11 ᠳ᠋ᠦ᠍ᠭᠡᠷ ᠰᠠᠷ᠎ᠠ᠎ᠶ᠋ᠢᠨ 9 ᠤ ᠤᠷᠤᠢ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠭᠤᠸᠠᠩᠳᠦ᠋ᠩ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠲᠥᠪ᠎ᠲᠤ ᠶᠠᠪᠤᠭ᠍ᠳᠠᠪᠠ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃ ᠲᠦᠪ᠎ᠤᠨ ᠷᠠᠳᠢᠤ᠋ ᠲᠧᠯᠸᠢᠰ᠎ᠤᠨ ᠶᠡᠷᠦᠩᠭᠡᠢ ᠰᠤᠪᠠᠭ᠂ ᠬᠢᠳᠠᠳ ᠬᠡᠯᠡᠨ᠎ᠤ ᠤᠯᠠᠨ ᠤᠯᠤᠰ᠎ᠤᠨ ᠰᠤᠪᠠᠭ᠂ ᠪᠡᠶ᠎ᠠ᠎ᠶ᠋ᠢᠨ ᠲᠠᠮᠢᠷ᠎ᠤᠨ ᠰᠤᠪᠠᠭ᠂ 4K ᠬᠡᠳᠦ ᠦᠨᠳᠦᠷ ᠳᠣᠲᠣᠷᠠᠴᠠᠲᠣ ᠰᠤᠪᠠᠭ ᠵᠡᠷᠭᠡ 8 ᠲᠧᠯᠸᠢᠰ ᠰᠤᠪᠠᠭ᠂ ᠲᠤᠮᠳᠠᠳᠤ ᠤᠯᠤᠰ᠎ᠤᠨ ᠲᠠᠭᠤᠨ᠂ ᠶᠡᠭᠡ ᠪᠤᠯᠤᠩ᠎ᠤᠨ ᠤᠷᠤᠨ᠎ᠤ ᠲᠠᠭᠤᠨ ᠵᠡᠷᠭᠡ 4 ᠷᠠᠳᠢᠤ᠋ ᠨᠡᠪᠳᠡᠷᠡᠭᠦᠯᠭᠡ ᠶ᠋ᠢᠨ ᠲᠠᠪᠳᠠᠮᠵᠢ᠎ᠠᠴᠠ ᠡᠬᠢᠯᠡᠯᠲᠡ᠎ᠶ᠋ᠢᠨ ᠶᠣᠰᠣᠯᠠᠯ᠎ᠤᠨ ᠠᠬᠤᠢ ᠲᠠᠯᠠᠪᠠᠢ᠎ᠳᠤ ᠱᠢᠭᠣᠳ ᠨᠡᠪᠳᠡᠷᠡᠭᠦᠯᠭᠡ ᠬᠢᠪᠡ ; ᠭᠤᠸᠠᠩᠳᠦ᠋ᠩ᠎ᠤᠨ ᠤᠳᠤᠨ ᠲᠧᠯᠸᠢᠰ᠎ᠤᠨ 4K ᠬᠡᠳᠦ ᠦᠨᠳᠦᠷ ᠳᠣᠲᠣᠷᠠᠴᠠᠲᠣ ᠰᠤᠪᠠᠭ᠂ ᠱᠧᠨᠵᠧᠨ᠎ᠤ ᠤᠳᠤᠨ ᠲᠧᠯᠸᠢᠰ᠎ᠤᠨ 4K ᠬᠡᠳᠦ ᠦᠨᠳᠦᠷ ᠳᠣᠲᠣᠷᠠᠴᠠᠲᠤ ᠰᠤᠪᠠᠭ ᠡᠬᠢᠯᠡᠯᠳᠡ᠎ᠶ᠋ᠢᠨ ᠶᠤᠰᠤᠯᠠᠯ᠎ᠤᠨ ᠦᠨᠳᠦᠷ ᠳᠣᠲᠣᠷᠠᠴᠠᠲᠣ ᠲᠤᠬᠢᠶ᠎ᠠ᠎ᠶ᠋ᠢ ᠳᠠᠮᠵᠢᠭᠤᠯᠤᠨ ᠨᠡᠪᠲᠡᠷᠡᠭᠦᠯᠪᠡ ; ᠲᠤᠮᠳᠠᠳᠤ ᠤᠯᠤᠰ᠎ᠤᠨ ᠰᠦᠯᠵᠢᠶᠡᠨ᠎ᠤ ᠲᠧᠯᠸᠢᠰ ᠬᠤᠷᠢᠶ᠎ᠠ ᠵᠡᠷᠭᠡ 36 ᠦᠵᠡᠵᠦ᠍ ᠰᠤᠨᠤᠰᠭᠤ ᠰᠦᠯᠵᠢᠶᠡᠨ᠎ᠤ ᠥᠷᠲᠡᠭᠡ᠂ ᠲᠤᠮᠳᠠᠳᠤ ᠤᠯᠤᠰ᠎ᠤᠨ ᠦᠵᠡᠵᠦ᠍ ᠰᠤᠨᠤᠰᠭᠤ ᠵᠡᠷᠭᠡ 64 ᠦᠵᠡᠵᠦ᠍ ᠰᠣᠨᠣᠰᠭᠣ ᠬᠡᠷᠡᠭ᠌ᠯᠡᠭ᠌ᠴᠢᠳ᠎ᠦᠨ ᠦᠵᠦᠭᠦᠷ ᠲᠥᠪ᠎ᠦᠨ ᠷᠠᠳᠢᠤ᠋ ᠲᠸᠯᠸᠢᠰ᠎ᠦᠨ ᠶᠡᠷᠦᠩᠬᠡᠢ ᠲᠣᠪᠴᠢᠶ᠎ᠠ᠎ᠶ᠋ᠢᠨ ᠫᠷᠣᠭ᠌ᠷᠠᠮ᠎ᠤᠨ ᠢᠷᠡᠯᠲᠡ᠎ᠶ᠋ᠢᠨ ᠳᠠᠮᠵᠢᠭᠤᠯᠤᠨ ᠨᠡᠪᠲᠡᠷᠡᠭᠦᠯᠭᠡ᠎ᠶ᠋ᠢ ᠬᠡᠷᠡᠭ᠌ᠯᠡᠵᠡᠢ᠃ ᠭᠤᠸᠠᠩᠳᠦ᠋ᠩ ᠱᠢᠶᠠᠩᠭᠠᠩ ᠣᠣᠮᠧᠨ᠎ᠤ ᠭᠤᠷᠪᠠᠨ ᠭᠠᠵᠠᠷ ᠠᠩᠬ᠎ᠠ ᠤᠳᠠᠭ᠎ᠠ ᠬᠠᠮᠲᠤᠷᠠᠨ ᠡᠷᠬᠢᠯᠡᠵᠦ᠍᠂ 《 ᠬᠦᠰᠡᠯ ᠵᠡᠭᠦᠳᠦ᠍᠎ᠪᠠᠨ ᠲᠡᠷᠭᠡᠯᠱᠢᠭᠦᠯᠬᠦ᠌ 》᠎ᠪᠠᠷ ᠭᠤᠣᠯ ᠰᠡᠳᠦᠪ ᠪᠣᠯᠭᠠᠭ᠍ᠰᠠᠨ ᠡᠬᠢᠯᠡᠯᠲᠡ᠎ᠶ᠋ᠢᠨ ᠶᠣᠰᠣᠯᠠᠯ᠎ᠢ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠢᠶᠠᠷ ᠳᠠᠮᠵᠢᠨ ᠠᠶᠤᠯ ᠦᠭᠡᠢ ᠴᠢᠨᠠᠷ ᠰᠠᠢᠲᠠᠢ᠎ᠪᠠᠷ ᠲᠦᠭ ᠲᠦᠮᠡᠨ ᠠᠢᠯ ᠡᠷᠦᠬᠡ᠎ᠳᠤ ᠳᠠᠮᠵᠢᠭᠤᠯᠵᠠᠢ᠃
ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠡᠬᠢᠯᠡᠯᠲᠡ᠎ᠶ᠋ᠢᠨ ᠶᠣᠰᠣᠯᠠᠯ᠎ᠤᠨ ᠬᠤᠭᠤᠴᠠᠭᠠᠨ᠎ᠳᠠᠬᠢ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠶᠤᠯ ᠦᠭᠡᠢ ᠨᠡᠪᠲᠡᠷᠡᠭᠦᠯᠭᠡ᠎ᠶ᠋ᠢ ᠪᠠᠲᠤᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠷᠢᠳᠴᠢᠯᠠᠨ ᠪᠠᠢᠷᠢᠯᠠᠭᠤᠯᠤᠨ ᠲᠣᠬᠢᠷᠠᠭᠤᠯᠵᠤ᠂ ᠠᠵᠢᠯ᠎ᠤᠨ ᠲᠥᠰᠦᠯ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ᠎ᠲᠠᠢ ᠪᠠᠲᠤᠯᠠᠬᠤ ᠨᠢᠭᠡᠴᠢ᠎ᠶ᠋ᠢᠨ ᠠᠶᠤᠯ ᠦᠭᠡᠢ ᠨᠡᠪᠲᠡᠷᠡᠭᠦᠯᠭᠡ᠎ᠶ᠋ᠢ ᠪᠠᠢᠴᠠᠭᠠᠬᠤ ᠪᠠ ᠰᠦᠯᠵᠢᠶᠡᠨ᠎ᠤ ᠠᠶᠤᠯ ᠦᠭᠡᠢ ᠮᠡᠷᠭᠡᠵᠢᠯ᠎ᠤᠨ ᠪᠠᠢᠴᠠᠭᠠᠨ ᠬᠡᠮᠵᠢᠯᠲᠡ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠶ᠋ᠢᠨ ᠬᠠᠮᠲᠤ ᠴᠡᠭ᠌ᠴᠡᠯᠡᠨ ᠰᠠᠢᠵᠢᠷᠠᠭᠤᠯᠬᠤ᠎ᠶ᠋ᠢ ᠪᠥᠬᠦ᠌ ᠲᠠᠯ᠎ᠠ᠎ᠪᠠᠷ ᠱᠢᠮᠳᠠᠭᠤᠯᠤᠨ ᠨᠠᠢᠳᠠᠪᠤᠷᠢᠵᠢᠭᠤᠯᠪᠠ᠃ ᠡᠬᠢᠯᠡᠯᠲᠡ᠎ᠶ᠋ᠢᠨ ᠶᠣᠰᠣᠯᠠᠯ᠎ᠠᠴᠠ ᠡᠮᠦᠨ᠎ᠡ᠂ ᠷᠠᠳᠢᠤ᠋ ᠲᠸᠯᠸᠢᠰ᠎ᠦᠨ ᠶᠡᠷᠦᠩᠬᠡᠶ ᠲᠣᠪᠴᠢᠶᠠᠨ᠎ᠤ ᠤᠳᠤᠷᠢᠳᠤᠯᠭ᠎ᠠ ᠪᠦᠯᠬᠦᠮ ᠳᠠᠭᠠᠭᠤᠯᠤᠨ ᠭᠤᠸᠠᠩᠳᠦ᠋ᠩ᠎ᠳᠤ ᠬᠦᠷᠴᠦ᠍ ᠠᠶᠤᠯ ᠦᠭᠡᠢ ᠨᠡᠪᠲᠡᠷᠡᠭᠦᠯᠭᠡ᠎ᠶ᠋ᠢᠨ ᠬᠤᠯᠪᠤᠭ᠍ᠳᠠᠯ ᠪᠦᠬᠦᠢ ᠨᠢᠭᠡᠴᠢ᠎ᠳᠦ ᠲᠤᠬᠠᠢ᠎ᠶ᠋ᠢᠨ ᠭᠠᠵᠠᠷ᠎ᠤᠨ ᠪᠠᠢᠴᠠᠭᠠᠯᠲᠠ ᠬᠢᠬᠦ᠌᠎ᠶ᠋ᠢᠨ ᠬᠠᠮᠲᠤ ᠡᠮᠤᠨ᠎ᠡ ᠲᠠᠯ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠵᠢᠯᠣᠭᠣᠳᠣᠨ ᠲᠣᠬᠢᠷᠠᠭᠣᠯᠪᠠ᠃ ᠡᠬᠢᠯᠡᠯᠲᠡ᠎ᠶ᠋ᠢᠨ ᠶᠣᠰᠣᠯᠠᠯ᠎ᠤᠨ ᠬᠤᠭᠤᠴᠠᠭᠠᠨ᠎ᠳᠤ᠂ ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠠᠵᠢᠯ ᠲᠦᠷᠦᠯ᠎ᠤᠨ᠎ᠬᠢᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠ ᠪᠣᠳᠠᠲᠠᠢ᠎ᠶ᠋ᠢ ᠡᠷᠬᠢᠮᠯᠡᠭ᠌ᠰᠡᠨ ᠨᠠᠷᠢᠯᠢᠭ ᠠᠵᠢᠯ᠎ᠤᠨ ᠰᠤᠷᠲᠠᠯ᠎ᠢ ᠪᠠᠷᠢᠮᠲᠠᠯᠠᠵᠤ᠂ ᠳᠣᠬᠢᠶ᠎ᠠ ᠳᠠᠮᠵᠢᠭᠤᠯᠬᠤ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠣᠷᠢᠯᠡᠬᠦ᠌᠂ ᠮᠡᠷᠭᠡᠵᠢᠯ᠎ᠤᠨ ᠬᠢᠨᠠᠨ ᠬᠡᠮᠵᠢᠯᠲᠡ ᠵᠡᠷᠭᠡ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠴᠢᠩᠭᠠᠷᠠᠭᠤᠯᠵᠤ᠂ ᠡᠬᠢᠯᠡᠯᠲᠡ᠎ᠶ᠋ᠢᠨ ᠶᠣᠰᠣᠯᠠᠯ᠎ᠤᠨ ᠠᠶᠤᠯ ᠦᠭᠡᠢ ᠴᠢᠨᠠᠷ ᠰᠠᠢᠲᠠᠢ᠂ ᠲᠣᠭ᠍ᠲᠠᠭᠤᠨ ᠪᠥᠭᠡᠳ ᠨᠠᠢᠳᠠᠪᠤᠷᠢᠲᠠᠢ ᠪᠠᠢᠬᠤ᠎ᠶ᠋ᠢ ᠪᠠᠲᠤᠯᠠᠪᠠ ; ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠠᠶᠤᠯ ᠦᠭᠡᠢ ᠨᠡᠪᠲᠡᠷᠡᠭᠦᠯᠭᠡ᠎ᠶ᠋ᠢ ᠵᠢᠯᠣᠭᠤᠳᠭᠤ ᠭᠠᠵᠠᠷ᠎ᠤᠨ ᠬᠤᠯᠪᠣᠭ᠍ᠳᠠᠯ ᠪᠦᠬᠦᠢ ᠨᠥᠬᠦᠳ ᠬᠢᠨᠠᠨ ᠬᠠᠮᠢᠶᠠᠷᠬᠤ ᠶᠡᠭᠡ ᠲᠢᠩᠬᠢᠮ᠎ᠳᠤ ᠵᠢᠵᠢᠭᠦᠷᠯᠡᠨ ᠰᠠᠬᠢᠵᠤ᠂ ᠵᠢᠯᠣᠭᠤᠳᠤᠨ ᠲᠣᠬᠢᠷᠠᠭᠤᠯᠵᠤ᠂ ᠡᠯ᠎ᠡ ᠮᠤᠵᠢ᠎ᠶ᠋ᠢᠨ ᠱᠠᠲᠤᠨ᠎ᠤ ᠠᠶᠤᠯ ᠦᠭᠡᠢ ᠨᠡᠪᠲᠡᠷᠡᠭᠦᠯᠭᠡ᠎ᠶ᠋ᠢ ᠵᠢᠯᠣᠭᠤᠳᠭᠤ ᠭᠠᠵᠠᠷ ᠵᠢᠴᠢ ᠬᠤᠷᠢᠶ᠎ᠠ᠂ ᠰᠦᠯᠵᠢᠶᠡᠨ᠎ᠤ ᠬᠠᠷᠢᠭᠤᠴᠠᠯᠭᠠᠲᠠᠨ ᠨᠥᠬᠦᠳ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠬᠠᠮᠵᠢᠯᠴᠠᠨ ᠨᠡᠪᠲᠡᠷᠡᠭᠦᠯᠵᠦ᠍᠂ ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠠᠵᠢᠯ ᠲᠦᠷᠦᠯ᠎ᠤᠨ ᠡᠯ᠎ᠡ ᠱᠠᠲᠤᠨ᠎ᠤ ᠺᠠᠳ᠋ᠷ ᠠᠵᠢᠯᠳᠠᠨ 9.2 ᠲᠦᠮᠡ ᠭᠠᠷᠤᠢ ᠬᠥᠮᠦᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠨᠢᠭ᠍ᠲᠠ ᠬᠠᠮᠵᠢᠯᠴᠠᠪᠠ ; ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠬᠢᠨᠠᠨ ᠬᠠᠮᠢᠶᠠᠷᠬᠤ ᠲᠥᠪ᠂ ᠡᠯ᠎ᠡ ᠮᠤᠵᠢ ( ᠣᠷᠣᠨ᠂ ᠬᠤᠳᠠ ) ᠶ᠋ᠢᠨ ᠬᠢᠨᠠᠨ ᠬᠡᠮᠵᠢᠵᠦ᠍ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠳ ᠱᠢᠭᠤᠳ ᠨᠡᠪᠲᠡᠷᠡᠭᠦᠯᠭᠡ ᠳᠠᠮᠵᠢᠭᠤᠯᠤᠨ ᠨᠡᠪᠲᠡᠷᠡᠭᠦᠯᠦᠭ᠌ᠰᠡᠨ ᠪᠠᠢᠳᠠᠯ᠎ᠳᠤ ᠬᠢᠨᠠᠨ ᠬᠡᠮᠵᠢᠯᠲᠡ ᠬᠢᠨᠠᠨ ᠰᠣᠨᠣᠰᠣᠯᠲᠠ ᠬᠢᠨᠠᠨ ᠦᠵᠡᠯᠲᠡ ᠬᠢᠵᠥ᠍᠂ ᠬᠦᠨᠳᠦ ᠶᠡᠭᠡ ᠠᠮᠤᠷ ᠲᠦᠪᠱᠢᠨ᠎ᠤ ᠨᠡᠪᠲᠡᠷᠡᠭᠦᠯᠭᠡ ᠶ᠋ᠢᠨ ᠮᠡᠳᠡᠭᠦᠯᠦᠯᠲᠡ᠎ᠶ᠋ᠢ ᠬᠦᠯᠢᠶᠡᠨ ᠠᠪᠤᠭ᠍ᠰᠠᠨ ᠦᠭᠡᠢ᠂ ᠰᠦᠯᠵᠢᠶᠡᠨ᠎ᠤ ᠠᠮᠤᠷ ᠲᠦᠪᠱᠢᠨ᠎ᠤ ᠬᠡᠷᠡᠭ᠎ᠤᠨ ᠮᠡᠳᠡᠭᠥᠯᠥᠯᠲᠡᠶ᠋ᠢ ᠬᠥᠯᠢᠶᠡᠨ ᠠᠪᠣᠭ᠍ᠰᠠᠨ ᠦᠭᠡᠢ᠃ ᠪᠦᠬᠦ᠌ ᠠᠵᠢᠯ ᠲᠥᠷᠥᠯ᠎ᠢᠶᠠᠷ᠎ᠢᠶᠠᠨ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ ᠠᠶᠤᠯ ᠦᠭᠡᠢ ᠨᠡᠪᠲᠡᠷᠡᠭᠦᠯᠭᠡ᠎ᠶ᠋ᠢ ᠪᠠᠲᠤᠯᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃