ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠶᠠᠫᠣᠨ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢ ᠳᠣᠷᠠᠰᠭᠠᠬᠣ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ᠌ ᠶᠠᠷᠢᠯᠴᠠᠬᠤ ᠬᠤᠷᠠᠯ ᠬᠤᠷᠠᠯᠳᠤᠪᠠ
2025-11-26

11 ᠳ᠋ᠦ᠍ᠭᠡᠷ ᠰᠠᠷ᠎ᠠ᠎ᠶᠢᠨ 20 ᠎ᠤ᠋ ᠡᠳᠦᠷ᠂ ᠶᠠᠫᠣᠨ᠎ᠢ᠋ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦ᠋ᠨ ᠣᠢ᠎ᠶᠢ ᠳᠤᠷᠠᠰᠭᠠᠬᠤ ᠪᠠᠷᠢᠮᠲᠠᠲᠤ ᠺᠢᠨᠤ᠋ ᠵᠣᠬᠢᠶᠠᠨ ᠪᠦᠲᠦᠭᠡᠬᠦ᠌ ᠶᠠᠷᠢᠯᠴᠠᠬᠤ ᠬᠤᠷᠠᠯ ᠪᠡᠭᠡᠵᠢᠩ᠎ᠳ᠋ᠦ᠍ ᠬᠤᠷᠠᠯᠳᠤᠪᠠ᠃ 《 ᠢᠯᠠᠯᠲᠠ 》᠂ 《 ᠯᠦ᠍ ᠭᠸᠤ ᠴᠢᠶᠤᠤ ᠬᠥᠭᠦᠷᠭᠡ᠄ ᠮᠠᠨ᠎ᠤ ᠳᠤᠷᠠᠰᠭᠠᠯ 》᠂ 《 ᠰᠡᠳᠭᠢᠯ ᠰᠠᠨᠠᠭᠠᠨ᠎ᠤ ᠠᠮᠤᠷ ᠬᠠᠮᠢᠭ᠎ᠠ ᠪᠠᠢᠬᠤ 》᠂ 《 ᠵᠡᠭᠦᠨ ᠬᠤᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠤᠯᠪᠣᠭ᠎ᠠ 》᠂ 《 ᠱᠢᠳᠤᠷᠭᠤ ᠶᠣᠰᠣᠨ᠎ᠤ ᠳᠠᠢᠯᠠᠯᠳᠤᠭᠠᠨ 》᠂ 《 ᠱᠢᠳᠤᠷᠭᠤ ᠶᠣᠰᠣᠨ᠎ᠤ ᠱᠢᠭᠦᠨ ᠲᠠᠰᠤᠯᠤᠯᠲᠠ 》 ᠵᠡᠷᠭᠡ ᠶᠠᠫᠣᠨ᠎ᠢ ᠡᠰᠡᠷᠭᠦᠴᠡᠬᠦ᠌ ᠲᠠᠢᠨ᠎ᠤ ᠭᠤᠣᠯ ᠰᠡᠳᠦᠪᠲᠦ ᠭᠤᠣᠯᠳᠠᠯᠭ᠎ᠠ᠎ᠲᠠᠢ ᠪᠠᠷᠢᠮᠲᠠᠲᠤ ᠺᠢᠨᠤ᠋ ᠶ᠋ᠢᠨ ᠭᠣᠣᠯᠯᠠᠨ ᠵᠣᠬᠢᠶᠠᠨ ᠪᠦᠲᠦᠭᠡᠭ᠌ᠰᠡᠨ ᠲᠥᠯᠥᠭᠡᠯᠡᠭ᠌ᠴᠢ ᠪᠦᠲᠦᠭᠡᠯ᠎ᠤᠨ ᠵᠣᠬᠢᠶᠠᠨ ᠪᠦᠲᠦᠭᠡᠭ᠌ᠰᠡᠨ ᠥᠩᠭᠡᠷᠡᠯᠲᠡ ᠪᠣᠯᠤᠨ ᠨᠡᠪᠲᠡᠷᠡᠭᠦᠯᠦᠭ᠌ᠰᠡᠨ ᠬᠠᠷᠢᠭᠤ ᠳᠣᠰᠭᠠᠯ᠎ᠢ ᠱᠢᠰᠲᠸᠮ ᠲᠠᠢ ᠡᠷᠭᠢᠴᠡᠭᠦᠯᠵᠦ᠍᠂ ᠰᠡᠳᠦᠪ ᠰᠣᠩᠭᠤᠬᠤ ᠲᠥᠰᠦᠪᠯᠡᠯ᠂ ᠲᠡᠦᠬᠡ᠎ᠶ᠋ᠢᠨ ᠮᠠᠲ᠋ᠧᠷᠢᠶᠠᠯ᠎ᠢ ᠠᠭᠤᠳᠠᠯᠬᠤ᠂ ᠵᠣᠬᠢᠶᠠᠨ ᠪᠦᠲᠦᠭᠡᠬᠦ᠌ ᠦᠢᠯᠡᠳᠪᠦᠷᠢᠯᠡᠬᠦ᠌ ᠳᠠᠮᠵᠢᠭᠣᠯᠬᠣ ᠵᠡᠷᠭᠡ ᠲᠠᠯ᠎ᠠ᠎ᠶ᠋ᠢᠨ ᠡᠷᠬᠢᠮ ᠨᠠᠨᠳᠢᠨ ᠲᠤᠷᠱᠢᠯᠭ᠎ᠠ ᠪᠣᠯᠤᠨ ᠭᠦᠨᠵᠡᠭᠡᠢ ᠣᠢᠯᠠᠭᠠᠯᠲᠠ᠎ᠪᠠᠨ ᠬᠤᠪᠢᠶᠠᠯᠴᠠᠪᠠ᠃ ᠠᠯᠳᠠᠷᠲᠤ ᠤᠳᠭ᠎ᠠ ᠤᠷᠠᠯᠢᠭ᠎ᠤᠨ ᠱᠢᠭᠦᠮᠵᠢᠯᠡᠭ᠌ᠴᠢ ᠵᠦᠩ ᠴᠧᠩ ᠱᠢᠶᠠᠩ᠂ ᠨᠡᠷ᠎ᠡ ᠬᠦᠨᠳᠦᠲᠦ ᠪᠠᠷᠢᠮᠲᠠᠲᠤ ᠺᠢᠨᠣ᠋᠎ᠶ᠋ᠢᠨ ᠤᠳᠤᠷᠢᠳᠤᠭᠠᠴᠢ ᠶᠠᠨ ᠳ᠋ᠦᠩ᠂ ᠠᠵᠢᠯ ᠲᠥᠷᠥᠯ᠎ᠤᠨ ᠲᠤᠰᠭᠠᠶ ᠮᠡᠷᠭᠡᠵᠢᠯᠲᠡᠨ ᠴᠧᠨ ᠵᠧᠨ ᠠᠳᠠᠯᠢ ᠪᠤᠰᠤ ᠬᠠᠷᠠᠭᠠᠰᠤ᠎ᠠᠴᠠ ᠡᠭᠦᠰᠴᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠂ ᠴᠢᠬᠤᠯᠠ ᠶᠡᠭᠡ ᠭᠤᠤᠯ ᠰᠡᠳᠦᠪᠲᠦ ᠪᠠᠷᠢᠮᠲᠠᠲᠤ ᠺᠢᠨᠣ᠋᠎ᠶ᠋ᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠪᠠ ᠳᠠᠮᠵᠢᠭᠣᠯᠬᠣ ᠎ᠶ᠋ᠢ ᠴᠢᠩᠭᠠᠳᠭᠠᠵᠦ᠍᠂ ᠭᠤᠤᠯ ᠤᠷᠤᠰᠭᠠᠯ᠎ᠤᠨ ᠥᠷᠲᠡᠭ᠎ᠢ ᠨᠠᠩ ᠰᠠᠢᠲᠤᠷ ᠪᠠᠳᠠᠷᠠᠭᠤᠯᠬᠤ᠂ ᠠᠷᠠᠳ ᠲᠦᠮᠡᠨ᠎ᠤ ᠣᠶᠤᠨ ᠰᠠᠨᠠᠭᠠᠨ᠎ᠤ ᠬᠦᠴᠦᠨ᠎ᠢ ᠴᠢᠩᠭᠠᠳᠭᠠᠬᠤ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠽᠦᠸᠧ ᠴᠢᠤᠸᠠᠨ ᠵᠠᠩᠵᠤᠨ᠎ᠤ ᠵᠢᠭᠡ ᠣᠮᠪᠣᠯᠣ᠂ ᠨᠠᠢ᠍ᠮᠠᠳᠤᠭᠠᠷ ᠵᠠᠮ᠎ᠤᠨ ᠴᠡᠷᠢᠭ᠎ᠤᠨ ᠰᠤᠳᠤᠯᠭᠠᠨ᠎ᠤ ᠨᠡᠢᠭᠡᠮᠯᠢᠭ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ ᠱᠠ ᠹᠧᠩ ᠪᠠᠷᠢᠮᠲᠠᠲᠤ ᠺᠢᠨᠤ᠋ ᠎ᠶ᠋ᠢᠨ ᠰᠡᠭᠦᠳᠡᠷᠯᠡᠬᠦ᠌ ᠶᠠᠪᠤᠴᠠ᠎ᠲᠠᠢ ᠤᠶᠠᠯᠳᠤᠭᠤᠯᠤᠨ᠂ ᠶᠠᠫᠣᠨ᠎ᠢ ᠡᠰᠡᠷᠭᠦᠴᠡᠬᠦ᠌ ᠲᠠᠢᠨ᠎ᠤ ᠪᠠᠭᠠᠲᠤᠷᠴᠤᠳ᠎ᠤᠨ ᠤᠯᠤᠰ ᠭᠡᠷ᠎ᠤᠨ ᠬᠠᠢᠷ᠎ᠠ ᠰᠡᠳᠭᠢᠯᠭᠡ ᠪᠠ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠦᠷᠳᠡᠭ᠎ᠢ ᠭᠦᠨ ᠰᠡᠳᠭᠢᠯᠭᠡ᠎ᠲᠠᠢ᠎ᠪᠠᠷ ᠶᠠᠷᠢᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ᠂ ᠲᠥᠪ᠎ᠤᠨ ᠤᠬᠠᠭᠤᠯᠬᠤ ᠬᠡᠯᠲᠡᠰ᠎ᠤᠨ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ            《 ᠳᠡᠭᠡᠷ᠎ᠡ᠎ᠠᠴᠠ ᠳᠣᠷᠣᠭ᠍ᠰᠢ 》 ᠪᠠ 《 ᠳᠣᠣᠷ᠎ᠠ᠎ᠠᠴᠠ ᠳᠡᠭᠡᠭ᠌ᠰᠢ 》 ᠪᠠᠢᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠴᠢᠬᠤᠯᠠ ᠶᠡᠭᠡ ᠵᠠᠩᠭᠢᠯᠠᠭ᠎ᠠ᠎ᠶ᠋ᠢᠨ ᠴᠠᠭ᠎ᠤᠨ ᠲᠣᠭᠤᠷᠢᠨ᠎ᠳᠤ᠂ ᠴᠢᠬᠤᠯᠠ ᠶᠡᠭᠡ ᠭᠤᠣᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠬᠤᠯᠠ ᠠᠵᠠ ᠲᠣᠬᠢᠶᠠᠯ᠎ᠢ ᠠᠮᠵᠢᠵᠤ᠂ ᠨᠢᠭᠡ ᠪᠦᠯᠦᠭ ᠶᠠᠫᠣᠨ᠎ᠢ ᠡᠰᠡᠷᠭᠦᠴᠡᠬᠦ᠌ ᠳᠠᠢᠨ᠎ᠤ ᠭᠤᠣᠯ ᠰᠡᠳᠦᠪᠲᠦ ᠪᠠᠷᠢᠮᠲᠠᠲᠤ ᠺᠢᠨᠤ᠋᠎ᠶ᠋ᠢᠨ ᠰᠣᠳᠣᠨ ᠪᠦᠲᠦᠭᠡᠯ᠎ᠢ ᠲᠣᠷᠪᠢᠯᠢᠭ ᠵᠣᠬᠢᠶᠠᠵᠦ᠍᠂ ᠣᠯᠠᠨ ᠲᠸᠯᠸᠢᠰ᠎ᠶ᠋ᠢᠡᠷ  ᠳᠠᠮᠵᠢᠭᠤᠯᠤᠨ ᠨᠡᠪᠲᠡᠷᠡᠭᠦᠯᠬᠦ᠌ ᠂  ᠲᠧᠯᠸᠢᠰ ᠰᠦᠯᠵᠢᠶ᠎ᠡ᠎ᠪᠡᠷ ᠳᠠᠮᠵᠢᠭᠤᠯᠤᠨ ᠨᠡᠪᠲᠡᠷᠡᠭᠦᠯᠬᠦ᠌ ᠂ ᠣᠯᠠᠨ ᠤᠯᠤᠰ᠎ᠶ᠋ᠢᠡᠷ ᠳᠠᠮᠵᠢᠭᠤᠯᠬᠤ᠎ᠶ᠋ᠢ ᠴᠢᠩᠭᠠᠳᠭᠠᠵᠦ᠍᠂ ᠳᠣᠲᠣᠭᠠᠳᠤ᠎ᠳᠤ᠎ᠪᠠᠨ ᠲᠡᠦᠬᠡ᠎ᠪᠠᠨ ᠪᠠᠲᠤ ᠴᠡᠭᠡᠵᠢᠯᠡᠬᠦ᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠬᠤ᠂ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠭᠠᠳᠠᠭᠠᠳᠤ᠎ᠳᠤ ᠶᠣᠰᠣ ᠪᠠ ᠬᠠᠤᠯᠢ ᠵᠦᠢ ᠶ᠋ᠢ ᠲᠣᠯᠭᠠᠭᠣᠷᠢᠯᠠᠭᠣᠯᠵᠦ᠍᠂ ᠲᠡᠣᠬᠡᠨ ᠦᠨᠡᠨ ᠶᠠᠪᠣᠳᠠᠯ ᠪᠠ ᠲᠡᠦᠬᠡ᠎ᠶ᠋ᠢᠨ ᠮᠠᠲ᠋ᠧᠷᠢᠶᠠᠯ᠎ᠢᠶᠠᠷ ᠦᠭᠡ ᠬᠡᠯᠡᠵᠦ᠍᠂ ᠪᠠᠷᠢᠮᠲᠠᠲᠤ ᠺᠢᠨᠤ᠋ ᠎ᠶ᠋ᠢᠨ ᠬᠡᠯᠪᠡᠷᠢ᠎ᠪᠠᠷ ᠪᠦᠬᠦ᠌ ᠳᠡᠯᠡᠬᠡᠢ᠎ᠳᠤ ᠶᠠᠭᠤ᠎ᠶ᠋ᠢ ᠱᠢᠳᠤᠷᠭᠤ ᠶᠣᠰᠣ ᠭᠡᠬᠦ᠂ ᠶᠠᠭᠤ᠎ᠶ᠋ᠢ ᠲᠡᠷᠰᠯᠡᠭᠦᠦ ᠭᠡᠬᠦ᠌᠂ ᠶᠠᠭᠤ᠎ᠶ᠋ᠢ ᠳᠡᠪᠱᠢᠯᠲᠡ ᠭᠡᠬᠦ᠂ ᠶᠠᠭᠤ᠎ᠶ᠋ᠢ ᠬᠤᠴᠣᠷᠤᠩᠭᠤᠢ ᠭᠡᠳᠡᠭ᠎ᠢ ᠲᠣᠳᠣᠷᠬᠠᠢ ᠶᠠᠷᠢᠵᠤ᠂ ᠵᠥᠪ ᠣᠨᠣᠪᠴᠢᠲᠠᠢ ᠶᠠᠫᠣᠨ᠎ᠢ ᠡᠰᠡᠷᠭᠦᠴᠡᠬᠦ᠌ ᠲᠠᠢᠨ᠎ᠤ ᠲᠡᠦᠬᠡ᠎ᠶ᠋ᠢᠨ ᠦᠵᠡᠯᠲᠡ᠂ ᠬᠤᠶᠠᠳᠤᠭᠠᠷ ᠲᠠᠢᠨ᠎ᠤ ᠲᠡᠦᠬᠡ᠎ᠶ᠋ᠢᠨ ᠦᠵᠡᠯᠲᠡ᠎ᠶ᠋ᠢ ᠬᠦᠴᠦᠲᠡᠢ ᠪᠠᠳᠠᠷᠠᠭᠤᠯᠵᠤ᠂ ᠲᠠᠢᠨ᠎ᠤ ᠳᠠᠷᠠᠭᠠᠬᠢ ᠤᠯᠠᠨ ᠤᠯᠤᠰ᠎ᠤᠨ ᠡᠮᠬᠢ ᠳᠢᠭ᠌ᠯᠢᠮ᠎ᠢ ᠡᠷᠡᠰ ᠬᠠᠮᠠᠭᠠᠯᠠᠬᠤ᠂ ᠲᠦᠷᠢᠮᠡᠬᠡᠢᠯᠡᠬᠦ᠌ ᠲᠡᠦᠬᠡ ᠎ᠶ᠋ᠢ ᠦᠭᠡᠢᠰᠭᠡᠬᠦ᠌ ᠪᠠ ᠭᠠᠵᠢᠭᠤᠳᠠᠭ᠍ᠤᠯᠬᠤ᠂ ᠴᠡᠷᠢᠭ᠌ ᠤᠯᠤᠰ ᠎ᠤᠨ ᠦᠵᠡᠯ ᠳᠠᠬᠢᠨ ᠪᠣᠰᠴᠦ᠍ ᠳᠠᠭᠠᠷᠢᠨ ᠢᠷᠡᠬᠦ᠌ ᠱᠢᠳᠣᠷᠭᠣ ᠶᠣᠰᠣᠨ᠎ᠤ ᠳᠠᠭᠤᠨ᠎ᠢ ᠦᠭᠡᠢᠰᠭᠡᠬᠦ᠌ ᠎ᠶ᠋ᠢ ᠣᠭ᠍ᠲᠤ ᠵᠥᠪᠱᠢᠶᠡᠷᠡᠬᠦ᠌ ᠦᠭᠡᠢ ᠭᠡᠵᠦ᠍ ᠵᠢᠭᠠᠨ ᠭᠠᠷᠭᠠᠪᠠ ᠃ 

ᠬᠤᠷᠠᠯ᠎ᠠᠴᠠ᠂ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ᠎ᠳᠤ᠂ ᠪᠠᠷᠢᠮᠲᠠᠲᠤ ᠺᠢᠨᠤ᠋᠎ᠨᠢ ᠤᠯᠤᠰ ᠣᠷᠣᠨ᠎ᠤ ᠲᠥᠯᠥᠭᠡ ᠵᠥᠪ ᠲᠡᠦᠬᠡ᠎ᠶ᠋ᠢ ᠦᠯᠡᠳᠡᠭᠡᠵᠦ᠍᠂ ᠦᠨᠳᠦᠰᠦᠲᠡᠨ᠎ᠤ ᠪᠣᠯᠪᠠᠰᠤᠨ᠎ᠢ ᠦᠷᠭᠦᠯᠵᠢᠯᠡᠭᠦᠯᠬᠦ᠌ ᠲᠡᠦᠬᠡᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃ ᠰᠢ᠎ᠶ᠋ᠢᠨ ᠫᠢᠩ᠎ᠤᠨ ᠰᠤᠶᠤᠯ᠎ᠤᠨ ᠦᠵᠡᠯ ᠰᠠᠨᠠᠭ᠎ᠠ᠎ᠶ᠋ᠢ ᠬᠦᠨᠵᠡᠬᠡᠢ ᠰᠤᠷᠤᠯᠴᠠᠨ ᠳᠣᠭᠣᠱᠢᠯᠠᠭᠣᠯᠵᠦ᠍᠂ ᠶᠠᠫᠤᠨ᠎ᠢ ᠡᠰᠡᠷᠬᠦᠴᠡᠬᠦ᠌ ᠠᠭᠤᠤ ᠶᠡᠭᠡ ᠵᠤᠷᠢᠭ ᠰᠠᠨᠠᠭ᠎ᠠ᠎ᠶ᠋ᠢ ᠤᠯᠠᠮᠵᠢᠯᠠᠵᠤ᠂ ᠨᠡᠩ ᠤᠷᠬᠢᠯᠤᠮ᠎ᠠ ᠬᠠᠯᠠᠭᠤᠨ ᠰᠡᠳᠭᠢᠯᠬᠡ᠂ ᠨᠡᠩ ᠴᠤᠭ ᠪᠠᠳᠠᠷᠠᠩᠭᠤᠢ ᠳᠡᠮᠡᠴᠡᠯ᠎ᠤᠨ ᠵᠤᠷᠢᠭ᠂ ᠨᠡᠩ ᠯᠠᠪᠳᠠᠭᠤᠨ ᠪᠠᠳᠤᠳᠠᠢ ᠰᠤᠷᠳᠠᠯ᠎ᠢᠶᠠᠷ ᠠᠭᠤᠤ ᠶᠡᠭᠡ ᠴᠠᠭ ᠦᠶ᠎ᠡ᠎ᠶ᠋ᠢ ᠲᠡᠮᠲᠡᠭ᠌ᠯᠡᠵᠦ᠍᠂ ᠦᠨᠳᠦᠰᠦᠳᠡᠨ᠎ᠤ ᠵᠤᠷᠢᠭ ᠰᠠᠨᠠᠭ᠎ᠠ᠎ᠶ᠋ᠢ ᠪᠠᠳᠠᠷᠠᠭᠤᠯᠬᠤ᠂ ᠡᠷᠡᠮᠡᠭᠡᠢᠯᠡᠨ ᠤᠷᠤᠬ᠍ᠰᠢᠯᠠᠬᠤ ᠬᠦᠴᠦᠨ᠎ᠢ ᠨᠢᠭ᠍ᠳᠠᠷᠠᠭᠤᠯᠬᠤ ᠰᠤᠳᠤᠨ ᠪᠦᠳᠦᠬᠡᠯ᠎ᠢ ᠨᠡᠩ ᠲᠣᠷᠪᠢᠯᠢᠭ ᠵᠣᠬᠢᠶᠠᠵᠦ᠍᠂ ᠵᠢᠷᠤᠮᠠᠭ᠎ᠢᠶᠠᠷ ᠦᠶ᠎ᠡ᠎ᠶ᠋ᠢᠨ ᠦᠶ᠎ᠡ᠎ᠳᠦ᠎ᠪᠡᠨ ᠲᠠᠰᠣᠷᠠᠰᠢ ᠦᠭᠡᠢ ᠠᠷᠠᠳ᠎ᠤᠨ ᠲᠤᠤᠯᠢᠰ᠎ᠢ ᠪᠢᠴᠢᠭ᠌ᠯᠡᠵᠤ᠂ ᠨᠡᠢᠬᠡᠮ ᠵᠢᠷᠤᠮᠳᠤ ᠰᠤᠶᠤᠯ᠎ᠤᠨ ᠬᠦᠴᠤᠷᠬᠡᠭ ᠣᠯᠣᠰ ᠎ᠢ ᠪᠦᠳᠤᠬᠡᠨ ᠪᠠᠢᠭᠤᠯᠬᠤ᠎ᠳᠤ ᠨᠡᠩ ᠶᠡᠭᠡ ᠱᠢᠨ᠎ᠠ ᠬᠤᠪᠢ ᠨᠡᠮᠡᠷᠢ ᠦᠵᠡᠬᠦᠯᠬᠦ᠌ ᠬᠡᠷᠡᠭ᠌ᠳᠡᠢ ᠬᠡᠵᠤ ᠴᠢᠬᠣᠯᠠᠴᠢᠯᠠᠪᠠ᠃ ᠨᠢᠭᠡ᠎ᠳᠤ᠂ 《 ᠤᠯᠤᠰ᠎ᠤᠨ ᠶᠡᠭᠡ ᠶᠠᠪᠤᠳᠠᠯ 》᠎ᠢ ᠪᠤᠳᠤᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠷᠢᠳᠴᠢᠯᠠᠨ ᠲᠥᠯᠥᠪᠵᠢᠭᠥᠯᠵᠥ᠍᠂ ᠭᠤᠣᠯᠳᠠᠯᠭ᠎ᠠ᠎ᠲᠠᠢ ᠰᠡᠳᠦᠪ ᠰᠣᠩᠭᠤᠬᠤ᠎ᠶ᠋ᠢ ᠱᠢᠰᠲ᠋ᠧᠮ᠎ᠲᠠᠢ ᠲᠥᠯᠥᠪᠵᠢᠭᠥᠯᠬᠥ᠌ ᠬᠡᠷᠡᠭ᠌ᠲᠡᠢ᠃ ᠴᠢᠬᠤᠯᠠ ᠶᠡᠭᠡ ᠭᠤᠣᠯ ᠰᠡᠳᠦᠪ ᠪᠠ ᠴᠢᠬᠤᠯᠠ ᠵᠠᠩᠭᠢᠯᠠᠭ᠎ᠠ᠎ᠶ᠋ᠢᠨ ᠴᠡᠭ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯ᠎ᠤᠨ ᠰᠣᠶᠣᠯ ᠪᠠ ᠲᠡᠷᠢᠭᠦᠨ᠎ᠤ ᠰᠣᠶᠣᠯ᠂ ᠴᠠᠭ᠎ᠤᠨ ᠡᠯᠧᠮᠧᠨ᠋ᠲ᠂ ᠣᠷᠣᠨ ᠵᠠᠢ᠎ᠶ᠋ᠢᠨ ᠡᠯᠧᠮᠧᠨ᠋ᠲ᠂ ᠬᠡᠷᠡᠭ ᠶᠠᠪᠤᠳᠠᠯ᠎ᠤᠨ ᠡᠯᠧᠮᠧᠨ᠋ᠲ᠂ ᠬᠥᠮᠦᠰ᠎ᠤᠨ ᠡᠯᠧᠮᠧᠨ᠋ᠲ ᠵᠡᠷᠭᠡ ᠲᠣᠭᠤᠷᠢᠨ᠎ᠳᠤ᠂ ᠬᠤᠷᠸ᠎ᠠ ᠪᠠᠢᠷᠢᠱᠢᠭᠤᠯᠤᠯᠲᠠ᠂  ᠵᠠᠪᠰᠠᠷ᠎ᠤᠨ ᠬᠠᠷᠠᠭᠠᠰᠤ᠂ ᠬᠤᠮᠠᠬᠢ ᠲᠦᠷᠦᠯ ᠵᠦᠢᠯ ᠵᠡᠷᠭᠡ ᠲᠠᠯ᠎ᠠ᠎ᠠᠴᠠ ᠱᠢᠰᠲ᠋ᠧᠮᠲᠦ ᠴᠢᠨᠠᠷᠲᠠᠢ ᠲᠥᠯᠥᠪᠵᠢᠭᠦᠯᠭᠡ᠎ᠶ᠋ᠢ ᠴᠢᠩᠭᠠᠳᠭᠠᠵᠤ᠂ ᠡᠯ᠎ᠡ ᠬᠦᠷᠢᠶ᠎ᠡ᠎ᠶ᠋ᠢ ᠬᠠᠮᠤᠷᠤᠭ᠍ᠰᠠᠨ ᠪᠠᠷᠢᠮᠲᠠᠲᠤ ᠺᠢᠨᠤ᠋ ᠎ᠶ᠋ᠢᠨ ᠨᠡᠪᠲᠡᠷᠬᠡᠢ ᠪᠢᠴᠢᠭ᠎ᠢ  ᠴᠣᠭ᠍ᠴᠠᠯᠠᠨ᠎ᠠ᠃ ᠬᠤᠶᠠᠷ᠎ᠲᠤ᠌᠂ ᠵᠢᠮ᠎ᠡ ᠶᠣᠰᠣ᠎ᠶ᠋ᠢ ᠡᠵᠡᠮᠳᠡᠵᠦ᠍᠂ ᠨᠢᠭ᠍ᠲᠠ᠎ᠠᠴᠠ ᠨᠢᠭ᠍ᠲᠠ ᠪᠠᠢᠬᠤ᠎ᠶ᠋ᠢ ᠡᠷᠬᠢᠮᠯᠡᠵᠦ᠍᠂ ᠴᠠᠭ ᠦᠶ᠎ᠡ᠎ᠳᠤ ᠣᠰᠣᠯᠳᠠᠬᠤ ᠦᠭᠡᠢ᠂ ᠠᠷᠠᠳ ᠲᠦᠮᠡᠨ᠎ᠳᠤ ᠣᠰᠣᠯᠳᠠᠬᠤ ᠦᠭᠡᠢ ᠰᠣᠳᠣᠨ ᠪᠦᠲᠦᠭᠡᠯ᠎ᠢ ᠪᠣᠢ ᠪᠣᠯᠭᠠᠬᠣ ᠬᠡᠷᠡᠭ᠌ᠲᠡᠢ᠃         《 ᠰᠣᠳᠣᠨ ᠪᠦᠲᠦᠭᠡᠯ᠎ᠤᠨ ᠤᠬᠠᠮᠰᠠᠷ 》᠎ᠢᠶᠡᠨ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ᠌ ᠪᠦᠬᠦ᠌ ᠶᠠᠪᠤᠴᠠ᠎ᠳᠤ ᠲᠣᠭᠣᠱᠢᠯᠠᠭᠣᠯᠵᠣ᠂ ᠦᠵᠡᠯ ᠰᠠᠨᠠᠭᠠᠴᠢ ᠴᠢᠨᠠᠷ᠂ ᠰᠤᠶᠤᠯᠴᠢ ᠴᠢᠨᠠᠷ᠂ ᠴᠠᠭ ᠦᠶᠡᠴᠢ ᠴᠢᠨᠠᠷ᠎ᠤᠨ ᠲᠠᠯ᠎ᠠ᠎ᠪᠠᠷ ᠬᠠᠮᠵᠢᠯᠴᠠᠨ ᠬᠦᠴᠦᠯᠡᠵᠦ᠍᠂ ᠪᠠᠷᠢᠮᠲᠠᠲᠤ ᠺᠢᠨᠣ᠋ ᠨᠢᠭᠡᠪᠦᠷᠢ᠎ᠶ᠋ᠢ ᠴᠥᠮ ᠦᠵᠡᠯ ᠰᠠᠨᠠᠭᠠᠨ᠎ᠤ ᠭᠦᠨᠴᠡ᠂ ᠤᠷᠠᠯᠢᠭ᠎ᠤᠨ ᠥᠨᠳᠥᠷ ᠬᠡᠮᠵᠢᠶ᠎ᠡ ᠪᠣᠯᠤᠨ ᠬᠠᠢᠷ᠎ᠠ ᠰᠡᠳᠭᠢᠯᠭᠡ ᠬᠤᠣᠰᠯᠠᠭ᠍ᠰᠠᠨ ᠵᠢᠷᠣᠮᠠᠭ᠎ᠤᠨ ᠳᠠᠩᠰᠠ ᠡᠪᠬᠡᠮᠡᠯ ᠪᠣᠯᠭᠠᠨ᠎ᠠ᠃ ᠭᠤᠷᠪᠠ᠎ᠳᠤ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠢᠶᠠᠷ ᠬᠦᠴᠦᠨ ᠨᠡᠮᠡᠷᠢᠯᠡᠵᠦ᠍᠂ ᠤᠷᠠᠯᠢᠭ᠎ᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠪᠠᠷᠢᠮᠲᠠᠲᠤ ᠺᠢᠨᠤ᠋ ᠎ᠶ᠋ᠢᠨ ᠭᠠᠢᠬᠠᠭᠤᠯᠬᠤ ᠬᠦᠴᠦᠨ᠂ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠬᠡᠳᠤ ᠦᠨᠳᠦᠷ ᠳᠤᠲᠤᠷᠠᠴᠠᠲᠤ ᠎ᠶ᠋ᠢᠨ ᠪᠠᠷᠢᠮᠲᠠᠲᠤ ᠺᠢᠨᠤ᠋ ᠳ᠋ᠡᠬᠢ ᠬᠡᠷᠡᠭ᠌ᠯᠡᠯᠲᠡ᠎ᠶ᠋ᠢ ᠴᠢᠩᠭᠠᠳᠭᠠᠵᠤ᠂ ᠵᠣᠬᠢᠶᠠᠮᠠᠯ ᠣᠶᠤᠨᠴᠢ ᠮᠡᠷᠭᠡᠵᠢᠯ᠎ᠢ ᠵᠦᠶ ᠵᠣᠬᠢᠰᠲᠠᠶ ᠬᠡᠷᠡᠭ᠌ᠯᠡᠵᠦ᠍᠂ ᠬᠠᠷᠠᠭᠠᠨ ᠰᠡᠷᠡᠯ᠎ᠤᠨ ᠦᠷ᠎ᠡ ᠪᠦᠲᠦᠮᠵᠢ ᠪᠠ ᠤᠷᠠᠯᠢᠭ᠎ᠤᠨ ᠢᠯᠡᠷᠡᠭᠦᠯᠦᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ᠌᠎ᠳᠤ ᠨᠠᠩ ᠥᠷᠭᠡᠨ ᠠᠭᠤᠳᠠᠮ ᠣᠷᠣᠨ ᠵᠠᠶ ᠪᠠ ᠲᠠᠪᠴᠠᠩ ᠬᠠᠩᠭᠠᠨ᠎ᠠ᠃ ᠲᠦᠷᠪᠡ᠎ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠶᠡᠭᠡ ᠳᠡᠯᠭᠡᠴᠡ᠎ᠪᠠᠷ ᠪᠠᠭ᠎ᠠ ᠳᠡᠯᠭᠡᠴᠡ᠎ᠶ᠋ᠢ ᠨᠡᠪᠲᠡᠷᠡᠭᠦᠯᠵᠦ᠍᠂ ᠰᠠᠢᠨ ᠪᠦᠲᠦᠭᠡᠯ᠎ᠢ ᠨᠡᠩ ᠥᠷᠭᠡᠨ᠎ᠢᠶᠠᠷ ᠳᠡᠯᠭᠡᠷᠡᠭᠦᠯᠬᠦ᠌ ᠭᠡᠷᠡᠭ᠌ᠲᠡᠢ᠃ ᠳᠠᠮᠵᠢᠭᠤᠯᠭ᠎ᠠ᠎ᠶ᠋ᠢᠨ ᠪᠠᠢᠷᠢᠱᠢᠯ᠎ᠤᠨ ᠬᠤᠪᠢᠷᠠᠯᠲᠠ᠎ᠳᠤ ᠢᠳᠡᠪᠬᠢᠲᠡᠢ ᠵᠣᠬᠢᠴᠠᠵᠤ᠂ ᠢᠨᠲ᠋ᠧᠷ ᠰᠦᠯᠵᠢᠶᠡᠨ᠎ᠤ ᠰᠡᠳᠭᠢᠬᠦᠢ᠎ᠪᠠᠨ ᠴᠢᠩᠭᠠᠷᠠᠭᠣᠯᠵᠣ᠂ ᠲᠧᠯᠸᠢᠰ᠎ᠢᠶᠠᠷ ᠨᠡᠪᠲᠡᠷᠡᠭᠦᠯᠬᠦ᠌᠎ᠶ᠋ᠢ ᠢᠳᠡᠪᠬᠢᠲᠡᠢ ᠥᠷᠭᠡᠳᠭᠡᠵᠦ᠍᠂ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢ ᠴᠢᠩᠭᠠᠳᠭᠠᠵᠤ᠂ ᠣᠬᠤᠷ ᠸᠢᠳᠢᠤ᠋᠎ᠪᠠᠷ ᠳᠠᠮᠵᠢᠭᠤᠯᠬᠤ᠎ᠶ᠋ᠢ ᠴᠢᠩᠭᠠᠳᠭᠠᠵᠤ᠂ ᠪᠠᠷᠢᠮᠲᠠᠲᠤ ᠺᠢᠨᠤ᠋ ᠎ᠶ᠋ᠢᠨ ᠰᠠᠢᠨ ᠪᠦᠲᠦᠭᠡᠯ᠎ᠢ ᠲᠦᠭ ᠲᠦᠮᠡᠨ ᠠᠢᠯ ᠡᠷᠦᠬᠡ᠎ᠳᠤ ᠭᠦᠨᠵᠡᠭᠡᠢᠷᠡᠭᠦᠯᠬᠦ᠂ ᠠᠷᠠᠳ ᠤᠯᠠᠨ᠎ᠤ ᠠᠮᠢᠳᠤᠷᠠᠯ᠎ᠳᠤ ᠠᠭᠤᠰᠤᠯᠴᠠᠭᠤᠯᠬᠤ᠂ ᠳᠡᠯᠡᠬᠡᠢ᠎ᠶ᠋ᠢᠨ ᠲᠠᠪᠴᠠᠩ ᠲᠡᠢᠰᠢ ᠤᠷᠤᠭ᠍ᠰᠢᠯᠠᠭᠤᠯᠬᠤ᠎ᠶ᠋ᠢ ᠠᠬᠢᠭᠤᠯᠤᠨ᠎ᠠ᠃

ᠲᠥᠪ᠎ᠤᠨ ᠤᠬᠠᠭᠤᠯᠬᠤ ᠬᠡᠯᠲᠡᠰ᠎ᠤᠨ ᠤᠨᠤᠯ᠎ᠤᠨ ᠲᠣᠪᠴᠢᠶ᠎ᠠ᠂ ᠰᠣᠨᠢᠨ ᠮᠡᠳᠡᠭᠡᠨ᠎ᠤ ᠲᠣᠪᠴᠢᠶ᠎ᠠ᠂ ᠤᠳᠭ᠎ᠠ ᠤᠷᠠᠯᠢᠭ᠎ᠤᠨ ᠲᠣᠪᠴᠢᠶ᠎ᠠ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠠᠮᠢᠶ᠎ᠠ ᠪᠦᠬᠦᠢ ᠵᠤᠷᠭᠠᠨ ᠲᠣᠪᠴᠢᠶ᠎ᠠ ᠪᠠ ᠱᠢᠭᠤᠳ ᠬᠠᠷᠢᠶ᠎ᠠ ᠨᠢᠭᠡᠴᠢ᠂ ᠪᠡᠭᠡᠵᠢᠩ᠂ ᠯᠢᠶᠣᠤᠨᠢᠩ᠂ ᠱᠠᠩᠬᠠᠶ᠂ ᠵᠢᠶᠠᠩᠰᠤ᠂ ᠭᠤᠸᠠᠩᠳᠦ᠋ᠩ ᠵᠡᠷᠭᠡ ᠮᠤᠵᠢ           ( ᠱᠢᠭᠤᠳ ᠬᠠᠷᠢᠶ᠎ᠠ ᠬᠤᠲᠠ ) ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠲᠠᠢᠸᠠᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠵᠢᠴᠢ 《 ᠢᠯᠠᠯᠲᠠ 》᠂ 《 ᠯᠦ᠍ ᠭᠸᠦ ᠴᠢᠶᠣᠤ ᠬᠥᠭᠦᠷᠭᠡ᠄ ᠮᠠᠨ᠎ᠤ ᠳᠤᠷᠠᠰᠭᠠᠯ》᠂ 《 ᠰᠡᠳᠭᠢᠯ ᠰᠠᠨᠠᠭᠠᠨ᠎ᠤ ᠠᠮᠤᠷ ᠬᠠᠮᠢᠭ᠎ᠠ ᠪᠠᠢᠬᠤ 》᠂ 《 ᠵᠡᠭᠦᠨ ᠬᠤᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠤᠯᠪᠣᠭ᠎ᠠ 》᠂          《 ᠱᠢᠳᠤᠷᠭᠤ ᠶᠣᠰᠣᠨ᠎ᠤ ᠳᠠᠢᠯᠠᠯᠳᠤᠭᠠᠨ 》᠂ 《 ᠱᠢᠳᠤᠷᠭᠤ ᠶᠣᠰᠣᠨ᠎ᠤ ᠱᠢᠭᠦᠨ ᠲᠠᠰᠤᠯᠤᠯᠲᠠ 》 ᠵᠡᠷᠭᠡ ᠭᠤᠣᠯᠳᠠᠯᠭ᠎ᠠ᠎ᠲᠠᠢ ᠪᠠᠷᠢᠮᠲᠠᠲᠤ ᠺᠢᠨᠤ᠋ ᠎ᠶ᠋ᠢᠨ ᠭᠣᠣᠯᠯᠠᠨ ᠵᠣᠬᠢᠶᠠᠨ ᠪᠦᠲᠦᠭᠡᠭ᠌ᠰᠡᠨ ᠲᠥᠯᠥᠭᠡᠯᠡᠭ᠌ᠴᠢ᠂ ᠶᠠᠫᠣᠨ᠎ᠢ ᠡᠰᠡᠷᠭᠦᠴᠡᠬᠦ᠌ ᠲᠠᠢᠨ᠎ᠤ ᠬᠤᠢᠴᠢᠰ᠂ ᠠᠵᠢᠯ ᠲᠦᠷᠦᠯ᠎ᠤᠨ ᠲᠤᠰᠭᠠᠢ ᠮᠡᠷᠭᠡᠵᠢᠯᠲᠡᠨ᠂ ᠵᠠᠭᠤᠴᠢᠯᠠᠭᠤᠷ᠎ᠤᠨ ᠲᠥᠯᠥᠭᠡᠯᠡᠭ᠌ᠴᠢ ᠨᠠᠷ ᠬᠤᠷᠠᠯ᠎ᠳᠤ ᠣᠷᠣᠯᠴᠠᠪᠠ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ