2025 ᠣᠨ᠎ᠤ ᠪᠥᠬᠦ᠌ ᠤᠯᠤᠰ᠎ᠤᠨ ᠰᠦᠯᠵᠢᠶᠡᠨ᠎ᠤ ᠦᠵᠡᠵᠦ᠍ ᠰᠣᠨᠣᠰᠭᠤ ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ
2025-11-18

11 ᠳ᠋ᠦ᠍ᠭᠡᠷ ᠰᠠᠷ᠎ᠠ᠎ᠶ᠋ᠢᠨ 12 ᠎ᠤᠨ ᠡᠳᠦᠷ᠂ 2025 ᠣᠨ᠎ᠤ ᠪᠥᠬᠦ᠌ ᠤᠯᠤᠰ᠎ᠤᠨ ᠰᠦᠯᠵᠢᠶᠡᠨ᠎ᠤ ᠦᠵᠡᠵᠦ᠍ ᠰᠣᠨᠣᠰᠭᠤ ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠬᠤᠷᠠᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠢ᠍ᠢᠷ᠎ᠠ᠎ᠶ᠋ᠢᠨ ᠵᠢᠯ᠎ᠤᠨ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ ᠠᠵᠢᠯ᠎ᠢ ᠳ᠋ᠦᠩᠨᠡᠵᠦ᠍᠂ ᠪᠠᠢᠳᠠᠯ᠎ᠢ ᠵᠠᠳᠠᠯᠵᠤ᠂ ᠳᠠᠷᠠᠭᠠᠴᠢ᠎ᠶ᠋ᠢᠨ ᠠᠯᠬᠤᠮ᠎ᠤᠨ ᠭᠤᠣᠯᠳᠠᠯᠭ᠎ᠠ᠎ᠲᠠᠢ ᠠᠵᠢᠯ᠎ᠤᠨ ᠡᠭᠦᠷᠭᠡ᠎ᠶ᠋ᠢ ᠲᠤᠬᠢᠷᠠᠭᠤᠯᠤᠨ ᠪᠠᠢᠷᠢᠯᠠᠭᠤᠯᠵᠠᠢ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ ᠣᠢᠷ᠎ᠠ᠎ᠶ᠋ᠢᠨ ᠵᠢᠯ᠎ᠤᠨ ᠲᠤᠷᠱᠢᠬᠢ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠥᠷᠥᠯ᠎ᠤᠨ ᠣᠯᠤᠭ᠍ᠰᠠᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠭᠦᠶ᠋ᠴᠡᠳ ᠨᠤᠲᠠᠯᠠᠵᠤ᠂ ᠰᠦᠯᠵᠢᠶᠡᠨ᠎ᠤ ᠦᠵᠡᠵᠦ᠍ ᠰᠣᠨᠣᠰᠭᠤ ᠭᠤᠤᠯ ᠰᠡᠳᠦᠪ ᠭᠤᠤᠯ ᠱᠤᠭᠤᠮ᠎ᠤᠨ ᠤᠬᠠᠭᠤᠯᠭ᠎ᠠ ᠠᠮᠢᠳᠣ ᠳᠥᠷᠰᠥᠯᠢᠭ ᠪᠠᠢᠵᠤ᠂ ᠰᠦᠯᠵᠢᠶᠡᠨ᠎ᠤ ᠦᠵᠡᠵᠦ᠍ ᠰᠣᠨᠣᠰᠭᠤ ᠤᠳᠭ᠎ᠠ ᠤᠷᠠᠯᠢᠭ ᠥᠷᠨᠢᠨ ᠬᠥᠭ᠌ᠵᠢᠵᠦ᠍᠂ ᠲᠧᠯᠸᠢᠰ᠎ᠤᠨ 《 ᠳᠠᠪᠲᠠᠨ 》 ᠰᠦᠶ᠋ᠳᠭᠡᠯ ᠬᠤᠷᠢᠶᠠᠬᠤ ᠵᠠᠰᠠᠯᠲᠠ ᠬᠦᠴᠦᠲᠡᠶ ᠪᠥᠭᠡᠳ ᠪᠦᠲᠦᠮᠵᠢᠲᠡᠶ ᠪᠣᠯᠵᠤ᠂ ᠰᠦᠯᠵᠢᠶᠡᠨ᠎ᠤ ᠦᠵᠡᠵᠦ᠍ ᠰᠣᠨᠣᠰᠭᠤ ᠬᠠᠮᠢᠶᠠᠷᠤᠯᠲᠠ᠎ᠶ᠋ᠢᠨ ᠲᠣᠭ᠍ᠲᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠵᠦ᠍᠂ ᠰᠦᠯᠵᠢᠶᠡᠨ᠎ᠤ ᠦᠵᠡᠵᠦ᠍ ᠰᠣᠨᠣᠰᠭᠤ ᠣᠷᠴᠢᠨ ᠲᠣᠭᠤᠷᠢᠨ ᠡᠳᠦᠷ ᠢᠷᠡᠬᠦᠶ᠎ᠡ ᠴᠡᠯᠮᠡᠭ᠌ᠰᠢᠵᠦ᠍᠂ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠥᠷᠥᠯ ᠶᠠᠭ 《 ᠳᠡᠭᠡᠲᠣ ᠬᠤᠷᠳᠤᠴᠠ᠎ᠪᠠᠷ ᠨᠡᠮᠡᠭ᠌ᠳᠡᠵᠦ᠍ 》 ᠪᠠᠢᠭ᠍ᠰᠠᠨ᠎ᠠᠴᠠ 《 ᠴᠢᠨᠠᠷ ᠰᠠᠢᠲᠠᠶ ᠬᠥᠭ᠌ᠵᠢᠯᠲᠡ 》 ᠲᠡᠢᠰᠢ ᠤᠷᠤᠭ᠍ᠰᠢᠯᠠᠵᠤ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠬᠦ᠂ ᠰᠦᠯᠵᠢᠶᠡᠨ᠎ᠤ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠌ ᠴᠢᠬᠤᠯᠠ ᠱᠢᠨ᠎ᠡ ᠬᠦᠴᠦᠨ ᠪᠣᠯᠪᠠ  ᠭᠡᠵᠦ᠍ ᠵᠢᠭᠠᠵᠤ ᠭᠠᠷᠭᠠᠪᠠ᠃

ᠬᠤᠷᠠᠯ᠎ᠠᠴᠠ᠂ ᠡᠷᠬᠡᠪᠰᠢ ᠶᠡᠷᠦᠩᠬᠡᠶ ᠱᠦᠵᠢ ᠰᠢ᠎ᠶ᠋ᠢᠨ ᠫᠢᠩ᠎ᠤᠨ 《 ᠢᠳᠡᠪᠬᠢ ᠬᠦᠴᠦᠨ ᠪᠣᠯ ᠶᠡᠷᠦᠩᠬᠡᠶ ᠱᠠᠭᠠᠷᠳᠠᠯᠭ᠎ᠠ ᠮᠥᠨ᠂ ᠬᠠᠮᠢᠶᠠᠷᠴᠤ᠌ ᠳᠡᠢᠯᠬᠦ᠌ ᠪᠣᠯ ᠬᠠᠲᠠᠭᠤ ᠶᠣᠰᠣ ᠮᠥᠨ᠂ ᠰᠠᠢᠲᠤᠷ ᠬᠡᠷᠡᠭ᠌ᠯᠡᠬᠦ᠌ ᠪᠣᠯ ᠦᠨᠡᠨ ᠪᠣᠲᠠᠲᠣ ᠴᠢᠳᠠᠪᠣᠷᠢ ᠮᠥᠨ 》 ᠭᠡᠬᠦ᠌ ᠴᠢᠬᠤᠯᠠ ᠥᠭᠦᠯᠡᠯᠲᠡ᠎ᠶ᠋ᠢᠨ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠷᠠᠳᠢᠣ᠋ ᠲᠧᠯᠸᠢᠰ᠎ᠤᠨ 《 ᠬᠤᠶᠠᠷ ᠶᠡᠬᠡ ᠲᠣᠬᠠᠢᠯᠠᠭ᠍ᠰᠠᠨ ᠠᠵᠢᠯ᠎ᠢ ᠨᠢᠭᠡᠳᠣᠯᠲᠡᠢ ᠲᠥᠯᠥᠪᠵᠢᠭᠥᠯᠬᠥ᠌᠂ ᠭᠣᠷᠪᠠᠨ ᠶᠡᠬᠡ ᠬᠠᠷᠢᠶᠠᠲᠦ ᠴᠢᠨᠠᠷ᠎ᠢ ᠡᠵᠡᠮᠱᠢᠬᠦ᠌ ᠂ ᠳᠥᠷᠪᠡᠨ ᠠᠵᠢᠯ᠎ᠤᠨ ᠳᠡᠰ ᠳᠠᠪᠬᠣᠷᠭ᠎ᠠ᠎ᠶ᠋ᠢ ᠲᠥᠷᠥᠯ ᠬᠤᠪᠢᠶᠠᠨ ᠬᠠᠮᠢᠶᠠᠷᠬᠤ 》 ᠎ᠠᠵᠢᠯ᠎ᠤᠨ ᠪᠠᠢᠷᠢ ᠲᠣᠭ᠍ᠲᠠᠭᠠᠯᠲᠠ ᠪᠠ ᠭᠤᠷᠪᠠᠨ ᠶᠡᠭᠡ ᠠᠵᠢᠯ᠎ᠤᠨ ᠴᠢᠭ᠌ᠯᠡᠯ᠎ᠢ ᠲᠣᠭ᠍ᠲᠠᠭᠠᠵᠤ᠂ ᠱᠢᠰᠲ᠋ᠧᠮᠲᠦ ᠰᠡᠳᠭᠢᠬᠦᠶ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠬᠤᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠂ ᠠᠮᠢᠵᠢᠷᠠᠯ᠎ᠤᠨ ᠬᠦᠴᠦᠨ ᠪᠠ ᠡᠮᠬᠢ ᠳᠢᠭ᠌ᠯᠢᠮ᠎ᠢ ᠨᠢᠭᠡᠳᠦᠯᠲᠡᠶ ᠲᠥᠯᠥᠪᠵᠢᠭᠦᠯᠵᠦ᠍᠂ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠢ ᠥᠭᠡᠷᠡᠴᠢᠯᠡᠯᠲᠡ᠂ ᠱᠢᠨ᠎ᠡ᠎ᠶ᠋ᠢ ᠡᠭᠦᠳᠬᠦ᠂ ᠱᠢᠪᠲᠤᠯᠤᠯᠲᠠ᠎ᠶ᠋ᠢᠨ ᠳᠤᠮᠳᠠ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠣᠯᠠᠴᠢᠯᠠᠪᠠ᠃

ᠨᠢᠭᠡ᠎ᠳᠤ᠂ 《 ᠢᠳᠡᠪᠬᠢ ᠬᠦᠴᠦᠨ ᠪᠣᠯ ᠶᠡᠷᠦᠩᠬᠡᠶ ᠱᠠᠭᠠᠷᠳᠠᠯᠭ᠎ᠠ ᠮᠦᠨ》 ᠭᠡᠳᠡᠭ᠎ᠢ ᠪᠠᠷᠢᠮᠲᠠᠯᠠᠵᠤ᠂ ᠭᠤᠤᠯ ᠰᠡᠳᠦᠪ ᠭᠤᠤᠯ ᠱᠤᠭᠤᠮ᠎ᠤᠨ ᠤᠬᠠᠭᠤᠯᠭ᠎ᠠ᠎ᠶ᠋ᠢ ᠬᠦᠴᠦᠯᠡᠨ ᠬᠢᠵᠦ᠍᠂ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠵᠤ᠂ ᠪᠢᠴᠢᠯ ᠵᠦᠴᠦᠭᠡ᠎ᠶ᠋ᠢᠨ ᠡᠷᠡᠭᠦᠯ᠎ᠢᠶᠠᠷ ᠴᠡᠴᠡᠭ᠌ᠯᠡᠨ ᠬᠥᠭ᠌ᠵᠢᠬᠦ᠌᠎ᠶ᠋ᠢ ᠬᠦᠴᠦᠯᠡᠨ ᠠᠬᠢᠭᠤᠯᠵᠤ᠂ ᠰᠦᠯᠵᠢᠶᠡᠨ᠎ᠤ ᠦᠵᠡᠵᠦ᠍ ᠰᠣᠨᠣᠰᠭᠤ ᠠᠭᠤᠯᠭ᠎ᠠ᠎ᠶ᠋ᠢᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠶ᠃ ᠬᠤᠶᠠᠷ᠎ᠲᠤ᠌᠂ 《 ᠰᠠᠢᠲᠤᠷ ᠬᠡᠷᠡᠭ᠌ᠯᠡᠬᠦ᠌ ᠪᠣᠯ ᠦᠨᠡᠨ ᠪᠣᠲᠠᠲᠣ ᠴᠢᠳᠠᠪᠤᠷᠢ ᠮᠦᠨ 》 ᠭᠡᠳᠡᠭ᠎ᠢ ᠪᠠᠷᠢᠮᠲᠠᠯᠠᠵᠤ᠂ ᠣᠬᠤᠷ ᠸᠢᠳᠢᠣ᠋ ᠪᠠ ᠰᠦᠯᠵᠢᠶᠡᠨ᠎ᠤ ᠱᠢᠭᠤᠳ ᠨᠡᠪᠲᠡᠷᠡᠭᠦᠯᠭᠡ᠎ᠶ᠋ᠢᠨ ᠫᠷᠤᠭ᠌ᠷᠠᠮ᠎ᠤᠨ ᠬᠠᠮᠢᠶᠠᠷᠤᠯᠲᠠ ᠬᠡᠷᠡᠭ᠌ᠯᠡᠯᠲᠡ᠎ᠶ᠋ᠢ ᠬᠦᠴᠦᠯᠡᠨ ᠴᠢᠩᠭᠠᠷᠠᠭᠣᠯᠵᠣ᠂ ᠰᠦᠯᠵᠢᠶᠡᠨ᠎ᠤ ᠦᠵᠡᠵᠦ᠍ ᠰᠣᠨᠣᠰᠭᠤ ᠪᠠ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠭᠦᠨᠵᠡᠭᠡᠢ ᠠᠭᠤᠰᠤᠯᠴᠠᠯ᠎ᠢ ᠬᠦᠴᠦᠯᠡᠨ ᠠᠬᠢᠭᠤᠯᠵᠤ᠂ ᠰᠦᠯᠵᠢᠶᠡᠨ᠎ᠤ ᠦᠵᠡᠵᠦ᠍ ᠰᠣᠨᠣᠰᠭᠤ ᠠᠵᠤ ᠦᠢᠯᠡᠰ᠎ᠢ ᠬᠦᠴᠦᠯᠡᠨ ᠬᠥᠭ᠌ᠵᠢᠭᠦᠯᠦᠨ ᠪᠤᠵᠠᠭᠠᠢᠷᠠᠭᠤᠯᠵᠤ᠂ ᠰᠦᠯᠵᠢᠶᠡᠨ᠎ᠤ ᠦᠵᠡᠵᠦ᠍ ᠰᠣᠨᠣᠰᠭᠤ ᠶᠡᠭᠡ ᠲᠠᠯ᠎ᠠ᠎ᠳᠤ ᠦᠢᠯᠡᠴᠢᠯᠡᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠢ᠃ ᠭᠤᠷᠪᠠ᠎ᠳᠤ᠂ 《 ᠬᠠᠮᠢᠶᠠᠷᠴᠤ᠌ ᠳᠡᠢᠯᠬᠦ᠌ ᠪᠣᠯ ᠬᠠᠲᠠᠭᠤ ᠶᠣᠰᠣ ᠮᠥᠨ 》 ᠭᠡᠳᠡᠭ᠎ᠢ ᠪᠠᠷᠢᠮᠲᠠᠯᠠᠵᠤ᠂ ᠰᠦᠯᠵᠢᠶᠡᠨ᠎ᠤ ᠦᠵᠡᠵᠦ᠍ ᠰᠣᠨᠣᠰᠭᠤ ᠰᠣᠶᠣᠯ ᠴᠡᠩᠭᠡᠯ᠎ᠤᠨ ᠬᠦᠷᠢᠶ᠎ᠡ᠎ᠶ᠋ᠢ ᠶᠡᠷᠦᠩᠬᠡᠢᠯᠡᠨ ᠵᠠᠰᠠᠭ᠍ᠰᠠᠨ ᠦᠷ᠎ᠡ ᠪᠦᠲᠦᠮᠵᠢ᠎ᠶ᠋ᠢ ᠬᠦᠴᠦᠯᠡᠨ ᠪᠠᠬᠢᠵᠢᠭᠦᠯᠦᠨ ᠥᠷᠭᠡᠳᠭᠡᠵᠦ᠍᠂ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠢᠯᠡᠴᠢᠯᠡᠭᠡᠨ᠎ᠤ ᠪᠠᠢᠭᠤᠯᠤᠮᠵᠢ᠎ᠶ᠋ᠢ ᠲᠦᠷᠦᠯ ᠬᠤᠪᠢᠶᠠᠨ ᠬᠠᠮᠢᠶᠠᠷᠬᠤ᠎ᠶ᠋ᠢ ᠬᠦᠴᠦᠯᠡᠨ ᠱᠢᠯᠢᠳᠡᠭ᠌ᠵᠢᠭᠦᠯᠵᠦ᠍᠂ ᠬᠠᠷᠢᠶ᠎ᠠ ᠣᠷᠣᠨ᠎ᠤ ᠬᠠᠮᠢᠶᠠᠷᠤᠯᠲᠠ᠎ᠶ᠋ᠢ ᠬᠦᠴᠦᠯᠡᠨ ᠴᠢᠩᠭᠠᠳᠭᠠᠵᠤ᠂ ᠲᠠᠪᠴᠠᠩ᠎ᠤᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠬᠦᠴᠦᠯᠡᠨ ᠪᠣᠳᠠᠲᠠᠢᠵᠢᠭᠤᠯᠵᠤ᠂ ᠰᠦᠯᠵᠢᠶᠡᠨ᠎ᠤ ᠦᠵᠡᠵᠦ᠍ ᠰᠣᠨᠣᠰᠭᠤ ᠵᠠᠰᠠᠯᠲᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠢ᠃

ᠬᠤᠷᠠᠯ ᠳᠡᠭᠡᠷ᠎ᠡ᠂ ᠪᠡᠭᠡᠵᠢᠩ᠎ᠤᠨ ᠷᠠᠳᠢᠣ᠋ ᠲᠧᠯᠸᠢᠰ᠎ᠤᠨ ᠲᠣᠪᠴᠢᠶ᠎ᠠ᠂ ᠵᠧᠵᠢᠶᠠᠩ᠎ᠤᠨ ᠰᠣᠶᠣᠯ ᠵᠢᠭᠤᠯᠴᠢᠯᠠᠯ᠎ᠤᠨ ᠲᠢᠩᠬᠢᠮ᠂ ᠭᠤᠸᠠᠩᠰᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠱᠠᠨᠰᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠲᠥᠪ᠎ᠤᠨ ᠸᠢᠳᠢᠣ᠋᠂ ᠮᠠᠩ ᠭᠦᠸᠸ TV᠂ ᠮᠢ ᠭᠦ᠋ ᠺᠣᠮᠫᠠᠨᠢ᠂ ᠲᠧᠩ ᠱᠢᠶᠦ᠋ᠨ ᠺᠣᠮᠫᠠᠨᠢ᠂ ᠲᠢᠺ ᠲᠣᠺ ᠪᠦᠯᠦᠭ᠌ᠯᠡᠯ᠎ᠤᠨ ᠬᠠᠷᠢᠭᠤᠴᠠᠯᠭᠠᠲᠠᠨ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ ᠪᠠᠢᠭᠤᠯᠤᠯᠲᠠ᠂ ᠬᠠᠮᠢᠶᠠᠷᠤᠯᠲᠠ᠂ ᠬᠥᠭ᠌ᠵᠢᠯ ᠴᠡᠴᠡᠭ᠌ᠯᠡᠯ᠂ ᠬᠥᠭ᠌ᠵᠢᠯᠲᠡ᠎ᠶ᠋ᠢᠨ ᠲᠣᠭᠤᠷᠢᠨ᠎ᠳᠤ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠷᠠᠯ᠎ᠳᠤ ᠣᠷᠣᠯᠴᠠᠭ᠍ᠰᠠᠳ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠤᠷᠢᠨ᠎ᠳᠤ᠂ ᠲᠣᠰ ᠤᠳᠠᠭᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠤᠭᠤᠢᠯᠠᠩ ᠬᠤᠪᠢᠶᠠᠨ ᠶᠠᠷᠢᠯᠴᠠᠬᠤ᠎ᠶ᠋ᠢ ᠠᠬᠢᠭᠤᠯᠪᠠ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠱᠢᠭᠤᠳ ᠬᠠᠷᠢᠶ᠎ᠠ ᠬᠤᠯᠪᠣᠭ᠍ᠳᠠᠯ ᠪᠥᠬᠦᠶ ᠨᠢᠭᠡᠴᠢ᠂ ᠡᠯ᠎ᠡ ᠮᠤᠵᠢ ( ᠣᠷᠣᠨ᠂ ᠬᠤᠲᠠ ) ᠷᠠᠳᠢᠣ᠋ ᠲᠧᠯᠸᠢᠰ᠎ᠤᠨ ᠲᠣᠪᠴᠢᠶ᠎ᠠ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠠᠷᠠᠳ᠎ᠤᠨ ᠰᠦᠯᠵᠢᠶ᠎ᠡ᠂ ᠳᠤᠮᠳᠠᠳᠤ ᠤᠯᠤᠰ᠎ᠤᠨ ᠱᠢᠯᠵᠢᠮᠡᠯ ᠬᠤᠯᠪᠣᠭ᠎ᠠ᠂ ᠳᠤᠮᠳᠠᠳᠤ ᠤᠯᠤᠰ᠎ᠤᠨ ᠨᠢᠭᠡᠳᠦᠮᠡᠯ ᠬᠤᠯᠪᠣᠭ᠎ᠠ᠂ ᠳᠤᠮᠳᠠᠳᠤ ᠤᠯᠤᠰ᠎ᠤᠨ ᠴᠠᠬᠢᠯᠭᠠᠨ ᠬᠤᠯᠪᠣᠭ᠎ᠠ ᠵᠢᠴᠢ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ ᠨᠡᠢᠲᠡ 120 ᠭᠠᠷᠤᠶ ᠬᠥᠮᠦᠨ ᠬᠤᠷᠠᠯ᠎ᠳᠤ ᠣᠷᠣᠯᠴᠠᠵᠠᠶ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ