11 ᠳ᠋ᠦ᠍ᠭᠡᠷ ᠰᠠᠷ᠎ᠠ᠎ᠶ᠋ᠢᠨ 21 ᠤ ᠤᠷᠤᠢ᠂ ᠠᠷᠪᠡᠨ ᠲᠠᠪᠤᠲᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠡᠭᠦᠰᠭᠦ᠌ ᠶᠤᠰᠤᠯᠠᠯ ᠱᠸᠨ᠋ᠵᠸᠨ ᠳᠤ ᠶᠠᠪᠤᠭ᠍ᠲᠠᠪᠠ᠃ ᠲᠦᠪ᠎ᠤᠨ ᠷᠠᠳᠢᠤ᠋ ᠲᠧᠯᠸᠢᠰ᠎ᠤᠨ ᠶᠡᠷᠦᠩᠬᠡᠢ ᠰᠤᠪᠠᠭ᠂ ᠬᠢᠳᠠᠳ ᠬᠡᠯᠡᠨ᠎ᠤ ᠤᠯᠠᠨ ᠤᠯᠤᠰ᠎ᠤᠨ ᠰᠤᠪᠠᠭ᠂ ᠪᠡᠶ᠎ᠡ᠎ᠶ᠋ᠢᠨ ᠲᠠᠮᠢᠷ᠎ᠤᠨ ᠰᠤᠪᠠᠭ᠂ 4K ᠬᠡᠳᠦ ᠦᠨᠳᠦᠷ ᠳᠣᠲᠣᠷᠠᠴᠠᠲᠣ ᠰᠤᠪᠠᠭ ᠵᠡᠷᠭᠡ 7 ᠲᠧᠯᠸᠢᠰ ᠰᠤᠪᠠᠭ᠂ ᠲᠤᠮᠳᠠᠳᠤ ᠤᠯᠤᠰ᠎ᠤᠨ ᠳᠠᠭᠣᠨ᠂ ᠶᠡᠭᠡ ᠪᠤᠯᠤᠩ᠎ᠤᠨ ᠤᠷᠤᠨ᠎ᠤ ᠲᠠᠭᠤᠨ ᠵᠡᠷᠭᠡ 4 ᠷᠠᠳᠢᠤ᠋ ᠨᠡᠪᠳᠡᠷᠡᠭᠦᠯᠭᠡ᠎ᠶ᠋ᠢᠨ ᠲᠠᠪᠳᠠᠮᠵᠢ ᠡᠴᠡ ᠲᠤᠬᠠᠢ᠎ᠶ᠋ᠢᠨ ᠲᠠᠯᠠᠪᠠᠢ᠎ᠳᠤ ᠱᠢᠭᠤᠳ ᠨᠡᠪᠳᠡᠷᠡᠬᠦᠯᠪᠡ; ᠭᠤᠸᠠᠩᠳᠦ᠋ᠩ᠎ᠤᠨ ᠤᠳᠤᠨ ᠲᠧᠯᠸᠢᠰ᠎ᠤᠨ 4K ᠬᠡᠳᠦ ᠦᠨᠳᠦᠷ ᠳᠣᠲᠣᠷᠠᠴᠠᠲᠣ ᠰᠤᠪᠠᠭ᠂ ᠱᠧᠨᠵᠧᠨ᠎ᠤ ᠤᠳᠤᠨ ᠲᠧᠯᠸᠢᠰ᠎ᠤᠨ 4K ᠬᠡᠳᠦ ᠦᠨᠳᠦᠷ ᠳᠣᠲᠣᠷᠠᠴᠠᠲᠣ ᠰᠤᠪᠠᠭ᠎ᠨᠢ ᠲᠡᠬᠦᠰᠭᠦ ᠶᠤᠰᠤᠯᠠᠯ᠎ᠳᠤ ᠬᠡᠲᠦ ᠦᠨᠳᠤᠷ ᠳᠣᠲᠣᠷᠠᠴᠠᠲᠣ ᠲᠤᠬᠢᠶ᠎ᠠ᠎ᠪᠠᠷ ᠳᠠᠮᠵᠢᠭᠣᠯᠣᠨ ᠨᠡᠪᠲᠡᠷᠡᠭᠥᠯᠪᠡ᠃ ᠱᠢᠭᠣᠳ ᠳᠠᠮᠵᠢᠭᠤᠯᠤᠨ ᠨᠡᠪᠲᠡᠷᠡᠭᠦᠯᠬᠦ᠌ ᠫᠷᠣᠭ᠌ᠷᠠᠮ ᠨᠢ ᠪᠦᠬᠦ᠌ ᠤᠯᠤᠰ᠎ᠤᠨ ᠤᠲᠠᠰᠤᠲᠤ ᠂ ᠤᠲᠠᠰᠤ ᠦᠭᠡᠶ ᠂ ᠳᠠᠭᠠᠭᠤᠯᠢ ᠣᠳᠣ ᠂ IPTV ᠳᠠᠮᠵᠢᠭᠤᠯᠬᠤ ᠪᠠᠷ ᠳᠠᠮᠵᠢᠭᠤᠯᠤᠨ ᠲᠥᠭᠡᠭᠡᠨ ᠲᠠᠷᠬᠠᠯᠲᠠ᠎ᠪᠡᠷ ᠰᠦᠯᠵᠢᠶ᠎ᠡ ᠶ᠋ᠢ ᠠᠶᠣᠯ ᠦᠭᠡᠢ ᠴᠢᠨᠠᠷ ᠰᠠᠢᠲᠠᠶ ᠨᠡᠪᠲᠡᠷᠡᠭᠥᠯᠪᠡ᠃ ᠳᠣᠮᠲᠠᠲᠤ ᠤᠯᠤᠰ᠎ᠤᠨ ᠨᠧᠲ ᠲᠸᠯᠸᠢᠰ ᠬᠣᠷᠢᠶ᠎ᠠ ᠵᠡᠷᠭᠡ 26 ᠦᠵᠡᠵᠦ᠍ ᠰᠣᠨᠣᠰᠭᠤ ᠰᠦᠯᠵᠢᠶᠡᠨ᠎ᠦ ᠥᠷᠲᠡᠭᠡ᠂ ᠳᠣᠮᠲᠠᠲᠤ ᠤᠯᠤᠰ᠎ᠤᠨ ᠦᠵᠡᠵᠦ᠍ ᠰᠣᠨᠣᠰᠭᠤ ᠵᠡᠷᠭᠡ 51 ᠦᠵᠡᠵᠦ᠍ ᠰᠣᠨᠣᠰᠭᠤ ᠬᠡᠷᠡᠭ᠌ᠯᠡᠭ᠌ᠴᠢ᠎ᠶ᠋ᠢᠨ ᠦᠵᠦᠭᠦᠷ᠎ᠲᠦ ᠳᠠᠮᠵᠢᠭᠤᠯᠤᠨ ᠨᠡᠪᠲᠡᠷᠡᠭᠥᠯᠪᠡ᠃
ᠠᠷᠪᠠᠨ ᠲᠠᠪᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠬᠤᠭᠤᠴᠠᠭᠠᠨ᠎ᠳᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠪᠥᠬᠦ᠌ ᠠᠵᠢᠯ ᠲᠥᠷᠥᠯ᠎ᠤᠨ᠎ᠬᠢᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠎ᠪᠠᠷ ᠡᠬᠢᠯᠡᠯᠲᠡ ᠲᠡᠭᠦᠰᠭᠡᠯ᠎ᠦᠨ ᠶᠣᠰᠣᠯᠠᠯ ᠪᠠ ᠡᠯ᠎ᠡ ᠲᠠᠯᠠᠪᠤᠷ ᠤᠷᠤᠯᠳᠤᠭᠠᠨ᠎ᠤ ᠨᠡᠪᠲᠡᠷᠡᠭᠦᠯᠭᠡ᠎ᠶ᠋ᠢ ᠪᠠᠲᠤᠯᠠᠬᠤ ᠠᠵᠢᠯ᠎ᠢ ᠰᠠᠢᠲᠤᠷ ᠬᠢᠵᠦ᠍᠂ ᠥᠷᠭᠡᠨ ᠣᠯᠠᠨ ᠦᠵᠡᠭ᠌ᠴᠢᠳ᠎ᠲᠤ ᠨᠢᠭᠡ ᠬᠤᠭᠤᠴᠠᠭᠠᠨ᠎ᠤ ᠣᠯᠠᠨ ᠤᠯᠤᠰ᠎ᠤᠨ ᠬᠢᠷᠢ ᠲᠦᠪᠱᠢᠨ᠂ ᠳᠤᠮᠳᠠᠳᠤ ᠤᠯᠤᠰ᠎ᠤᠨ ᠴᠤᠭ ᠵᠢᠪᠬᠤᠭ᠎ᠠ᠂ ᠯᠢᠩᠨᠠᠨ᠎ᠤ ᠭᠣᠸᠠᠯᠢᠭ᠂ ᠪᠤᠯᠤᠩ᠎ᠤᠨ ᠣᠷᠣᠨ᠎ᠤ ᠰᠡᠳᠭᠢᠯ ᠲᠠᠲᠠᠬᠤ ᠬᠦᠴᠦᠨ᠎ᠤ ᠪᠥᠬᠦ᠌ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ᠎ᠢ ᠳᠡᠯᠭᠡᠨ ᠦᠵᠡᠭᠦᠯᠪᠡ᠃ ᠲᠡᠭᠦᠰᠭᠦ ᠶᠣᠰᠣᠯᠠᠯ᠎ᠤᠨ ᠱᠢᠭᠤᠳ ᠳᠠᠮᠵᠢᠭᠤᠯᠤᠨ ᠨᠡᠪᠲᠡᠷᠡᠭᠦᠯᠬᠦ᠌ ᠬᠤᠭᠤᠴᠠᠭᠠᠨ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠤᠳᠤᠷᠢᠳᠤᠯᠭ᠎ᠠ ᠬᠢᠨᠠᠨ ᠬᠠᠮᠢᠶᠠᠷᠬᠤ ᠶᠡᠭᠡ ᠲᠢᠩᠬᠢᠮ᠎ᠳᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠠᠶᠣᠯ ᠦᠭᠡᠢ ᠨᠡᠪᠲᠡᠷᠡᠭᠦᠯᠭᠡ᠎ᠶ᠋ᠢᠨ ᠪᠠᠲᠤᠯᠠᠭ᠎ᠠ᠎ᠶ᠋ᠢᠨ ᠠᠵᠢᠯ᠎ᠢ ᠵᠢᠯᠣᠭᠤᠳᠪᠠ᠃ ᠡᠯ᠎ᠡ ᠮᠤᠵᠢ᠎ᠶ᠋ᠢᠨ ᠱᠠᠲᠤᠨ᠎ᠤ ᠠᠶᠣᠯ ᠦᠭᠡᠢ ᠨᠡᠪᠲᠡᠷᠡᠭᠦᠯᠭᠡ᠎ᠶ᠋ᠢ ᠵᠢᠯᠣᠭᠤᠳᠭᠤ ᠭᠠᠵᠠᠷ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠨᠢᠭᠡᠳᠦᠭᠡᠷ ᠹᠷᠣᠨᠲ᠎ᠲᠤ ᠳᠠᠭᠠᠭᠠᠴᠢᠯᠠᠨ ᠡᠷᠭᠢᠯᠡᠵᠦ᠍᠂ ᠵᠣᠬᠢᠴᠠᠭᠤᠯᠤᠨ ᠵᠢᠯᠣᠭᠤᠳᠪᠠ᠃ ᠱᠢᠭᠤᠳ ᠳᠠᠮᠵᠢᠭᠤᠯᠤᠨ ᠨᠡᠪᠲᠡᠷᠡᠭᠦᠯᠬᠦ᠌ ᠪᠠᠲᠤᠯᠠᠭ᠎ᠠ᠎ᠶ᠋ᠢᠨ ᠡᠭᠦᠷᠭᠡ᠎ᠶ᠋ᠢ ᠦᠶ᠋ᠯᠡᠳᠴᠦ᠍ ᠨᠡᠪᠲᠡᠷᠡᠭᠦᠯᠬᠦ᠂ ᠳᠠᠮᠵᠢᠯᠭᠠᠨ ᠪᠦᠷᠬᠦᠬᠦ᠌᠂ ᠬᠢᠨᠠᠨ ᠬᠡᠮᠵᠢᠵᠦ᠍ ᠬᠢᠨᠠᠨ ᠬᠠᠮᠢᠶᠠᠷᠬᠤ ᠡᠯ᠎ᠡ ᠨᠢᠭᠡᠴᠢ᠎ᠶ᠋ᠢᠨ ᠺᠠᠳ᠋ᠷ ᠠᠵᠢᠯᠲᠠᠨ ᠠᠵᠢᠯᠴᠢᠨ᠎ᠤ ᠠᠵᠢᠯ᠎ᠤᠨ ᠪᠠᠢᠷᠢ᠎ᠳᠤ᠎ᠪᠠᠨ ᠪᠠᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠪᠡ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠢᠨᠠᠨ ᠬᠠᠮᠢᠶᠠᠷᠬᠤ ᠲᠥᠪ᠂ ᠡᠯ᠎ᠡ ᠮᠤᠵᠢ ( ᠣᠷᠣᠨ᠂ ᠬᠤᠲᠠ )᠎ᠶ᠋ᠢᠨ ᠬᠢᠨᠠᠨ ᠬᠡᠮᠵᠢᠵᠦ᠍ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠳ ᠱᠢᠭᠤᠳ ᠳᠠᠮᠵᠢᠭᠤᠯᠤᠨ ᠨᠡᠪᠲᠡᠷᠡᠭᠦᠯᠵᠦ᠍ ᠪᠠᠢᠭ᠎ᠠ ᠪᠠᠢᠳᠠᠯ᠎ᠳᠤ ᠬᠢᠨᠠᠨ ᠬᠡᠮᠵᠢᠵᠦ᠍ ᠬᠢᠨᠠᠨ ᠰᠣᠨᠣᠰᠴᠤ᠌ ᠬᠢᠨᠠᠨ ᠦᠵᠡᠵᠦ᠍᠂ ᠬᠦᠨᠳᠦ ᠶᠡᠭᠡ ᠠᠶᠣᠯ ᠦᠭᠡᠢ ᠨᠡᠪᠲᠡᠷᠡᠭᠦᠯᠭᠡ᠎ᠶ᠋ᠢᠨ ᠠᠳᠡᠯ᠎ᠢ ᠭᠥᠯᠢᠶᠡᠨ ᠠᠪᠤᠭ᠍ᠰᠠᠨ ᠥᠬᠡᠶ᠂ ᠬᠦᠨᠳᠦ ᠶᠡᠭᠡ ᠰᠦᠯᠵᠢᠶᠡᠨ᠎ᠤ ᠠᠮᠤᠷ ᠲᠦᠪᠱᠢᠨ ᠬᠡᠷᠡᠭ᠎ᠢ ᠭᠥᠯᠢᠶᠡᠨ ᠠᠪᠤᠭ᠍ᠰᠠᠨ ᠥᠬᠡᠶ᠃ ᠪᠦᠬᠦ᠌ ᠠᠵᠢᠯ ᠲᠥᠷᠥᠯ᠎ᠢᠶᠠᠷ᠎ᠢᠶᠠᠨ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠠᠶᠣᠯ ᠦᠭᠡᠢ ᠨᠡᠪᠲᠡᠷᠡᠭᠦᠯᠭᠡ᠎ᠶ᠋ᠢ ᠪᠠᠲᠤᠯᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃