎ᠪᠠᠷ ᠤᠳᠤᠷᠢᠳᠤᠮᠵᠢ ᠪᠣᠯᠭᠠᠭ᠍ᠰᠠᠨ ᠦᠨᠡᠯᠡᠬᠦ᠌ ᠲᠣᠭ᠍ᠲᠠᠯᠴᠠᠭ᠎ᠠ᠎ᠶ᠋ᠢ ᠪᠠᠢᠭᠤᠯᠵᠤ᠂ ᠭᠤᠤᠯ ᠤᠷᠤᠰᠭᠠᠯ᠎ᠤᠨ ᠶᠠᠷᠢᠶ᠎ᠠ ᠬᠡᠯᠡᠯᠴᠡᠭᠡᠨ᠎ᠤ ᠳᠠᠮᠵᠢᠭᠤᠯᠬᠤ ᠬᠦᠴᠦᠨ᠎ᠤ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠴᠠᠭ ᠪᠢᠳᠡᠨ᠎ᠢ ᠬᠦᠯᠢᠶᠡᠬᠦ᠌ ᠦᠭᠡᠢ ᠣᠪᠣᠷ᠎ᠢᠶᠠᠷ ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠵᠤ᠂ ᠭᠦᠨᠵᠡᠭᠡᠢ ᠮᠡᠳᠡᠭᠡᠯᠡᠬᠦ᠌ ᠪᠠ ᠰᠣᠨᠢᠨ ᠮᠡᠳᠡᠭᠡᠨ᠎ᠤ ᠱᠢᠭᠦᠮᠵᠢ ᠬᠢᠬᠦ᠌᠎ᠶ᠋ᠢ ᠴᠢᠩᠭᠠᠳᠭᠠᠵᠤ᠂ ᠦᠯᠢᠭᠡᠷ ᠶᠠᠷᠢᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠦᠨᠡᠨ ᠬᠦ᠌ ᠶᠣᠰᠣ᠎ᠪᠠᠷ ᠬᠥᠮᠦᠨ᠎ᠢ ᠪᠢᠱᠢᠷᠡᠭᠦᠯᠵᠦ᠍᠂ ᠰᠣᠶᠣᠯ᠎ᠢᠶᠠᠷ ᠬᠥᠮᠦᠨ᠎ᠢ ᠳᠣᠭ᠍ᠳᠣᠯᠤᠭᠤᠯᠬᠤᠶ᠋ᠢ ᠪᠡᠶᠡᠯᠡᠭᠦᠯᠬᠦ᠌ ᠬᠡᠷᠡᠭ᠌ᠲᠡᠢ᠃ ᠴᠢᠳᠠᠪᠤᠷᠢᠲᠠᠨ᠎ᠢ ᠬᠥᠮᠦᠵᠢᠭᠦᠯᠬᠦ᠌ ᠬᠠᠮᠢᠶᠠᠷᠤᠯᠲᠠ᠎ᠶ᠋ᠢᠨ ᠲᠣᠭ᠍ᠲᠠᠯᠴᠠᠭ᠎ᠠ᠎ᠶ᠋ᠢ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠢ ᠦᠨᠡᠯᠡᠬᠦ᠌ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠨᠡᠩ ᠴᠢᠩᠭ᠎ᠠ ᠪᠠᠢᠯᠳᠣᠬᠣ ᠬᠦᠴᠦᠨ᠎ᠲᠠᠢ ᠰᠣᠨᠢᠨ ᠮᠡᠳᠡᠭᠡᠨ᠎ᠤ ᠡᠩᠨᠡᠭᠡ᠎ᠶ᠋ᠢ ᠲᠦᠷᠭᠡᠨ ᠬᠥᠮᠦᠵᠢᠭᠦᠯᠬᠦ᠌ ᠬᠡᠷᠡᠭ᠌ᠲᠡᠢ ᠭᠡᠵᠦ᠍ ᠢᠯᠡᠳᠭᠡᠪᠡ᠃
ᠮᠡᠳᠡᠭᠦᠯᠦᠯᠲᠡ᠎ᠶ᠋ᠢᠨ ᠬᠤᠷᠠᠯ᠎ᠢ ᠳᠤᠮᠳᠠᠳᠤ ᠤᠯᠤᠰ᠎ᠤᠨ ᠰᠤᠷᠪᠤᠯᠵᠢᠯᠠᠭ᠍ᠴᠢ᠎ᠶ᠋ᠢᠨ ᠨᠡᠢᠭᠡᠮᠯᠢᠭ᠎ᠠᠴᠠ ᠭᠤᠤᠯᠯᠠᠨ ᠡᠷᠬᠢᠯᠡᠵᠦ᠍᠂ ᠳᠤᠮᠳᠠᠳᠤ ᠤᠯᠤᠰ᠎ᠤᠨ 377 ᠬᠤᠪᠢ ᠰᠣᠨᠢᠨ ᠮᠡᠳᠡᠭᠡᠨ᠎ᠤ ᠱᠠᠩᠨᠠᠯ ᠬᠦᠷᠲᠡᠭ᠌ᠰᠡᠨ ᠪᠦᠲᠦᠭᠡᠯ ᠵᠢᠴᠢ ᠠᠩᠬᠠᠳᠤᠭᠠᠷ ᠬᠤᠭᠤᠴᠠᠭᠠᠨ᠎ᠤ 《 ᠪᠦᠬᠦ᠌ ᠤᠯᠤᠰ᠎ᠤᠨ ᠠᠷᠪᠠᠨ ᠱᠢᠯᠢᠳᠡᠭ ᠰᠣᠨᠢᠨ ᠮᠡᠳᠡᠭᠡᠨ᠎ᠤ ᠠᠵᠢᠯᠲᠠᠨ 》᠂ ᠠᠷᠪᠠᠨ ᠬᠤᠶᠠᠳᠤᠭᠠᠷ ᠬᠤᠭᠤᠴᠠᠭᠠᠨ᠎ᠤ 《 ᠰᠠᠢᠨ ᠰᠤᠷᠪᠤᠯᠵᠢᠯᠠᠭ᠍ᠴᠢ ᠰᠠᠢᠨ ᠦᠯᠢᠭᠡᠷ ᠶᠠᠷᠢᠬᠤ 》 ᠠᠵᠢᠯᠯᠠᠭ᠎ᠠ᠎ᠶ᠋ᠢᠨ ᠠᠷᠪᠠᠨ ᠱᠢᠯᠢᠳᠡᠭ ᠣᠷᠣᠯᠴᠠᠭ᠍ᠴᠢᠳᠢ ᠬᠥᠬᠢᠭᠦᠯᠦᠨ ᠰᠠᠢᠱᠢᠶᠠᠪᠠ᠃