2025 ᠣᠨ᠎ᠤ 《 ᠴᠠᠭ ᠦᠶ᠎ᠡ᠎ᠲᠠᠢ ᠵᠡᠷᠭᠡ᠎ᠪᠡᠷ ᠣᠷᠣᠭ᠍ᠰᠢᠯᠠᠬᠤ 》 ᠠᠩᠬ᠎ᠠ ᠵᠣᠬᠢᠶᠠᠭ᠍ᠰᠠᠨ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠢ ᠰᠣᠩᠭᠣᠨ ᠭᠠᠷᠭᠠᠭ᠍ᠰᠠᠨ ᠦᠷ᠎ᠡ ᠳ᠋ᠦᠩ ᠵᠢᠴᠢ ᠵᠣᠬᠢᠶᠠᠨ ᠪᠠᠢᠭᠤᠯᠵᠤ ᠳᠡᠯᠭᠡᠨ ᠨᠡᠪᠲᠡᠷᠡᠭᠦᠯᠬᠦ᠌ ᠠᠵᠢᠯᠯᠠᠭ᠎ᠠ᠎ᠶ᠋ᠢ ᠨᠡᠢᠲᠡᠯᠡᠬᠦ᠌ ᠲᠤᠬᠠᠶ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠮᠡᠳᠡᠭ᠌ᠳᠡᠯ
2025-11-21

ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠤᠬᠠᠭᠤᠯᠤᠨ ᠲᠣᠭᠣᠱᠢᠯᠠᠭᠣᠯᠵᠣ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠣᠭᠣᠱᠢᠯᠠᠭᠣᠯᠣᠨ ᠨᠠᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠰᠦᠯᠵᠢᠶᠡᠨ᠎ᠤ ᠤᠳᠭ᠎ᠠ ᠤᠷᠠᠯᠢᠭ᠎ᠤᠨ ᠵᠣᠬᠢᠶᠠᠨ ᠪᠦᠲᠦᠭᠡᠬᠦ᠌ ᠪᠠ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠵᠡᠷᠭᠡ ᠪᠡᠷ ᠠᠬᠢᠭᠤᠯᠬᠤ ᠡᠭᠦᠷᠭᠡ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠱᠢᠯᠢᠳᠡᠭ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠢ ᠨᠡᠩ ᠥᠷᠭᠡᠨ ᠳᠠᠮᠵᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ ᠤᠢ᠍ᠢᠷ᠎ᠠ᠎ᠶ᠋ᠢᠨ ᠬᠤᠭᠤᠴᠠᠭᠠᠨ᠎ᠳᠤ 2025 ᠣᠨ᠎ᠤ 《 ᠴᠠᠭ ᠦᠶ᠎ᠡ᠎ᠲᠠᠢ ᠵᠡᠷᠭᠡ ᠪᠡᠷ ᠤᠷᠤᠭ᠍ᠰᠢᠯᠠᠬᠤ 》 ᠠᠩᠬ᠎ᠠ ᠵᠣᠬᠢᠶᠠᠭ᠍ᠰᠠᠨ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠢ ᠴᠤᠭ᠍ᠯᠠᠭᠤᠯᠤᠨ ᠰᠣᠩᠭᠣᠨ ᠭᠠᠷᠭᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠡᠯ᠎ᠡ ᠮᠤᠵᠢ᠎ᠶ᠋ᠢᠨ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠣᠯᠤᠨ ᠬᠤᠯᠪᠣᠭ᠍ᠳᠠᠯ ᠪᠦᠬᠦᠢ ᠲᠥᠪ᠎ᠤᠨ ᠨᠢᠭᠡᠴᠢ᠂ ᠶᠡᠭᠡ ᠳᠡᠭᠡᠳᠦ ᠰᠤᠷᠭᠠᠭᠤᠯᠢ᠎ᠶ᠋ᠢᠨ ᠲᠠᠨᠢᠯᠴᠠᠭᠤᠯᠭ᠎ᠠ᠎ᠪᠠᠷ ᠳᠠᠮᠵᠢᠭᠠᠳ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠣᠯᠠᠨ ᠡᠭᠡᠯᠵᠢ᠎ᠶ᠋ᠢᠨ ᠬᠢᠨᠠᠨ ᠱᠢᠯᠭᠠᠯᠲᠠ ᠬᠢᠵᠦ᠍᠂ ᠡᠴᠦᠰ ᠎ᠲᠤ ᠎ᠪᠠᠨ 140 ᠱᠢᠯᠢᠳᠡᠭ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠰᠣᠩᠭᠤᠯᠲᠠ᠎ᠶ᠋ᠢ ᠲᠣᠭ᠍ᠲᠠᠭᠠᠪᠠ᠃

ᠰᠣᠩᠭᠤᠭ᠍ᠳᠠᠭ᠍ᠰᠠᠨ ᠪᠦᠲᠦᠭᠡᠯ᠎ᠨᠢ ᠰᠢ᠎ᠶ᠋ᠢᠨ ᠫᠢᠩ᠎ᠤᠨ ᠰᠣᠶᠣᠯ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠵᠥᠪ ᠤᠯᠤᠰ ᠲᠦᠷᠦ᠍᠎ᠶ᠋ᠢᠨ ᠴᠢᠭ᠌ᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠦᠷᠳᠡᠭ᠎ᠤᠨ ᠬᠠᠨᠳᠤᠰᠢ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠠᠷ ᠭᠤᠣᠯ ᠪᠣᠯᠭᠠᠭ᠍ᠰᠠᠨ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠦᠵᠡᠯ ᠰᠠᠨᠠᠭ᠎ᠠ᠎ᠨᠢ ᠭᠦᠨᠵᠡᠭᠡᠢ᠂ ᠤᠷᠠᠯᠢᠭ᠎ᠨᠢ ᠨᠠᠷᠢᠨ ᠨᠢᠭ᠍ᠲᠠ᠂ ᠦᠢᠯᠡᠳᠬᠦ᠌᠎ᠳᠤ᠎ᠪᠠᠨ ᠨᠠᠷᠢᠯᠢᠭ ᠨᠢᠭᠡᠳᠦᠯᠲᠡᠢ ᠪᠠᠢᠯᠭᠠᠬᠤ᠎ᠶ᠋ᠢ ᠪᠠᠷᠢᠮᠲᠠᠯᠠᠵᠤ᠂ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠵᠣᠬᠢᠶᠠᠨ ᠪᠦᠲᠦᠭᠡᠬᠦ᠌᠎ᠳᠤ ᠵᠢᠱ᠌ᠢᠶ᠎ᠡ ᠦᠵᠡᠭᠦᠯᠵᠦ᠍ ᠬᠦᠳᠦᠯᠦᠨ ᠳᠠᠭᠠᠭᠤᠯᠬᠤ ᠦᠢᠯᠡᠳᠦᠯ᠎ᠲᠠᠢ ᠶᠤᠮ᠃

ᠡᠳᠦᠭᠡ ᠰᠣᠩᠭᠤᠭ᠍ᠳᠠᠭ᠍ᠰᠠᠨ ᠦᠷ᠎ᠡ ᠳ᠋ᠦᠩ᠎ᠢ ᠨᠡᠢᠳᠡᠯᠡᠶ᠎ᠡ᠃ ᠡᠯ᠎ᠡ ᠮᠤᠵᠢ᠎ᠶ᠋ᠢᠨ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠬᠠᠷᠢᠶ᠎ᠠ ᠣᠷᠣᠨ᠎ᠤ᠎ᠪᠠᠨ ᠭᠤᠣᠯᠳᠠᠯᠭ᠎ᠠ᠎ᠲᠠᠢ ᠦᠵᠡᠵᠦ᠍ ᠰᠣᠨᠣᠰᠭᠤ ᠫᠷᠤᠭ᠌ᠷᠠᠮ᠎ᠤᠨ ᠰᠦᠯᠵᠢᠶ᠎ᠡ᠎ᠶ᠋ᠢ ᠵᠣᠬᠢᠶᠠᠨ ᠪᠠᠢᠭᠤᠯᠵᠤ 2025 ᠣᠨ᠎ᠤ 12 ᠳ᠋ᠤᠭᠠᠷ ᠰᠠᠷ᠎ᠠ᠎ᠠᠴᠠ 2026 ᠣᠨ᠎ᠤ 2 ᠳ᠋ᠤᠭᠠᠷ ᠰᠠᠷ᠎ᠠ᠎ᠶ᠋ᠢᠨ ᠬᠤᠭᠤᠴᠠᠭᠠᠨ᠎ᠳᠤ ᠳᠡᠯᠭᠡᠨ ᠨᠡᠪᠲᠡᠷᠡᠭᠦᠯᠬᠦ᠌ ᠲᠤᠰᠭᠠᠶ ᠲᠣᠭᠤᠷᠢᠭ ᠪᠠᠢᠭᠤᠯᠬᠤ᠎ᠶ᠋ᠢᠨ ᠬᠠᠮᠲᠤ ᠲᠡᠷᠢᠭᠦᠨ ᠨᠢᠭᠤᠷ᠎ᠤᠨ ᠲᠥᠷᠥᠭᠥᠥ ᠳᠡᠯᠭᠡᠴᠡ᠎ᠶ᠋ᠢ ᠭᠤᠤᠯᠳᠠᠯᠭ᠎ᠠ᠎ᠲᠠᠢ ᠲᠠᠨᠢᠯᠴᠠᠭᠤᠯᠵᠤ᠂ ᠤᠲᠠᠰᠤᠲᠤ ᠲᠧᠯᠸᠢᠰ᠂ IPTV᠂ ᠢᠨᠲ᠋ᠧᠷ ᠰᠦᠯᠵᠢᠶᠡᠨ᠎ᠤ ᠲᠧᠯᠸᠢᠰ ᠵᠢᠴᠢ ᠨᠥᠬᠦᠴᠡᠯ᠎ᠲᠠᠢ ᠱᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠲᠥᠪ ᠵᠡᠷᠭᠡ᠎ᠳᠤ ᠳᠡᠯᠭᠡᠨ ᠨᠡᠪᠲᠡᠷᠡᠭᠦᠯᠬᠦ᠌ ᠲᠤᠰᠭᠠᠶ ᠲᠣᠭᠤᠷᠢᠭ ᠭᠠᠷᠭᠠᠬᠤ᠎ᠶ᠋ᠢ ᠵᠣᠷᠢᠭ᠍ᠵᠢᠭᠤᠯᠵᠤ᠂ ᠨᠥᠬᠦᠴᠡᠯ᠎ᠲᠠᠢ ᠶᠡᠭᠡ ᠳᠡᠭᠡᠳᠦ ᠰᠤᠷᠭᠠᠭᠤᠯᠢ᠂ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢ ᠵᠣᠬᠢᠴᠠᠭᠤᠯᠤᠨ ᠵᠣᠷᠢᠭ᠍ᠵᠢᠭᠤᠯᠵᠤ ᠵᠠᠯᠠᠭᠤ ᠰᠣᠷᠣᠭ᠍ᠴᠢᠳ᠂ ᠠᠶᠠᠨᠴᠢᠳ᠎ᠲᠤ ᠬᠠᠨᠳᠤᠭᠤᠯᠤᠨ ᠳᠡᠯᠭᠡᠨ ᠨᠡᠪᠲᠡᠷᠡᠭᠦᠯᠦᠨ᠎ᠡ᠃ ᠳᠡᠯᠭᠡᠨ ᠨᠡᠪᠲᠡᠷᠡᠭᠦᠯᠦᠭ᠌ᠰᠡᠨ ᠪᠠᠢᠳᠠᠯ᠎ᠢᠶᠠᠨ 2026 ᠣᠨ᠎ᠤ 3 ᠳ᠋ᠤᠭᠠᠷ ᠰᠠᠷ᠎ᠠ᠎ᠶ᠋ᠢᠨ 15 ᠎ᠤ ᠡᠳᠦᠷ᠎ᠠᠴᠠ ᠡᠮᠦᠨ᠎ᠡ ᠶᠡᠷᠦᠩᠬᠡᠶ ᠲᠣᠪᠴᠢᠶ᠎ᠠ᠎ᠶ᠋ᠢᠨ ᠰᠦᠯᠵᠢᠶᠡᠨ᠎ᠤ ᠦᠵᠡᠵᠦ᠍ ᠰᠣᠨᠣᠰᠭᠤ ᠵᠤᠷᠭᠠᠨ᠎ᠳᠤ ᠮᠡᠳᠡᠭᠦᠯᠦᠨ ᠬᠦᠷᠭᠡᠨ᠎ᠡ ( ᠬᠠᠷᠢᠯᠴᠠᠬᠤ ᠬᠥᠮᠦᠨ᠄ ᠬᠤᠸᠠᠩ ᠳ᠋ᠦᠩ᠂ ᠤᠲᠠᠰᠤ᠄ 010 - 86091625᠂ ᠹᠠᠺᠰ᠄ 010 - 86093488 )᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ