2025 ᠣᠨ᠎ᠤ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠶ᠋ᠢᠨ ᠰᠡᠳᠦᠪ ᠰᠣᠩᠭᠤᠬᠤ ᠲᠥᠯᠦᠪᠵᠢᠭᠦᠯᠭᠡ᠎ᠶ᠋ᠢᠨ ᠪᠣᠯᠪᠠᠰᠤᠷᠠᠯ᠎ᠤᠨ ᠠᠩᠭᠢ᠎ᠶ᠋ᠢ ᠪᠡᠭᠡᠵᠢᠩ᠎ᠳᠤ ᠡᠷᠬᠢᠯᠡᠪᠡ
2025-11-17

11 ᠳ᠋ᠦ᠍ᠭᠡᠷ ᠰᠠᠷ᠎ᠠ᠎ᠶ᠋ᠢᠨ 5 ᠎ᠤ ᠡᠳᠦᠷ᠎ᠠᠴᠠ 7 ᠎ᠤ ᠡᠳᠦᠷ ᠪᠣᠯᠲᠠᠯ᠎ᠠ᠂ 2025 ᠣᠨ᠎ᠤ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ ) ᠶ᠋ᠢᠨ ᠰᠡᠳᠦᠪ ᠰᠣᠩᠭᠤᠬᠤ ᠲᠥᠯᠥᠪᠵᠢᠭᠦᠯᠭᠡ᠎ᠶ᠋ᠢᠨ ᠪᠣᠯᠪᠠᠰᠤᠷᠠᠯ᠎ᠤᠨ ᠠᠩᠭᠢ ᠪᠡᠭᠡᠵᠢᠩ᠎ᠳᠤ ᠡᠷᠬᠢᠯᠡᠪᠡ᠃ ᠪᠣᠯᠪᠠᠰᠤᠷᠠᠯ᠎ᠤᠨ ᠠᠩᠭᠢ᠎ᠨᠢ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ ) ᠶ᠋ᠢᠨ ᠰᠡᠳᠦᠪ ᠰᠣᠩᠭᠤᠬᠤ ᠲᠥᠯᠥᠪᠵᠢᠭᠦᠯᠭᠡ᠎ᠶ᠋ᠢ ᠰᠠᠢᠲᠤᠷ ᠬᠢᠬᠦ᠌᠎ᠶ᠋ᠢᠨ ᠲᠣᠭᠤᠷᠢᠨ᠎ᠳᠤ ᠬᠦᠲᠦᠯᠦᠨ ᠳᠠᠭᠠᠭᠤᠯᠵᠤ᠂ ᠲᠧᠯᠸᠢᠰ᠎ᠤᠨ ᠲᠣᠮᠣ ᠳᠡᠯᠭᠡᠴᠡ᠎ᠶ᠋ᠢᠨ ᠠᠭᠤᠯᠭ᠎ᠠ᠎ᠶ᠋ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠴᠡᠴᠡᠭ ᠪᠦᠬᠦᠨ᠎ᠢ ᠵᠡᠷᠭᠡ ᠪᠡᠷ ᠳᠡᠯᠭᠡᠷᠡᠭᠦᠯᠬᠦ᠌ ᠵᠣᠬᠢᠶᠠᠨ ᠪᠦᠲᠦᠭᠡᠬᠦ᠌ ᠪᠠᠢᠷᠢᠱᠢᠯ᠎ᠢ ᠪᠣᠶ ᠪᠣᠯᠭᠠᠵᠤ᠂ ᠲᠤᠰᠭᠠᠶ ᠰᠡᠳᠦᠪᠲᠦ ᠲᠠᠢᠯᠤᠮᠵᠢ᠂ ᠱᠢᠯᠢᠳᠡᠭ ᠵᠦᠴᠦᠭᠡ᠎ᠶ᠋ᠢᠨ ᠲᠡᠭᠦᠪᠦᠷᠢ ᠦᠵᠡᠭᠦᠯᠭᠡ᠂ ᠶᠠᠷᠢᠯᠴᠠᠨ ᠰᠣᠯᠢᠯᠴᠠᠬᠤ᠂ 《 ᠰᠣᠳᠣᠨ ᠲᠧᠯᠸᠢᠰ ᠵᠦᠴᠦᠭᠡ ᠣᠢᠯᠡᠳᠬᠦ᠌ ᠪᠢᠴᠢᠯ ᠴᠠᠢᠯᠠᠯᠭ᠎ᠠ 》 ᠵᠡᠷᠭᠡ ᠵᠥᠪᠯᠡᠬᠦ᠌ ᠵᠦᠢᠯ᠎ᠢ ᠲᠣᠬᠢᠷᠠᠭᠤᠯᠪᠠ᠃

ᠠᠩᠭᠢ ᠡᠬᠢᠯᠡᠬᠦ᠌ ᠶᠣᠰᠣᠯᠠᠯ ᠳᠡᠭᠡᠷ᠎ᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠧᠯᠸᠢᠰ ᠵᠦᠴᠦᠭᠡ᠎ᠶ᠋ᠢᠨ ᠵᠤᠷᠭᠠᠨ᠎ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠮ᠎ᠤᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《 ᠲᠧᠯᠸᠢᠰ᠎ᠤᠨ ᠲᠣᠮᠣ ᠳᠡᠯᠭᠡᠴᠡ᠎ᠶ᠋ᠢᠨ ᠠᠭᠤᠯᠭ᠎ᠠ᠎ᠶ᠋ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ   ᠷᠠᠳᠢᠣ᠋ ᠲᠧᠯᠸᠢᠰ᠎ᠤᠨ ᠠᠭᠤᠯᠭ᠎ᠠ᠎ᠶ᠋ᠢᠨ ᠬᠠᠩᠭᠠᠯᠭ᠎ᠠ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ 》᠎ᠤᠨ ᠲᠣᠭᠤᠷᠢᠨ᠎ᠳᠤ᠂ ᠡᠨᠡ ᠵᠢᠯ᠎ᠠᠴᠠ ᠨᠠᠭᠠᠱᠢᠬᠢ ᠲᠧᠯᠸᠢᠰ ᠵᠦᠴᠦᠭᠡ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠰᠡᠳᠭᠢᠴᠡ᠂ ᠠᠷᠭ᠎ᠠ ᠬᠡᠮᠵᠢᠶ᠎ᠡ ᠪᠠ ᠪᠣᠳᠣᠯ᠎ᠢᠶᠠᠨ ᠲᠠᠨᠢᠯᠴᠠᠭᠤᠯᠪᠠ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ ᠵᠡᠷᠭᠡ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠲᠣᠰ ᠥᠪᠡᠷ ᠥᠪᠡᠷ᠎ᠤᠨ ᠬᠦᠷᠢᠶᠡᠨ᠎ᠳᠠᠬᠢ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠶ᠋ᠢᠨ ᠰᠡᠳᠦᠪ᠎ᠢ ᠰᠣᠩᠭᠤᠨ ᠠᠭᠤᠳᠠᠯᠬᠤ᠂ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ ᠪᠠ ᠵᠣᠬᠢᠶᠠᠨ ᠪᠦᠲᠦᠭᠡᠵᠦ᠍ ᠦᠢᠯᠡᠳᠪᠦᠷᠢᠯᠡᠬᠦ᠌᠎ᠳᠤ ᠠᠩᠬᠠᠷᠬᠤ ᠴᠢᠬᠤᠯᠠᠲᠠᠶ ᠠᠰᠠᠭᠤᠳᠠᠯ᠎ᠤᠨ ᠲᠣᠭᠤᠷᠢᠨ᠎ᠳᠤ ᠬᠢᠴᠢᠶᠡᠯ ᠣᠷᠣᠪᠠ᠃ ᠠᠵᠢᠯ ᠲᠥᠷᠥᠯ᠎ᠤᠨ ᠡᠲᠡᠭᠡᠳ᠎ᠤᠨ ᠲᠤᠰᠭᠠᠶ ᠮᠡᠷᠭᠡᠵᠢᠯᠲᠡᠳ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠪᠠᠢᠷᠢᠱᠢᠯ ᠳᠣᠤᠷᠠᠬᠢ ᠱᠢᠨ᠎ᠡ ᠭᠤᠤᠯ ᠤᠷᠤᠰᠭᠠᠯ᠎ᠤᠨ ᠺᠢᠨᠣ᠋ ᠲᠧᠯᠸᠢᠰ᠎ᠤᠨ ᠵᠣᠬᠢᠶᠠᠨ ᠪᠦᠲᠦᠭᠡᠯᠭᠡ᠂ ᠤᠳᠭ᠎ᠠ ᠵᠣᠬᠢᠶᠠᠯ IP ᠺᠢᠨᠣ᠋ ᠲᠧᠯᠸᠢᠰ᠎ᠤᠨ ᠳᠠᠬᠢᠨ ᠠᠮᠢᠯᠠᠯ᠎ᠤᠨ ᠲᠣᠭᠤᠷᠢᠨ᠎ᠳᠤ ᠭᠦᠨᠵᠡᠭᠡᠶ ᠲᠠᠢᠯᠪᠤᠷᠢᠯᠠᠯᠲᠠ ᠪᠠ ᠠᠮᠢᠳᠤᠯᠢᠭ ᠵᠢᠯᠣᠭᠤᠳᠣᠯᠭ᠎ᠠ ᠬᠢᠵᠡᠶ᠃

ᠲᠣᠰ ᠤᠳᠠᠭᠠᠨ᠎ᠤ ᠪᠣᠯᠪᠠᠰᠣᠷᠠᠯ᠎ᠳᠤ ᠪᠠᠰᠠ 《 ᠰᠣᠳᠣᠨ ᠲᠧᠯᠸᠢᠰ ᠵᠦᠴᠦᠭᠡ ᠣᠢᠯᠡᠳᠬᠦ᠌ ᠪᠢᠴᠢᠯ ᠴᠠᠢᠯᠠᠯᠭ᠎ᠠ 》 — ᠺᠢᠨᠣ᠋ ᠲᠧᠯᠸᠢᠰ᠎ᠢ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ ᠬᠢᠭᠡᠳ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠲᠤᠰᠭᠠᠶ ᠲᠠᠯᠠᠪᠤᠷ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠡᠰᠡᠭ ᠮᠤᠵᠢ᠎ᠶ᠋ᠢᠨ ᠲᠣᠪᠴᠢᠶ᠎ᠠ᠎ᠶ᠋ᠢ ᠤᠷᠢᠵᠤ ᠬᠠᠷᠢᠶ᠎ᠠ ᠭᠠᠵᠠᠷ᠎ᠤᠨ ᠰᠡᠳᠦᠪ ᠰᠣᠩᠭᠤᠬᠤ ᠵᠣᠬᠢᠶᠠᠨ ᠪᠦᠲᠦᠭᠡᠬᠦ᠌ ᠲᠥᠯᠥᠪᠵᠢᠭᠦᠯᠭᠡ᠂ ᠺᠢᠨᠣ᠋ ᠲᠧᠯᠸᠢᠰ᠎ᠢ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ ᠪᠠ ᠣᠷᠣᠨ ᠨᠤᠲᠤᠭ᠎ᠤᠨ ᠣᠨᠴᠠᠯᠢᠭ᠍ᠲᠤ ᠺᠢᠨᠣ᠋ ᠲᠧᠯᠸᠢᠰ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠲᠠᠨᠢᠯᠴᠠᠭᠤᠯᠵᠤ᠂ ᠰᠠᠢᠨ ᠦᠷ᠎ᠡ ᠪᠦᠲᠦᠮᠵᠢ ᠣᠯᠪᠠ᠃

ᠰᠤᠷᠤᠭ᠍ᠴᠢᠳ᠂ ᠲᠤᠰ ᠤᠳᠠᠭᠠᠨ᠎ᠤ ᠪᠣᠯᠪᠠᠰᠤᠷᠠᠯ᠎ᠤᠨ ᠠᠭᠤᠯᠭ᠎ᠠ ᠲᠡᠭᠦᠯᠳᠡᠷ᠂ ᠵᠢᠯᠣᠭᠤᠳᠭᠤ ᠴᠢᠨᠠᠷ ᠲᠣᠪᠤᠢᠮ᠎ᠠ ᠪᠠᠢᠨ᠎ᠠ ᠭᠡᠵᠦ᠍ ᠢᠯᠡᠷᠬᠡᠢᠯᠡᠪᠡ᠃ ᠬᠢᠴᠢᠶᠡᠯ᠎ᠨᠢ ᠬᠤᠷᠸ᠎ᠠ ᠲᠠᠯ᠎ᠠ᠎ᠠᠴᠠ ᠵᠣᠬᠢᠶᠠᠨ ᠪᠦᠲᠦᠭᠡᠬᠦ᠌ ᠰᠡᠳᠭᠢᠮᠵᠢ᠎ᠶ᠋ᠢᠨ ᠵᠢᠯᠣᠭᠤᠳᠤᠯᠭ᠎ᠠ ᠬᠠᠩᠭᠠᠵᠤ᠂ ᠪᠠᠰᠠ ᠳᠠᠩᠰᠠᠯᠠᠭᠤᠯᠤᠨ ᠢᠯᠡ ᠨᠡᠢᠲᠡᠯᠡᠬᠦ᠌ ᠬᠠᠮᠢᠶᠠᠷᠤᠯᠲᠠ ᠪᠠ ᠵᠣᠬᠢᠶᠠᠨ ᠪᠦᠲᠦᠭᠡᠬᠦ᠌ ᠦᠢᠯᠡᠳᠪᠦᠷᠢᠯᠡᠯ ᠳᠤᠮᠳᠠ ᠲᠤᠯᠭᠠᠷᠠᠭ᠍ᠰᠠᠨ ᠪᠣᠳᠠᠲᠠᠶ ᠠᠰᠠᠭᠤᠳᠠᠯ᠎ᠳᠤ ᠪᠣᠳᠠᠲᠠᠶ ᠵᠢᠯᠣᠭᠤᠳᠣᠯᠭ᠎ᠠ ᠬᠠᠩᠭᠠᠵᠤ᠂ ᠪᠥᠬᠦ᠌ ᠶᠠᠪᠤᠴᠠ᠎ᠳᠤ ᠡᠯᠪᠡᠭ ᠬᠤᠷᠢᠶᠠᠯᠲᠠ ᠣᠯᠵᠤ᠂ 《 ᠪᠢᠴᠢᠯ ᠴᠠᠢᠯᠠᠯᠭ᠎ᠠ 》 ᠶ᠋ᠢᠨ ᠠᠵᠢᠯᠯᠠᠭ᠎ᠠ᠎ᠳᠤ ᠥᠨᠳᠥᠷ ᠪᠦᠲᠦᠮᠵᠢᠲᠡᠶ ᠵᠣᠯᠭᠠᠭᠤᠯᠬᠤ ᠡᠬᠢ ᠪᠠᠶᠠᠯᠢᠭ᠎ᠤᠨ ᠲᠠᠪᠴᠠᠩ ᠬᠠᠩᠭᠠᠵᠤ᠂ ᠨᠡᠯᠢᠶᠡᠳ ᠴᠢᠩᠭ᠎ᠠ ᠬᠡᠷᠡᠭ᠌ᠯᠡᠭᠡᠨ᠎ᠤ ᠴᠢᠨᠠᠷ᠎ᠲᠠᠢ ᠪᠣᠯᠪᠠ᠃

ᠲᠣᠰ ᠤᠳᠠᠭᠠᠨ᠎ᠤ ᠪᠣᠯᠪᠠᠰᠣᠷᠠᠯ᠎ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠧᠯᠸᠢᠰ ᠵᠦᠴᠦᠭᠡ᠎ᠶ᠋ᠢᠨ ᠵᠤᠷᠭᠠᠨ᠎ᠠᠴᠠ ᠭᠤᠤᠯᠯᠠᠨ ᠡᠷᠭᠢᠯᠡᠵᠦ᠍᠂ ᠰᠤᠳᠤᠯᠤᠨ ᠰᠤᠷᠤᠯᠴᠠᠬᠤ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠍᠂ ᠪᠥᠬᠦ᠌ ᠤᠯᠤᠰ᠎ᠤᠨ ᠡᠯ᠎ᠡ ᠮᠤᠵᠢ ( ᠣᠷᠣᠨ᠂ ᠬᠤᠲᠠ )᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠶ᠋ᠢ ᠳᠡᠩᠰᠡᠯᠡᠵᠦ᠍ ᠬᠢᠨᠠᠨ ᠬᠠᠷᠭᠤᠭᠤᠯᠬᠤ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠂ ᠭᠤᠤᠯᠳᠠᠯᠭ᠎ᠠ᠎ᠲᠠᠢ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ ) ᠦᠶ᠋ᠯᠡᠳᠬᠦ᠌ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ ᠪᠠ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠡᠢᠲᠡ 120 ᠭᠠᠷᠤᠶ ᠰᠣᠷᠣᠭ᠍ᠴᠢ  ᠪᠣᠯᠪᠠᠰᠣᠷᠠᠯ᠎ᠳᠤ ᠣᠷᠣᠯᠴᠠᠵᠠᠶ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ