《 ᠪᠢᠴᠢᠯ ᠣᠬᠣᠷ ᠵᠦᠴᠦᠭᠡ᠎ᠶ᠋ᠢ ᠳᠠᠭᠠᠵᠦ᠍ ᠬᠠᠣᠯᠢ ᠰᠣᠷᠬᠣ 》 ᠎ᠶ᠋ᠢ ᠵᠣᠬᠢᠶᠠᠨ ᠪᠦᠲᠦᠭᠡᠬᠦ᠌ ᠲᠥᠯᠥᠪᠯᠡᠭᠡ᠎ᠶᠢᠨ ᠳᠥᠷᠪᠡᠳᠦᠭᠡᠷ ᠪᠦᠯᠦᠭ᠎ᠦ᠋ᠨ ᠲᠠᠨᠢᠯᠴᠠᠭᠤᠯᠤᠭ᠍ᠰᠠᠨ ᠵᠦᠴᠦᠭᠡ᠎ᠶᠢ ᠠᠯᠪᠠᠨ ᠶᠣᠰᠣᠭᠠᠷ ᠨᠡᠢᠲᠡᠯᠡᠪᠡ
2025-11-04

10 ᠳ᠋ᠤᠭᠠᠷ ᠰᠠᠷ᠎ᠠ᠎ᠶ᠋ᠢᠨ 29 ᠎ᠤ ᠡᠳᠦᠷ᠂ 2025 ᠣᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠬᠦ᠌ ᠶᠡᠭᠡ ᠬᠤᠷᠠᠯ᠎ᠤᠨ ᠪᠢᠴᠢᠯ ᠣᠬᠤᠷ ᠵᠦᠴᠦᠭᠡ᠎ᠶ᠋ᠢᠨ ᠥᠭᠦᠯᠡᠯ᠎ᠦᠨ ᠲᠠᠪᠴᠠᠩ ᠳᠡᠭᠡᠷ᠎ᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠬᠠᠮᠢᠶᠠᠷᠤᠯᠲᠠ᠎ᠶ᠋ᠢᠨ ᠵᠤᠷᠭᠠᠨ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶ᠋ᠢᠨ ᠰᠣᠨᠢᠨ ᠮᠡᠳᠡᠭᠡᠨ᠎ᠤ ᠲᠣᠪᠴᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶ᠋ᠢᠨ ᠰᠣᠨᠢᠨ ᠮᠡᠳᠡᠭᠡᠨ᠎ᠤ ᠠᠯᠪᠠᠨ ᠬᠡᠷ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠰᠣᠨᠢᠨ ᠮᠡᠳᠡᠭᠡᠨ᠎ᠤ ᠤᠬᠠᠭᠤᠯᠭ᠎ᠠ᠎ᠶ᠋ᠢᠨ ᠲᠣᠪᠴᠢᠶ᠎ᠠ᠂ ᠤᠯᠤᠰ᠎ᠤᠨ ᠠᠮᠤᠷ ᠲᠦᠪᠱᠢᠨ᠎ᠤ ᠠᠯᠪᠠᠨ ᠲᠢᠩᠬᠢᠮ᠂ ᠬᠠᠤᠯᠢ ᠴᠠᠭᠠᠵᠠ᠎ᠶ᠋ᠢᠨ ᠶᠠᠮᠤᠨ᠎ᠤ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠲᠥᠪ ᠬᠠᠮᠲᠤ᠎ᠪᠠᠷ  《 ᠪᠢᠴᠢᠯ ᠣᠬᠤᠷ ᠵᠦᠴᠦᠭᠡ᠎ᠶ᠋ᠢ ᠳᠠᠭᠠᠵᠤ ᠬᠠᠤᠯᠢ ᠰᠤᠷᠬᠤ 》 ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢᠨ ᠳᠥᠷᠪᠡᠳᠦᠭᠡᠷ ᠪᠦᠯᠦᠭ᠎ᠤᠨ ᠲᠠᠨᠢᠯᠴᠠᠭᠤᠯᠤᠭ᠍ᠰᠠᠨ ᠵᠦᠴᠦᠭᠡ᠎ᠶ᠋ᠢ ᠨᠡᠢᠲᠡᠯᠡᠪᠡ᠃

ᠲᠣᠰ ᠤᠳᠠᠭᠠᠨ᠎ᠤ ᠨᠡᠢᠲᠡᠯᠡᠭ᠌ᠰᠡᠨ 21 ᠢᠵᠢ ᠲᠠᠨᠢᠯᠴᠠᠭᠤᠯᠤᠭ᠍ᠰᠠᠨ ᠵᠦᠴᠦᠭᠡ᠎ᠶ᠋ᠢᠨ ᠰᠡᠳᠦᠪ ᠥᠷᠭᠡᠨ ᠳᠡᠯᠭᠡᠷ ᠪᠠᠢᠵᠤ᠂ ᠱᠢᠭᠦᠬᠦ᠌ ᠬᠤᠷᠢᠶ᠎ᠠ᠂ ᠪᠠᠢᠴᠠᠭᠠᠬᠤ᠂ ᠳᠣᠲᠣᠭᠠᠳᠤ᠎ᠶ᠋ᠢ ᠬᠠᠮᠠᠭᠠᠯᠠᠬᠤ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭ᠎ᠠ ᠵᠡᠷᠭᠡ ᠣᠯᠠᠨ ᠬᠠᠤᠯᠢ᠎ᠪᠠᠷ ᠵᠠᠰᠠᠬᠤ ᠰᠡᠳᠦᠪ᠎ᠲᠤ ᠬᠤᠯᠪᠣᠭ᠍ᠳᠠᠭ᠍ᠰᠠᠨ ᠪᠥᠭᠡᠳ ᠠᠩᠬ᠎ᠠ ᠤᠳᠠᠭ᠎ᠠ ᠤᠯᠤᠰ᠎ᠤᠨ ᠠᠮᠤᠷ ᠲᠦᠪᠱᠢᠨ᠎ᠤ ᠰᠡᠳᠦᠪ᠎ᠢ ᠬᠠᠮᠤᠷᠴᠠᠶ᠃ ᠡᠳᠡᠭᠡᠷ ᠵᠦᠴᠦᠭᠡ᠎ᠨᠢ ᠬᠠᠤᠯᠢ᠎ᠪᠠᠷ ᠵᠠᠰᠠᠬᠤ ᠥᠯᠢᠭᠡᠷ᠎ᠢ ᠪᠢᠴᠢᠯ ᠣᠬᠤᠷ ᠵᠦᠴᠦᠭᠡ᠎ᠶ᠋ᠢᠨ ᠬᠡᠯᠪᠡᠷᠢ᠎ᠲᠠᠢ ᠠᠭᠤᠰᠤᠯᠴᠠᠭᠤᠯᠵᠤ᠂ ᠦᠵᠡᠯ ᠰᠠᠨᠠᠭᠠᠴᠢ ᠴᠢᠨᠠᠷ᠂ ᠤᠷᠠᠯᠢᠭ᠍ᠴᠢ ᠴᠢᠨᠠᠷ ᠪᠠ ᠰᠣᠨᠢᠷᠬᠠᠯᠲᠤ ᠴᠢᠨᠠᠷ᠎ᠲᠠᠢ ᠪᠠᠢᠵᠤ᠂ ᠠᠮᠢᠳᠤᠯᠢᠭ ᠪᠥᠭᠡᠳ ᠣᠢᠯᠠᠭᠠᠮᠵᠢᠲᠠᠶ ᠵᠦᠴᠦᠭᠡ᠎ᠶ᠋ᠢᠨ ᠪᠠᠢᠳᠠᠯ᠎ᠢᠶᠠᠷ ᠳᠠᠮᠵᠢᠭᠤᠯᠤᠨ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠤᠯᠠᠮᠵᠢᠯᠠᠵᠤ᠂ ᠣᠯᠠᠨ ᠨᠡᠢᠲᠡ᠎ᠶ᠋ᠢᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠦᠨ᠂ ᠬᠠᠤᠯᠢ᠎ᠪᠠᠷ ᠵᠠᠰᠠᠬᠤ ᠨᠡᠢᠭᠡᠮ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ ᠪᠠ ᠪᠢᠴᠢᠯ ᠣᠬᠤᠷ ᠵᠦᠴᠦᠭᠡ ᠵᠣᠬᠢᠶᠠᠨ ᠪᠦᠲᠦᠭᠡᠬᠦ᠌ ᠬᠤᠤᠰ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ ᠡᠨᠳᠡ ᠬᠦᠷᠦᠭᠡᠳ᠂ 《 ᠪᠢᠴᠢᠯ ᠣᠬᠣᠷ  ᠵᠦᠴᠦᠭᠡ᠎ᠶ᠋ᠢ ᠳᠠᠭᠠᠵᠤ  ᠬᠠᠣᠯᠢ ᠰᠣᠷᠬᠣ 》 ᠵᠣᠬᠢᠶᠠᠨ ᠪᠦᠲᠦᠭᠡᠬᠦ᠌ ᠲᠥᠯᠥᠪᠯᠡᠭᠡ ᠨᠢᠭᠡᠨᠲᠡ 4 ᠪᠥᠯᠦᠭ 56 ᠵᠦᠴᠦᠭᠡ᠎ᠶ᠋ᠢ ᠲᠠᠨᠢᠯᠴᠠᠭᠤᠯᠵᠠᠢ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ