ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠬᠠᠤᠯᠢ᠎ᠪᠠᠷ ᠵᠠᠰᠠᠬᠤ ᠠᠵᠢᠯ᠎ᠤᠨ ᠬᠤᠷᠠᠯ ᠭᠤᠸᠠᠩᠰᠢ᠎ᠳᠤ ᠬᠤᠷᠠᠯᠳᠤᠪᠠ
2025-11-11

11 ᠳ᠋ᠦ᠍ᠭᠡᠷ ᠰᠠᠷ᠎ᠠ᠎ᠶ᠋ᠢᠨ 7 ᠎ᠤ ᠡᠳᠦᠷ᠂ ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠬᠠᠤᠯᠢ᠎ᠪᠠᠷ ᠵᠠᠰᠠᠬᠤ ᠠᠵᠢᠯ᠎ᠤᠨ ᠬᠤᠷᠠᠯ ᠭᠤᠸᠠᠩᠰᠢ᠎ᠶ᠋ᠢᠨ ᠨᠠᠨᠨᠢᠩ᠎ᠳᠤ ᠬᠤᠷᠠᠯᠳᠤᠪᠠ᠃ ᠬᠤᠷᠠᠯ᠎ᠠᠴᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠣᠨᠴᠠᠭᠠᠢᠯᠠᠨ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠣᠭᠣᠱᠢᠯᠠᠭᠣᠯᠣᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠢ ᠲᠣᠭᠣᠱᠢᠯᠠᠭᠣᠯᠣᠨ ᠨᠠᠢᠳᠠᠪᠤᠷᠢᠵᠢᠭᠤᠯᠵᠤ᠂ 2024 ᠣᠨ᠎ᠠᠴᠠ ᠨᠠᠭᠠᠱᠢᠬᠢ ᠷᠠᠳᠢᠣ᠋ ᠲᠧᠯᠸᠢᠰ᠎ᠤᠨ ᠬᠠᠤᠯᠢ᠎ᠪᠠᠷ ᠵᠠᠰᠠᠬᠤ ᠠᠵᠢᠯ᠎ᠢ ᠡᠷᠭᠢᠴᠡᠭᠦᠯᠦᠨ ᠳ᠋ᠦᠩᠨᠡᠵᠦ᠍᠂ ᠣᠳᠣᠬᠠᠨ᠎ᠤ ᠬᠠᠤᠯᠢ᠎ᠪᠠᠷ ᠵᠠᠰᠠᠬᠤ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠂ ᠱᠢᠨ᠎ᠡ ᠡᠭᠦᠷᠭᠡ᠎ᠶ᠋ᠢ ᠵᠠᠳᠠᠯᠵᠤ᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠦᠢᠯᠡ ᠠᠵᠢᠯᠯᠠᠭ᠎ᠠ᠎ᠶ᠋ᠢᠨ ᠠᠯᠬᠤᠭ᠎ᠠ᠎ᠶ᠋ᠢ ᠨᠢᠭᠡᠳᠭᠡᠵᠦ᠍᠂ ᠳᠠᠷᠠᠭᠠᠴᠢ᠎ᠶ᠋ᠢᠨ ᠱᠠᠲᠤᠨ᠎ᠤ ᠠᠵᠢᠯ᠎ᠢ ᠲᠤᠬᠢᠷᠠᠭᠤᠯᠤᠨ ᠪᠠᠢᠷᠢᠯᠠᠭᠤᠯᠵᠠᠢ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠵᠢᠶᠠᠨ ᠭᠦᠸᠧ᠂ ᠭᠤᠸᠠᠩᠰᠢ᠎ᠶ᠋ᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ ᠬᠤ᠌ ᠹᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ ᠥᠩᠭᠡᠷᠡᠭ᠌ᠰᠡᠨ ᠨᠢᠭᠡ ᠵᠢᠯ᠎ᠤᠨ ᠷᠠᠳᠢᠣ᠋ ᠲᠧᠯᠸᠢᠰ ᠦᠵᠡᠵᠦ᠍ ᠰᠣᠨᠣᠰᠭᠣ  ᠬᠠᠤᠯᠢ᠎ᠪᠠᠷ ᠵᠠᠰᠠᠬᠤ ᠠᠵᠢᠯ᠎ᠤᠨ ᠣᠯᠤᠭ᠍ᠰᠠᠨ ᠠᠮᠵᠢᠯᠲᠠ᠎ᠶ᠋ᠢ ᠭᠦᠢᠴᠡᠳ ᠨᠤᠲᠠᠯᠠᠵᠤ᠂ ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠱᠢᠰᠲ᠋ᠧᠮ᠎ᠤᠨ᠎ᠬᠢᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠶᠡᠷᠦᠩᠬᠡᠢ ᠲᠣᠪᠴᠢᠶ᠎ᠠ᠎ᠶ᠋ᠢᠨ ᠡᠯ᠎ᠡ ᠵᠦᠢᠯ᠎ᠤᠨ ᠭᠤᠣᠯᠳᠠᠯᠭ᠎ᠠ᠎ᠲᠠᠢ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠠᠨ ᠲᠥᠪᠯᠡᠷᠡᠭᠦᠯᠵᠦ᠍᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠷᠠᠳᠢᠣ᠋ ᠲᠧᠯᠸᠢᠰ᠎ᠤᠨ ᠠᠵᠢᠯ ᠲᠦᠷᠦᠯ᠎ᠤᠨ ᠴᠢᠨᠠᠷ ᠰᠠᠢᠲᠠᠢ ᠬᠥᠭ᠌ᠵᠢᠯᠲᠡ᠎ᠳᠤ ᠪᠠᠲᠤ ᠴᠢᠩᠭ᠎ᠠ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭᠠᠵᠠᠢ ᠭᠡᠵᠦ᠍ ᠵᠢᠭᠠᠵᠤ ᠭᠠᠷᠭᠠᠪᠠ᠃

ᠬᠤᠷᠠᠯ᠎ᠠᠴᠠ᠂ ᠣᠳᠣᠬᠠᠨ᠎ᠳᠤ ᠪᠣᠯ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ᠂ 《 ᠠᠷᠪᠠᠨ ᠲᠠᠪᠤᠳᠤᠭᠠᠷ ᠲᠠᠪᠤᠨ     ᠵᠢᠯ 》᠎ᠤᠨ ᠲᠥᠯᠥᠪᠵᠢᠭᠥᠯᠭᠡ ᠎ᠶ᠋ᠢᠨ ᠠᠶᠠᠯᠠᠯ ᠡᠬᠢᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠢ ᠤᠶᠠᠯᠳᠤᠭᠤᠯᠵᠤ᠂ ᠨᠠᠮ᠎ᠤᠨ ᠲᠥᠪ ᠬᠤᠷᠢᠶᠠᠨ᠎ᠤ ᠨᠢᠭᠡᠳᠦᠯᠲᠡᠢ ᠪᠠᠢᠷᠢᠯᠠᠭᠤᠯᠤᠯᠲᠠ ᠪᠠ ᠶᠡᠷᠦᠩᠬᠡᠢ ᠲᠣᠪᠴᠢᠶ᠎ᠠ᠎ᠶ᠋ᠢᠨ ᠡᠯ᠎ᠡ ᠵᠦᠢᠯ᠎ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠣᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠠᠷ ᠬᠥᠳᠡᠯᠭᠡᠬᠦ᠌ ᠬᠦᠴᠦᠨ ᠪᠣᠯᠭᠠᠵᠤ᠂  《 ᠬᠤᠶᠠᠷ ᠶᠡᠬᠡ ᠲᠣᠬᠠᠢᠯᠠᠭ᠍ᠰᠠᠨ ᠠᠵᠢᠯ᠎ᠤᠨ ᠬᠠᠮᠵᠢᠯᠴᠠᠨ ᠬᠦᠭ᠌ᠵᠢᠬᠦ᠌ ᠭᠣᠷᠪᠠᠨ ᠶᠡᠬᠡ ᠱᠢᠨᠵᠢ ᠴᠢᠨᠠᠷ᠎ᠢ ᠨᠢᠭᠡᠳᠣᠯᠲᠡᠢ ᠲᠥᠯᠥᠪᠯᠡᠨ ᠡᠵᠡᠮᠱᠢᠬᠦ᠌ ᠲᠦᠷᠪᠡᠨ ᠳᠡᠰ ᠳᠠᠪᠬᠣᠷᠭᠠᠲᠣ ᠲᠦᠷᠦᠯ ᠬᠣᠪᠢᠶᠠᠨ ᠬᠠᠮᠢᠶᠠᠷᠬᠣ 》᠎ᠶ᠋ᠢᠨ ᠠᠵᠢᠯ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠭᠤᠷᠪᠠᠨ ᠶᠡᠭᠡ ᠠᠵᠢᠯ᠎ᠤᠨ ᠴᠢᠭ᠌ᠯᠡᠯ᠎ᠢ ᠲᠣᠭ᠍ᠲᠠᠭᠠᠵᠤ᠂  ᠬᠠᠤᠯᠢ᠎ᠪᠠᠷ ᠵᠠᠰᠠᠬᠤ ᠦᠨᠳᠦᠰᠦ᠎ᠶ᠋ᠢ ᠪᠠᠬᠢᠵᠢᠭᠦᠯᠬᠦ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠳᠦ᠍᠎ᠳᠤ ᠠᠱᠢᠭ᠍ᠲᠠᠢ ᠪᠠᠢᠬᠤ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠨᠳᠥᠷ ᠲᠦᠪᠱᠢᠨ ᠪᠦᠬᠦᠢ ᠬᠠᠤᠯᠢ᠎ᠪᠠᠷ ᠵᠠᠰᠠᠬᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠬᠤ ᠬᠡᠷᠡᠭ᠌ᠲᠡᠢ ᠭᠡᠵᠦ᠍ ᠴᠢᠬᠣᠯᠠᠴᠢᠯᠠᠪᠠ᠃ ᠬᠤᠷᠠᠯ ᠳᠡᠭᠡᠷ᠎ᠡ ᠲᠠᠷᠠᠭᠠᠴᠢ᠎ᠶ᠋ᠢᠨ ᠠᠯᠬᠤᠮ᠎ᠤᠨ ᠷᠠᠳᠢᠣ᠋ ᠲᠧᠯᠸᠢᠰ᠎ᠤᠨ ᠦᠵᠡᠵᠦ᠍ ᠰᠣᠨᠣᠰᠭᠣ ᠬᠠᠤᠯᠢ᠎ᠪᠠᠷ ᠵᠠᠰᠠᠬᠤ ᠠᠵᠢᠯ᠎ᠳᠤ ᠪᠠᠢᠷᠢᠯᠠᠭᠤᠯᠤᠯᠲᠠ ᠬᠢᠪᠡ᠃ ᠨᠢᠭᠡ᠎ᠳᠦ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠵᠦ᠍᠂ ᠬᠠᠤᠯᠢ ᠲᠣᠭ᠍ᠲᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠠᠵᠢᠯ ᠲᠥᠷᠥᠯ᠎ᠦᠨ ᠬᠠᠤᠯᠢ ᠲᠣᠭ᠍ᠲᠠᠭᠠᠯ᠎ᠤᠨ ᠲᠣᠭ᠍ᠲᠠᠯᠴᠠᠭ᠎ᠠ᠎ᠶ᠋ᠢ ᠲᠡᠭᠦᠯᠳᠡᠷᠵᠢᠭᠦᠯᠦᠨ᠎ᠡ᠃ ᠠᠷᠠᠳ ᠲᠦᠮᠡᠨ᠎ᠢᠶᠠᠷ ᠭᠤᠣᠯ ᠪᠣᠯᠭᠠᠭ᠍ᠰᠠᠨ ᠬᠠᠤᠯᠢ ᠲᠣᠭ᠍ᠲᠠᠭᠠᠬᠤ ᠤᠳᠤᠷᠢᠳᠤᠮᠵᠢ᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠯᠲᠠ᠎ᠶ᠋ᠢᠨ ᠪᠠᠷᠠᠯᠠᠯᠲᠤ ᠴᠢᠨᠠᠷ᠂ ᠬᠡᠷᠡᠭ᠌ᠯᠡᠭᠡᠨ᠎ᠤ ᠴᠢᠨᠠᠷ᠎ᠢ ᠴᠢᠩᠭᠠᠳᠭᠠᠵᠤ᠂ ᠷᠠᠳᠢᠣ᠋ ᠲᠧᠯᠸᠢᠰ᠎ᠤᠨ ᠬᠠᠤᠯᠢ ᠵᠡᠷᠭᠡ ᠬᠠᠤᠯᠢ ᠲᠣᠭ᠍ᠲᠠᠭᠠᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭ᠍ᠲᠠᠭᠠᠵᠤ ᠵᠠᠰᠠᠪᠤᠷᠢ ᠣᠷᠣᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠬᠤᠶᠠᠷ᠎ᠲᠤ᠌᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠵᠤ᠂ ᠵᠠᠰᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢᠯᠠᠵᠤ᠂ ᠬᠢᠨᠠᠨ ᠬᠠᠮᠢᠶᠠᠷᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠵᠦ᠍᠂ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠭᠤᠷᠪᠠ᠎ᠳᠤ᠂ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢ ᠤᠯᠠᠮ ᠨᠢᠭᠡ ᠠᠯᠬᠤᠮ ᠰᠠᠢᠲᠤᠷ ᠬᠢᠵᠦ᠍᠂ ᠬᠠᠤᠯᠢ ᠲᠦᠭᠡᠮᠡᠯᠵᠢᠭᠦᠯᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠠᠵᠢᠯ ᠲᠥᠷᠥᠯ᠎ᠤᠨ ᠳᠠᠪᠠᠭᠤᠯᠢᠭ ᠪᠠ ᠣᠨᠴᠠᠯᠢᠭ᠎ᠢ ᠭᠦᠢᠴᠡᠳ ᠪᠠᠳᠠᠷᠠᠭᠤᠯᠤᠨ᠎ᠠ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠤᠬᠠᠭᠤᠯᠤᠨ ᠲᠠᠢᠯᠪᠤᠷᠢᠯᠠᠵᠤ᠂  ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠠᠷᠭ᠎ᠠ ᠬᠡᠯᠪᠡᠷᠢ ᠪᠣᠯᠤᠨ ᠠᠷᠭ᠎ᠠ ᠪᠠᠷᠢᠯ᠎ᠢ ᠪᠠᠶᠠᠯᠢᠭ᠍ᠵᠢᠭᠤᠯᠵᠤ᠂ ᠰᠠᠯᠠᠭ᠎ᠠ ᠮᠥᠴᠢᠷ᠎ᠤᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ ᠤᠬᠠᠭᠤᠯᠭ᠎ᠠ᠎ᠶ᠋ᠢᠨ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠲᠦᠷᠪᠡ᠎ᠳᠤ᠂ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢ ᠴᠢᠩᠭᠠᠷᠠᠭᠣᠯᠣᠨ᠎ᠠ᠃ ᠥᠨᠳᠥᠷ ᠬᠡᠪ ᠪᠣᠯᠪᠠᠰᠤᠷᠠᠯ᠎ᠲᠠᠢ ᠬᠠᠤᠯᠢ᠎ᠪᠠᠷ ᠵᠠᠰᠠᠬᠤ ᠠᠵᠢᠯ᠎ᠤᠨ ᠡᠩᠨᠡᠭᠡ᠎ᠶ᠋ᠢ ᠪᠠᠢᠭᠤᠯᠵᠤ᠂ ᠬᠠᠤᠯᠢ ᠲᠣᠭ᠍ᠲᠠᠭᠠᠯ᠎ᠤᠨ ᠰᠠᠯᠠᠭ᠎ᠠ ᠮᠥᠴᠢᠷ᠎ᠤᠨ ᠺᠠᠳ᠋ᠷᠴᠤᠳ᠎ᠤᠨ ᠲᠤᠬᠠᠢᠯᠠᠭ᠍ᠰᠠᠨ ᠠᠵᠢᠯ᠎ᠤᠨ ᠴᠢᠳᠠᠪᠤᠷᠢ ᠪᠠ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠎ᠤᠨ ᠺᠠᠳ᠋ᠷᠴᠤᠳ᠎ᠤᠨ ᠬᠠᠤᠯᠢ᠎ᠪᠠᠷ ᠵᠠᠰᠠᠬᠤ ᠤᠬᠠᠮᠰᠠᠷ᠎ᠢ ᠴᠢᠷᠮᠠᠢᠨ ᠴᠢᠩᠭᠠᠳᠭᠠᠬᠤ ᠬᠡᠷᠡᠭ᠌ᠲᠡᠢ᠃

ᠭᠤᠸᠠᠩᠰᠢ ᠎ᠶ᠋ᠢᠨ ᠲᠣᠪᠴᠢᠶ᠎ᠠ᠂ ᠬᠠᠷᠠᠮᠥ᠋ᠷᠡᠨ᠎ᠤ ᠲᠣᠪᠴᠢᠶ᠎ᠠ᠂ ᠶᠦᠨᠨᠠᠨ᠎ᠤ ᠲᠣᠪᠴᠢᠶ᠎ᠠ᠂ ᠭᠠᠨᠰᠦ᠎ᠶ᠋ᠢᠨ ᠲᠣᠪᠴᠢᠶ᠎ᠠ ᠪᠣᠯᠤᠨ ᠪᠡᠭᠡᠵᠢᠩ ᠬᠤᠲᠠ᠎ᠶ᠋ᠢᠨ ᠬᠠᠤᠯᠢ ᠬᠡᠷᠡᠭ᠌ᠵᠢᠭᠦᠯᠬᠦ᠌ ᠶᠡᠷᠦᠩᠬᠡᠶ ᠠᠩᠭᠢ᠂ ᠵᠢᠨᠠᠨ ᠬᠤᠲᠠ᠎ᠶ᠋ᠢᠨ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ ᠲᠣᠰ ᠨᠢᠭᠡᠴᠢ᠎ᠶ᠋ᠢᠨ᠎ᠢᠶᠠᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠠᠬᠢᠭᠤᠯᠬᠤ᠂ ᠬᠠᠤᠯᠢ ᠬᠡᠷᠡᠭ᠌ᠵᠢᠭᠦᠯᠬᠦ᠌ ᠠᠵᠢᠯ᠎ᠢ ᠴᠢᠩᠭᠠᠳᠭᠠᠭ᠍ᠰᠠᠨ ᠨᠡᠢᠲᠡᠯᠢᠭ ᠲᠤᠷᠱᠢᠯᠭ᠎ᠠ᠎ᠪᠠᠨ ᠲᠠᠨᠢᠯᠴᠠᠭᠤᠯᠪᠠ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠬᠠᠤᠯᠢ᠎ᠪᠠᠷ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭᠠᠳᠭᠠᠨ ᠰᠠᠢᠵᠢᠷᠠᠭᠤᠯᠬᠤ᠎ᠶ᠋ᠢᠨ ᠲᠣᠭᠤᠷᠢᠨ᠎ᠳᠤ ᠳᠤᠭᠤᠢᠯᠠᠩ ᠬᠤᠪᠢᠶᠠᠨ ᠶᠠᠷᠢᠯᠴᠠᠪᠠ᠃ ᠲᠥᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠬᠡᠷ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠱᠢᠭᠤᠳ ᠬᠠᠷᠢᠶ᠎ᠠ ᠬᠤᠯᠪᠣᠭ᠍ᠳᠠᠯ ᠪᠥᠬᠦᠶ ᠨᠢᠭᠡᠴᠢ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠬᠠᠤᠯᠢ ᠲᠦᠷᠢᠮ᠎ᠤᠨ ᠠᠵᠢᠯ᠎ᠤᠨ ᠰᠠᠯᠠᠭ᠎ᠠ ᠮᠥᠴᠢᠷ᠂ ᠡᠯ᠎ᠡ ᠮᠤᠵᠢ ( ᠣᠷᠣᠨ᠂ ᠬᠤᠲᠠ )᠂ ᠱᠢᠨᠵᠢᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠷᠠᠳᠢᠣ᠋ ᠲᠧᠯᠸᠢᠰ᠎ᠤᠨ ᠲᠣᠪᠴᠢᠶ᠎ᠠ᠂ ᠡᠯ᠎ᠡ ᠱᠢᠭᠤᠳ ᠬᠠᠷᠢᠶ᠎ᠠ ᠬᠤᠲᠠ᠂ ᠮᠤᠵᠢ᠎ᠶ᠋ᠢᠨ ᠲᠥᠪ ᠬᠤᠲᠠ᠂ ᠲᠥᠯᠥᠪᠯᠡᠭᠡ᠎ᠳᠤ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠪᠠᠢᠭᠤᠯᠤᠮᠵᠢ ᠵᠡᠷᠭᠡ ᠰᠠᠯᠠᠭ᠎ᠠ ᠮᠥᠴᠢᠷ᠂ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠵᠠᠶ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ