ᠣᠢᠷ᠎ᠠ᠎ᠳ᠋ᠤ᠂ ᠱᠧᠨᠵᠧᠨᠳ᠋ᠦ᠍ ᠡᠷᠬᠢᠯᠡᠭ᠌ᠰᠡᠨ 2025 UWA SUMMIT ᠬᠢᠭᠡᠳ ᠳᠡᠯᠡᠬᠡᠢ᠎ᠶᠢᠨ ᠬᠡᠳᠦ ᠥᠨᠳᠥᠷ ᠳᠣᠲᠣᠷᠠᠴᠠᠲᠣ ᠸᠢᠳᠢᠤ᠋᠎ᠶᠢᠨ ᠠᠵᠤ ᠦᠢᠯᠡᠰ᠎ᠦ᠋ᠨ ᠬᠣᠯᠪᠣᠭᠠᠨᠤ᠋ ᠭᠡᠰᠢᠭᠦᠳᠦ᠋ᠨ ᠶᠡᠬᠡ ᠬᠤᠷᠠᠯ ᠳᠡᠭᠡᠷ᠎ᠡ ᠂ ᠤᠯᠤᠰ᠎ᠤ᠋ᠨ ᠷᠠᠳᠢᠤ᠋ ᠲᠧᠯᠸᠢᠰ᠎ᠦ᠋ᠨ ᠶᠡᠷᠦᠩᠬᠡᠢ ᠲᠣᠪᠴᠢᠶ᠎ᠠ᠎ᠶᠢᠨ ᠷᠠᠳᠢᠤ᠋ ᠲᠧᠯᠸᠢᠰ᠎ᠦ᠋ᠨ ᠲᠥᠯᠥᠪᠵᠢᠭᠦᠯᠭᠡ᠎ᠶᠢᠨ ᠬᠦᠷᠢᠶᠡᠯᠡᠩ ᠲᠦᠷᠦᠭᠦᠯᠡᠨ᠂ ᠲᠥᠪ᠎ᠦ᠋ᠨ ᠷᠠᠳᠢᠤ᠋ ᠲᠧᠯᠸᠢᠰ᠎ᠦ᠋ᠨ ᠶᠡᠷᠦᠩᠬᠡᠢ ᠬᠣᠷᠢᠶ᠎ᠠ᠂ ᠵᠦᠩ ᠢ ( ᠬᠠᠩᠵᠧᠦ ) ᠮᠡᠳᠡᠭᠡ ᠵᠠᠩᠭᠢ᠎ᠶᠢᠨ ᠮᠡᠷᠭᠡᠵᠢᠯ᠎ᠦ᠋ᠨ ᠬᠢᠵᠠᠭᠠᠷᠲᠤ ᠺᠣᠮᠫᠠᠨᠢ᠂ ᠲᠢᠶᠠᠨ ᠢ ᠳ᠋ᠢᠭᠢᠲᠴᠢᠯᠡᠭ᠌ᠰᠡᠨ ᠠᠮᠢᠳᠤᠷᠠᠯ᠎ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦ᠋ᠨ ᠬᠢᠵᠠᠭᠠᠷᠲᠤ ᠺᠣᠮᠫᠠᠨᠢ᠎ᠲᠠᠢ ᠬᠠᠮᠲᠤᠷᠠᠨ ᠪᠡᠶᠡᠯᠡᠭᠦᠯᠦᠭ᠌ᠰᠡᠨ 《 ᠬᠡᠳᠦ ᠥᠨᠳᠥᠷ ᠳᠣᠲᠣᠷᠠᠴᠠᠲᠣ ᠸᠢᠳᠢᠤ᠋᠎ᠶᠢᠨ ᠶᠠᠰᠤ ᠴᠢᠨᠠᠷ᠎ᠢ᠋ ᠬᠡᠮᠵᠢᠨ ᠲᠣᠷᠰᠢᠬᠤ ᠲᠥᠬᠥᠭᠡᠷᠦᠮᠵᠢ᠎ᠶᠢ ᠰᠤᠳᠤᠯᠤᠨ ᠨᠡᠭᠡᠭᠡᠬᠦ᠌ ᠪᠠ ᠬᠡᠷᠡᠭ᠌ᠯᠡᠬᠦ᠌ 》 ᠲᠥᠷᠥᠯ ᠵᠦᠢᠯᠲᠡᠢ ᠬᠠᠮᠲᠤᠷᠠᠨ ᠪᠡᠶᠡᠯᠡᠭᠦᠯᠵᠦ᠍ ᠂ UWA 2025 ᠣᠨ ᠤ᠋ ᠬᠡᠳᠦ ᠥᠨᠳᠥᠷ ᠳᠣᠲᠣᠷᠠᠴᠠᠲᠣ ᠠᠵᠤ ᠦᠢᠯᠡᠰ᠎ᠦ᠋ᠨ ᠬᠡᠷᠡᠭ᠌ᠯᠡᠭᠡᠨᠦ᠌ 《 ᠠᠷᠪᠠᠨ ᠰᠢᠯᠢᠳᠡᠭ ᠬᠡᠷᠡᠭ᠎ᠦ᠋ᠨ ᠵᠢᠱ᠌ᠢᠶ᠎ᠡ 》 ᠶ᠋ᠢᠨ ᠴᠣᠯᠠ᠎ᠶᠢ ᠣᠯᠪᠠ ᠃
ᠬᠤᠶᠠᠷ ᠶᠡᠭᠡ ᠦᠷ᠎ᠡ ᠪᠦᠲᠦᠭᠡᠯ
ᠲᠥᠷᠥᠯ ᠵᠦᠢᠯ᠎ᠤᠨ ᠦᠷ᠎ᠡ ᠪᠦᠲᠦᠭᠡᠯ᠎ᠳᠤ ᠬᠡᠲᠦ ᠥᠨᠳᠥᠷ ᠳᠣᠲᠣᠷᠠᠴᠠᠲᠣ ᠸᠢᠳᠢᠤ᠋᠎ᠶ᠋ᠢᠨ ᠶᠠᠰᠤ ᠴᠢᠨᠠᠷ᠎ᠢ ᠪᠤᠰᠤᠳᠴᠢ᠎ᠪᠠᠷ ᠦᠨᠡᠯᠡᠬᠦ ᠱᠢᠰᠲ᠋ᠧᠮ ᠪᠠ 8K ᠬᠡᠲᠦ ᠥᠨᠳᠥᠷ ᠳᠣᠬᠢᠶᠠᠨ ᠡᠭᠦᠰᠭᠡᠭᠦᠷ ᠪᠠᠭ᠍ᠲᠠᠨ᠎ᠠ᠂ ᠠᠭᠤᠯᠭ᠎ᠠ ᠶ᠋ᠢᠨ ᠶᠠᠰᠤ ᠴᠢᠨᠠᠷ᠂ ᠺᠣᠳ᠋ ᠳᠠᠮᠵᠢᠭᠤᠯᠬᠤ ᠶᠠᠰᠤ ᠴᠢᠨᠠᠷ ᠪᠠ ᠦᠵᠦᠭᠦᠷᠯᠢᠭ᠎ᠢ ᠢᠯᠡᠷᠡᠭᠦᠯᠬᠦ᠌ ᠶᠠᠰᠤ ᠴᠢᠨᠠᠷ᠎ᠤᠨ ᠦᠨᠡᠯᠡᠯᠲᠡ᠎ᠳᠤ ᠬᠡᠷᠡᠭ᠌ᠯᠡᠵᠦ᠍ ᠪᠣᠯᠤᠨ᠎ᠠ᠂ ᠬᠠᠮᠢᠶ᠎ᠠ ᠪᠥᠬᠦᠶ ᠮᠡᠷᠭᠡᠵᠢᠯ᠎ᠨᠢ ᠨᠢᠭᠡᠨᠲᠡ ᠤᠯᠤᠰ᠎ᠤᠨ ᠡᠭᠦᠳᠦᠨ ᠪᠦᠲᠦᠭᠡᠬᠦ᠌ ᠲᠤᠰᠭᠠᠶ ᠠᠱᠢᠭ᠎ᠤᠨ ᠡᠷᠬᠡ ᠣᠯᠭᠤᠯᠲᠠ᠎ᠶ᠋ᠢ ᠣᠯᠤᠭ᠍ᠰᠠᠨ ᠪᠠᠢᠨ᠎ᠠ᠃
ᠮᠡᠷᠭᠡᠵᠢᠯ᠎ᠤᠨ ᠪᠡᠶᠡᠯᠡᠭ᠌ᠳᠡᠯᠤᠨ
ᠬᠡᠳᠦ ᠦᠨᠳᠦᠷ ᠸᠢᠳᠢᠤ᠋᠎ᠶ᠋ᠢᠨ ᠶᠠᠰᠤ ᠴᠢᠨᠠᠷ᠎ᠤᠨ ᠪᠤᠰᠤᠳᠴᠢ ᠦᠨᠡᠯᠡᠯᠲᠡ᠎ᠶ᠋ᠢᠨ ᠱᠢᠰᠲ᠋ᠧᠮ
ᠲᠣᠰ ᠦᠨᠡᠯᠡᠯᠲᠡ ᠶ᠋ᠢᠨ ᠱᠢᠰᠲ᠋ᠧᠮ᠎ᠨᠢ ᠭᠦᠨᠵᠡᠭᠡᠶ ᠰᠤᠷᠤᠯᠴᠠᠬᠤ᠎ᠳᠤ ᠰᠠᠭᠤᠷᠢᠯᠠᠭ᠍ᠰᠠᠨ AI ᠵᠠᠭ᠍ᠪᠤᠷ᠎ᠢ ᠣᠷᠣᠭᠤᠯᠤᠨ ᠠᠪᠴᠢᠷᠠᠵᠤ᠂ ᠲᠤᠰᠭᠠᠶ ᠮᠡᠷᠭᠡᠵᠢᠯ᠎ᠤᠨ ᠴᠤᠭ᠍ᠯᠠᠷᠠᠯ᠎ᠤᠨ ᠪᠣᠯᠪᠠᠰᠤᠷᠠᠯ᠎ᠳᠤ ᠲᠦᠱᠢᠭ᠌ᠯᠡᠨ᠂ 《 ᠪᠥᠬᠦ᠌ ᠯᠠᠪᠯᠠᠯᠲᠠ ᠪᠠ ᠯᠠᠪᠯᠠᠯᠲᠠ ᠥᠬᠡᠶ 》 ᠶ᠋ᠢᠨ ᠶᠠᠰᠤ ᠴᠢᠨᠠᠷ᠎ᠤᠨ ᠪᠤᠰᠤᠳᠴᠢ ᠦᠨᠡᠯᠡᠯᠲᠡ᠎ᠶ᠋ᠢ ᠪᠡᠶᠡᠯᠡᠭᠦᠯᠵᠦ᠍᠂ ᠬᠥᠮᠦᠨ᠎ᠤ ᠨᠢᠳᠦᠨ᠎ᠤ ᠪᠡᠶᠡᠴᠢ ᠲᠠᠯ᠎ᠠ᠎ᠶ᠋ᠢᠨ ᠮᠡᠳᠡᠷᠡᠮᠵᠢ᠎ᠶ᠋ᠢ ᠳᠡᠭᠡᠳᠦ ᠬᠡᠮᠵᠢᠶ᠎ᠡ᠎ᠪᠠᠷ ᠃
ᠣᠳᠣᠬᠠᠨ᠎ᠳᠤ᠂ ᠲᠣᠰ ᠱᠢᠰᠲ᠋ᠧᠮ᠎ᠨᠢ ᠨᠢᠭᠡᠨᠲᠡ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠵᠥᠩ ᠢ ( ᠬᠠᠩᠵᠧᠦ ) ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠬᠢᠵᠠᠭᠠᠷᠲᠤ ᠺᠣᠮᠫᠠᠨᠢ᠂ ᠲᠢᠶᠠᠨ ᠢ ᠳ᠋ᠢᠭᠢᠲᠴᠢᠯᠡᠭ᠌ᠰᠡᠨ ᠠᠮᠢᠳᠤᠷᠠᠯ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠢᠵᠠᠭᠠᠷᠲᠤ ᠺᠣᠮᠫᠠᠨᠢ ᠵᠡᠷᠭᠡ ᠨᠢᠭᠡᠴᠢ᠎ᠳᠤ ᠬᠡᠷᠡᠭ᠌ᠯᠡᠭᠡ᠎ᠶ᠋ᠢ ᠪᠠᠢᠷᠢᠯᠠᠭᠤᠯᠤᠨ ᠬᠡᠷᠡᠭ᠌ᠯᠡᠵᠦ᠍᠂ ᠸᠢᠳᠢᠣ᠋᠎ᠶ᠋ᠢᠨ ᠠᠭᠤᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠴᠢᠬᠤᠯᠠ ᠮᠡᠷᠭᠡᠵᠢᠯ᠎ᠤᠨ ᠳᠡᠮᠵᠢᠯᠭᠡ ᠬᠠᠩᠭᠠᠪᠠ᠃
8K ᠬᠡᠳᠦ ᠥᠨᠳᠥᠷ
ᠬᠦᠩᠭᠡᠪᠴᠢᠯᠡᠭᠰᠡᠨ 8K ᠬᠡᠳᠦ ᠥᠨᠳᠥᠷ ᠳᠣᠬᠢᠶᠠᠨ ᠡᠭᠦᠰᠭᠡᠭᠦᠷ ᠨᠢ 8K ᠬᠡᠲᠦ ᠥᠨᠳᠥᠷ ᠡᠪᠳᠡᠷᠡᠯ ᠦᠭᠡᠢ ᠴᠤᠭ᠍ᠯᠠᠭᠤᠯᠤᠨ ᠨᠡᠪᠲᠡᠷᠡᠭᠦᠯᠬᠦ᠌ ᠨᠢᠭᠡ ᠴᠣᠭ᠍ᠴᠠᠲᠤ ᠮᠠᠱᠢᠨ ᠳ᠋ᠤ ᠰᠠᠭᠣᠷᠢᠯᠠᠨ᠂ ᠪᠡᠶ᠎ᠡ᠎ᠪᠠᠨ ᠳᠠᠭᠠᠭᠠᠵᠤ ᠰᠤᠳᠤᠯᠤᠨ ᠦᠢᠯᠡᠳᠦᠭ᠌ᠰᠡᠨ ᠲᠤᠰᠭᠠᠢ ᠮᠡᠷᠭᠡᠵᠢᠯ᠎ᠤᠨ ᠬᠡᠮᠵᠢᠨ ᠲᠤᠷᠱᠢᠬᠤ ᠵᠢᠷᠤᠭ ᠳᠦᠷᠰᠦ᠎ᠶ᠋ᠢᠨ ᠴᠤᠪᠤᠷᠠᠯ ᠪᠠ ᠠᠵᠢᠯ ᠲᠥᠷᠥᠯ᠎ᠤᠨ ᠪᠠᠷᠢᠮᠵᠢᠶ᠎ᠠ᠎ᠳᠤ ᠨᠡᠢᠴᠡᠭ᠌ᠰᠡᠨ ᠬᠡᠮᠵᠢᠨ ᠳᠣᠬᠢᠶᠠᠨ᠎ᠤ ᠵᠢᠷᠤᠭ᠎ᠲᠠᠢ ᠤᠶᠠᠯᠳᠤᠭᠤᠯᠤᠨ᠂ ᠨᠢᠭᠡ ᠢᠵᠢ ᠪᠦᠷᠢᠨ ᠪᠦᠲᠦᠨ ᠬᠡᠲᠦ ᠥᠨᠳᠥᠷ ᠳᠣᠲᠣᠷᠠᠴᠠᠲᠣ ᠳᠣᠬᠢᠶ᠎ᠠ ᠡᠭᠦᠰᠭᠦ ᠱᠢᠰᠲ᠋ᠧᠮ᠎ᠢ ᠃
ᠲᠣᠰ ᠱᠢᠰᠲ᠋ᠧᠮ᠎ᠢ ᠨᠢᠭᠡᠨᠲᠡ ᠣᠯᠠᠨ ᠬᠡᠲᠦ ᠥᠨᠳᠥᠷ ᠪᠠᠷ ᠦᠶ᠋ᠯᠡᠳᠬᠦ᠌ ᠪᠠ ᠬᠡᠮᠵᠢᠨ ᠲᠣᠷᠰᠢᠬᠤ ᠲᠥᠷᠥᠯ ᠵᠦᠶ᠋ᠯ᠎ᠳᠤ ᠬᠡᠷᠡᠭ᠌ᠯᠡᠵᠦ᠍᠂ ᠬᠡᠲᠦ ᠥᠨᠳᠥᠷ ᠱᠢᠰᠲ᠋ᠧᠮ ᠪᠠ ᠲᠥᠬᠦᠭᠡᠷᠦᠮᠵᠢ᠎ᠶ᠋ᠢᠨ ᠪᠠᠷᠢᠮᠵᠢᠶ᠎ᠠ᠎ᠳᠤ ᠨᠡᠢᠴᠡᠬᠦ᠌᠎ᠶ᠋ᠢ ᠵᠢᠷᠤᠮᠵᠢᠭᠤᠯᠬᠤ᠂ ᠪᠥᠬᠦ᠌ ᠬᠡᠯᠬᠢᠶᠡᠨ᠎ᠤ ᠸᠢᠳᠢᠣ᠋᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠴᠢᠬᠤᠯᠠ ᠦᠢᠯᠡᠳᠦᠯ ᠦᠵᠡᠭᠦᠯᠪᠡ᠃
ᠲᠣᠰ ᠤᠳᠠᠭ᠎ᠠ ᠶ᠋ᠢᠨ 《 ᠠᠷᠪᠠᠨ ᠱᠢᠯᠢᠳᠡᠭ ᠬᠡᠷᠡᠭ᠎ᠤᠨ ᠵᠢᠱ᠌ᠢᠶ᠎ᠡ 》᠎ᠶ᠋ᠢᠨ ᠴᠣᠯᠠ ᠂ ᠲᠥᠷᠥᠯ ᠵᠦᠢᠯ᠎ᠤᠨ ᠪᠦᠯᠬᠦᠮ ᠨᠡᠢᠲᠡ᠎ᠶ᠋ᠢᠨ ᠬᠡᠲᠦ ᠥᠨᠳᠥᠷ ᠶ᠋ᠢᠨ ᠶᠠᠰᠤ ᠴᠢᠨᠠᠷ᠎ᠤᠨ ᠦᠨᠡᠯᠡᠯᠲᠡ᠎ᠶ᠋ᠢᠨ ᠬᠦᠷᠢᠶᠡᠨ᠎ᠳᠠᠬᠢ ᠱᠢᠨ᠎ᠡ᠎ᠶ᠋ᠢ ᠡᠭᠦᠳᠬᠦ᠌ ᠪᠣᠳᠠᠲᠤ ᠬᠦᠴᠦᠨ ᠪᠠ ᠦᠢᠯᠡᠳᠦᠯᠭᠡ᠎ᠶ᠋ᠢᠨ ᠦᠷ᠎ᠡ ᠪᠦᠲᠦᠮᠵᠢ᠎ᠶ᠋ᠢ ᠭᠦᠢᠴᠡᠳ ᠢᠯᠡᠷᠡᠭᠦᠯᠪᠡ᠃ ᠢᠷᠡᠭᠡᠳᠦᠶ᠎ᠪᠠᠨ ᠪᠠᠷᠠᠯᠠᠬᠤᠶ᠎ᠠ᠂ ᠷᠠᠳᠢᠣ᠋ ᠲᠧᠯᠸᠢᠰ᠎ᠤᠨ ᠲᠥᠯᠥᠪᠵᠢᠭᠦᠯᠭᠡ᠎ᠶ᠋ᠢᠨ ᠬᠦᠷᠢᠶᠡᠯᠡᠩ᠎ᠤᠨ᠎ᠬᠢᠨ ᠵᠠᠩᠭᠢᠯᠠᠭ᠎ᠠ᠎ᠶ᠋ᠢᠨ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠲᠠᠰ ᠳᠡᠪᠱᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠮᠠᠨ᠎ᠤ ᠤᠯᠤᠰ᠎ᠤᠨ ᠬᠡᠳᠦ ᠦᠨᠳᠦᠷ ᠸᠢᠳᠢᠣ᠋ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃