10 ᠳ᠋ᠤᠭᠠᠷ ᠰᠠᠷ᠎ᠠ᠎ᠶ᠋ᠢᠨ 29 ᠤ ᠡᠳᠦᠷ᠎ᠠᠴᠠ 30 ᠤ ᠡᠳᠦᠷ ᠪᠣᠯᠲᠠᠯ᠎ᠠ᠂ 2025 ᠣᠨ᠎ᠤ ᠪᠢᠴᠢᠯ ᠣᠬᠣᠷ ᠵᠦᠴᠦᠭᠡ ᠵᠣᠬᠢᠶᠠᠨ ᠪᠦᠲᠦᠭᠡᠬᠦ᠌᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠩᠭᠢ᠎ᠶ᠋ᠢ ᠪᠡᠭᠡᠵᠢᠩ᠎ᠳᠤ ᠡᠷᠬᠢᠯᠡᠪᠡ᠃ ᠪᠣᠯᠪᠠᠰᠤᠷᠠᠯ᠎ᠤᠨ ᠠᠩᠭᠢ᠎ᠨᠢ ᠪᠢᠴᠢᠯ ᠣᠬᠤᠷ ᠵᠦᠴᠦᠭᠡ᠎ᠶ᠋ᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠢ ᠰᠡᠳᠦᠪᠲᠦ ᠲᠠᠢᠯᠤᠮᠵᠢ᠂ ᠬᠡᠷᠡᠭ᠎ᠤᠨ ᠵᠢᠱ᠌ᠢᠶ᠎ᠡ ᠬᠤᠪᠢᠶᠠᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠵᠥᠪᠯᠡᠬᠦ᠌ ᠠᠯᠬᠣᠮᠢ ᠲᠤᠬᠢᠷᠠᠭᠤᠯᠤᠭ᠍ᠰᠠᠨ ᠪᠥᠭᠡᠳ ᠰᠤᠷᠤᠭ᠍ᠴᠢᠳ᠎ᠢ ᠵᠣᠬᠢᠶᠠᠨ ᠪᠠᠢᠭᠤᠯᠵᠤ 2025 ᠣᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠯᠭᠡ᠎ᠶ᠋ᠢᠨ ᠶᠡᠭᠡ ᠬᠤᠷᠠᠯ᠎ᠤᠨ ᠪᠢᠴᠢᠯ ᠣᠬᠤᠷ ᠵᠦᠴᠦᠭᠡ᠎ᠶ᠋ᠢᠨ ᠥᠭᠦᠯᠡᠯ᠎ᠦᠨ ᠲᠠᠪᠴᠠᠩ᠎ᠳᠤ ᠣᠴᠢᠭᠤᠯᠤᠨ ᠰᠣᠯᠢᠯᠴᠠᠨ ᠰᠤᠷᠤᠯᠴᠠᠭᠤᠯᠪᠠ᠃
ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ ᠪᠣᠯ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠠᠩᠬ᠎ᠠ ᠤᠳᠠᠭ᠎ᠠ ᠪᠢᠴᠢᠯ ᠣᠬᠤᠷ ᠵᠦᠴᠦᠭᠡ᠎ᠶ᠋ᠢᠨ ᠠᠵᠢᠯ ᠲᠥᠷᠥᠯ᠎ᠳᠤ ᠪᠣᠯᠪᠠᠰᠤᠷᠠᠯ ᠡᠷᠭᠢᠯᠡᠭ᠌ᠰᠡᠨ ᠶᠠᠪᠤᠳᠠᠯ ᠪᠣᠯᠤᠨ᠎ᠠ᠃ ᠪᠣᠯᠪᠠᠰᠤᠷᠠᠯ᠎ᠤᠨ ᠠᠩᠬᠢ᠎ᠶ᠋ᠢᠨ᠎ᠬᠢᠨ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠣᠭᠣᠱᠢᠯᠠᠭᠣᠯᠵᠣ᠂ ᠠᠵᠢᠯ ᠲᠦᠷᠦᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠦᠳ ᠪᠣᠯᠤᠨ ᠠᠵᠢᠯ ᠲᠦᠷᠦᠯ᠎ᠤᠨ ᠡᠲᠡᠭᠡᠳ᠎ᠤᠨ ᠲᠤᠰᠭᠠᠢ ᠮᠡᠷᠭᠡᠵᠢᠯᠲᠡᠨ᠎ᠢ ᠤᠷᠢᠵᠤ ᠬᠠᠮᠢᠶᠠᠷᠤᠯᠲᠠ᠎ᠶ᠋ᠢᠨ ᠲᠦᠷᠦ᠍᠎ᠶ᠋ᠢᠨ ᠪᠤᠳᠤᠯᠭ᠎ᠠ᠂ ᠵᠣᠬᠢᠶᠠᠨ ᠪᠦᠲᠦᠭᠡᠯᠭᠡ᠎ᠶ᠋ᠢ ᠳᠡᠭᠡᠭ᠌ᠰᠢᠯᠡᠭᠦᠯᠬᠦ᠂ ᠪᠢᠴᠢᠯ ᠣᠬᠤᠷ ᠵᠦᠴᠦᠭᠡ᠎ᠶ᠋ᠢᠨ ᠭᠠᠳᠠᠭᠠᠳᠤ᠎ᠳᠤ ᠭᠠᠷᠬᠤ ᠵᠡᠷᠭᠡ᠎ᠶ᠋ᠢᠨ ᠲᠣᠭᠤᠷᠢᠨ᠎ᠳᠤ ᠲᠤᠰᠭᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠵᠦ᠍᠂ ᠦᠷᠳᠡᠭ᠎ᠤᠨ ᠯᠣᠭᠢᠭ᠂ ᠤᠷᠠᠯᠢᠭ᠎ᠤᠨ ᠯᠣᠭᠢᠭ᠂ ᠮᠡᠷᠭᠡᠵᠢᠯ᠎ᠤᠨ ᠯᠣᠭᠢᠭ᠂ ᠠᠮᠢ ᠠᠬᠤᠢ᠎ᠶ᠋ᠢᠨ ᠯᠣᠭᠢᠭ᠂ ᠠᠵᠤ ᠦᠢᠯᠡᠰ᠎ᠤᠨ ᠯᠣᠭᠢᠭ ᠵᠡᠷᠭᠡ ᠤᠯᠠᠨ ᠲᠠᠯ᠎ᠠ᠎ᠠᠴᠠ ᠵᠠᠳᠠᠯᠤᠯᠲᠠ ᠬᠢᠯᠭᠡᠵᠦ᠍᠂ ᠰᠤᠷᠤᠭ᠍ᠴᠢᠳ᠎ᠢ ᠬᠦᠳᠦᠯᠦᠨ ᠵᠢᠯᠣᠭᠤᠳᠴᠤ᠌ ᠪᠠᠢᠭᠠᠳ ᠵᠣᠬᠢᠶᠠᠨ ᠪᠦᠲᠦᠭᠡᠬᠦ᠌ ᠰᠡᠳᠦᠪ᠎ᠢ᠎ᠨᠢ ᠤᠯᠠᠮ ᠨᠢᠭᠡ ᠠᠯᠬᠣᠮ ᠥᠷᠭᠡᠳᠭᠡᠵᠦ᠍᠂ ᠰᠣᠳᠣᠨ ᠪᠦᠲᠦᠭᠡᠯ ᠵᠣᠬᠢᠶᠠᠨ ᠪᠦᠲᠦᠭᠡᠬᠦ᠌ ᠤᠬᠠᠮᠰᠠᠷ᠎ᠢ᠎ᠨᠢ ᠪᠠᠲᠤᠳᠭᠠᠪᠠ᠃
ᠪᠣᠯᠪᠠᠰᠤᠷᠠᠯ᠎ᠤᠨ ᠠᠩᠭᠢ᠎ᠳᠤ᠂ 6 ᠨᠡᠷᠡᠰ ᠱᠢᠯᠢᠳᠡᠭ ᠪᠢᠴᠢᠯ ᠣᠬᠤᠷ ᠵᠦᠴᠦᠭᠡ᠎ᠶ᠋ᠢᠨ ᠭᠣᠣᠯᠯᠠᠨ ᠪᠦᠲᠦᠭᠡᠭ᠌ᠴᠢ᠎ᠶ᠋ᠢᠨ ᠲᠥᠯᠥᠭᠡᠯᠡᠭ᠌ᠴᠢ ᠵᠣᠬᠢᠶᠠᠨ ᠪᠦᠲᠦᠭᠡᠬᠦ᠌ ᠲᠤᠷᠱᠢᠯᠭ᠎ᠠ᠎ᠪᠠᠨ ᠬᠤᠪᠢᠶᠠᠯᠴᠠᠪᠠ᠃ ᠬᠤᠪᠢᠰᠭᠠᠯ᠎ᠤ᠋ᠨ ᠲᠡᠦᠬᠡ᠎ᠶᠢᠨ ᠰᠡᠳᠦᠪᠲᠦ ᠪᠢᠴᠢᠯ ᠣᠬᠣᠷ ᠵᠦᠴᠦᠭᠡ 《 ᠮᠣᠷᠢᠨ ᠨᠢᠷᠤᠭᠤᠨ ᠳᠡᠭᠡᠷᠡᠬᠢ ᠥᠯᠥᠭᠡᠢ 》 ᠂ 《 ᠴᠦ᠋ ᠣᠯᠣᠰ ᠬᠠᠨ ᠤᠯᠤᠰ᠎ᠦᠨ ᠵᠠᠭᠠᠭ 》 ᠤ᠋ᠨ ᠭᠣᠣᠯᠯᠠᠨ ᠪᠦᠲᠦᠭᠡᠭ᠌ᠴᠢ᠎ᠶ᠋ᠢᠨ ᠲᠥᠯᠥᠭᠡᠯᠡᠭ᠌ᠴᠢ ᠲᠡᠦᠬᠡ᠎ᠶᠢᠨ ᠰᠤᠳᠠᠰᠤ ᠪᠠ ᠬᠤᠪᠢᠰᠭᠠᠯ᠎ᠤ᠋ᠨ ᠵᠣᠷᠢᠭ ᠰᠠᠨᠠᠭᠠᠨ᠎ᠤ᠋ ᠳᠣᠲᠣᠭᠠᠳᠤ ᠴᠥᠮ᠎ᠡ᠎ᠶᠢᠨ ᠬᠠᠷᠠᠭᠠᠰᠤ᠎ᠶᠢ ᠭᠦᠨᠵᠡᠭᠡᠢ ᠡᠵᠡᠮᠱᠢᠵᠦ᠍ ᠂ ᠬᠡᠷᠬᠢᠨ 《 ᠵᠢᠵᠢᠭ 》 ᠬᠠᠷᠠᠭᠠᠰᠤ᠎ᠠᠴᠠ ᠠᠤᠭ᠎ᠠ ᠶᠡᠬᠡ ᠭᠣᠣᠯ ᠰᠡᠳᠦᠪᠲᠦ ᠬᠦᠦᠷᠨᠢᠯ᠎ᠳᠤ ᠭᠠᠷᠳᠠᠬᠤ᠎ᠶᠢ ᠬᠣᠪᠢᠶᠠᠯᠴᠠᠪᠠ᠃ AIGC ᠪᠢᠴᠢᠯ ᠣᠬᠣᠷ ᠵᠦᠴᠦᠭᠡ 《 ᠪᠠᠢᠷᠢᠱᠢᠯ 》᠎ᠤᠨ ᠭᠣᠣᠯᠯᠠᠨ ᠪᠦᠲᠦᠭᠡᠭ᠌ᠴᠢ᠎ᠶ᠋ᠢᠨ ᠲᠥᠯᠥᠭᠡᠯᠡᠭ᠌ᠴᠢ ᠪᠠᠷᠢᠮᠵᠢᠶᠠᠵᠢᠭᠤᠯᠤᠭ᠍ᠰᠠᠨ᠂ ᠲᠤᠰᠭᠠᠢᠵᠢᠭᠤᠯᠤᠭ᠍ᠰᠠᠨ AIGC ᠠᠭᠤᠯᠭ᠎ᠠ᠎ᠶᠢᠨ ᠦᠢᠯᠡᠳᠪᠦᠷᠢᠯᠡᠯ᠎ᠦ᠋ᠨ ᠶᠠᠪᠤᠴᠠ᠎ᠶᠢ ᠬᠡᠷᠬᠢᠨ ᠪᠠᠢᠭᠤᠯᠬᠤ᠂ ᠠᠭᠤᠯᠭ᠎ᠠ᠎ᠶᠢᠨ ᠬᠡᠯᠪᠡᠷᠢ ᠪᠠᠢᠳᠠᠯ ᠪᠠ ᠮᠡᠷᠭᠡᠵᠢᠯ᠎ᠢ᠋ ᠠᠭᠤᠰᠤᠯᠴᠠᠭᠤᠯᠬᠤ ᠱᠢᠪᠲᠣᠯᠣᠯᠲᠠᠶᠢᠨ ᠴᠢᠨᠠᠷᠲᠠᠢ ᠦᠢᠯᠡᠳᠦᠯᠭᠡ ᠶ᠋ᠢ ᠬᠤᠪᠢᠶᠠᠯᠴᠠᠪᠠ᠃ ᠣᠳᠣ ᠦᠶ᠎ᠡ᠎ᠶᠢᠨ ᠰᠡᠳᠦᠪᠦ᠋ᠨ ᠪᠢᠴᠢᠯ ᠣᠬᠣᠷ ᠵᠦᠴᠦᠭᠡ 《 ᠱᠧᠩ ᠱᠢᠶᠠ ᠹᠸᠨ ᠳ᠋ᠸ ᠯᠠ 》 ᠶᠢᠨ ᠭᠣᠣᠯᠯᠠᠨ ᠪᠦᠲᠦᠭᠡᠭ᠌ᠴᠢ᠎ᠶ᠋ᠢᠨ ᠲᠥᠯᠥᠭᠡᠯᠡᠭ᠌ᠴᠢ 《 ᠣᠷᠪᠠᠭᠣ ᠴᠦᠷᠬᠡᠯᠡᠭᠡ ᠡᠷᠳᠡᠮ 》᠎ᠢᠶᠠᠨ ᠳᠡᠯᠭᠡᠨ ᠦᠵᠡᠭᠦᠯᠵᠦ᠍᠂ ᠰᠤᠷᠤᠭ᠍ᠴᠢᠳ᠎ᠲᠤ ᠠᠯᠭᠤᠷ ᠠᠭᠠᠵᠢᠮ ᠢᠶᠠᠷ ᠬᠦᠦᠷᠨᠢᠬᠦ᠌᠂ ᠬᠠᠯᠠᠭᠣᠨ ᠳᠣᠯᠠᠭᠠᠨ ᠬᠠᠢᠷ᠎ᠠ ᠰᠡᠳᠭᠢᠯᠭᠡ ᠪᠠᠷ ᠬᠡᠷᠡᠭ᠌ᠯᠡᠭ᠌ᠴᠢᠳ᠎ᠢ ᠨᠦᠯᠦᠭᠡᠯᠡᠬᠦ᠌ ᠶ᠋ᠢ ᠰᠡᠩᠭᠡᠷᠡᠭᠦᠯᠪᠡ᠃ ᠡᠷᠲᠡᠨ᠎ᠦ ᠬᠤᠪᠴᠠᠰᠤᠲᠤ ᠪᠢᠴᠢᠯ ᠣᠬᠣᠷ ᠵᠦᠴᠦᠭᠡ 《 ᠢ ᠫᠢᠨ ᠪᠦ᠋ ᠢ 》᠂ 《 ᠴᠧᠩ ᠾᠧ ᠲᠢ ᠲᠦᠩ 》᠎ᠦᠨ ᠭᠣᠣᠯᠯᠠᠨ ᠪᠦᠲᠦᠭᠡᠭ᠌ᠴᠢ᠎ᠶ᠋ᠢᠨ ᠲᠥᠯᠥᠭᠡᠯᠡᠭ᠌ᠴᠢ ᠰᠦᠯᠵᠢᠶᠡᠨ᠎ᠦ᠌ ᠵᠣᠬᠢᠶᠠᠯ᠂ ᠪᠢᠴᠢᠯ ᠣᠬᠣᠷ ᠵᠦᠴᠦᠭᠡ᠂ ᠤᠷᠲᠤ ᠵᠦᠴᠦᠭᠡ ᠵᠡᠷᠭᠡ ᠪᠦᠬᠦ᠌ ᠠᠵᠤ ᠦᠢᠯᠡᠰ᠎ᠦ᠋ᠨ ᠬᠡᠯᠬᠢᠶ᠎ᠡ᠎ᠶᠢᠨ IP ᠨᠡᠭᠡᠭᠡᠯᠲᠡ᠎ᠶᠢᠨ ᠠᠷᠭ᠎ᠠ ᠪᠣᠳᠣᠯᠭ᠎ᠠ᠎ᠶᠢ ᠬᠤᠪᠢᠶᠠᠯᠴᠠᠵᠤ᠂ ᠰᠤᠷᠤᠭ᠍ᠴᠢᠳᠲᠤ᠌ ᠵᠣᠬᠢᠶᠠᠨ ᠪᠦᠲᠦᠭᠡᠬᠦ᠌ ᠰᠡᠳᠭᠢᠮᠵᠢ ᠶ᠋ᠢ ᠤᠯᠠᠮ ᠨᠢᠭᠡ ᠠᠯᠬᠤᠮ ᠨᠡᠭᠡᠭᠡᠵᠦ᠍ ᠥᠭ᠌ᠭᠦᠪᠡ᠃
ᠪᠣᠯᠪᠠᠰᠤᠷᠠᠯ᠎ᠤᠨ ᠠᠩᠭᠢ ᠪᠠᠰᠠ ᠺᠠᠷᠲ᠋ᠣᠨ ᠪᠢᠴᠢᠯ ᠣᠬᠤᠷ ᠵᠦᠴᠦᠭᠡ᠎ᠶ᠋ᠢᠨ ᠲᠥᠯᠥᠭᠡᠯᠡᠭ᠌ᠴᠢ᠎ᠶ᠋ᠢ ᠤᠷᠢᠵᠤ ᠰᠡᠳᠦᠪ᠎ᠢ ᠠᠭᠤᠳᠠᠯᠬᠤ᠂ IP ᠢ ᠥᠭᠡᠷᠡᠴᠢᠯᠡᠨ ᠨᠠᠢᠷᠠᠭᠤᠯᠬᠤ᠂ ᠬᠠᠷᠠᠭᠠᠨ ᠰᠡᠷᠡᠯ᠎ᠤᠨ ᠵᠢᠷᠤᠭ ᠲᠥᠯᠥᠪᠯᠡᠭᠡ᠂ ᠢᠯᠡᠳᠭᠡᠯᠲᠡ᠎ᠶ᠋ᠢᠨ ᠳᠡᠰ ᠳᠠᠪᠱᠢᠯᠲᠠ ᠵᠡᠷᠭᠡ ᠱᠢᠨ᠎ᠡ᠎ᠶ᠋ᠢ ᠡᠭᠦᠳᠬᠦ᠌ ᠠᠷᠭ᠎ᠠ ᠮᠠᠶᠢᠭ᠎ᠢ ᠬᠤᠪᠢᠶᠠᠯᠴᠠᠭᠤᠯᠪᠠ; ᠠᠵᠢᠯ ᠲᠥᠷᠥᠯ᠎ᠤᠨ ᠳ᠋ᠠᠢᠲ᠋ᠠ᠎ᠶ᠋ᠢᠨ ᠺᠣᠮᠫᠠᠨᠢ᠎ᠶ᠋ᠢᠨ ᠲᠥᠯᠥᠭᠡᠯᠡᠭ᠌ᠴᠢ ᠰᠣᠳᠣᠨ ᠪᠢᠴᠢᠯ ᠣᠬᠤᠷ ᠵᠦᠴᠦᠭᠡ᠎ᠶ᠋ᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠣᠬᠢᠶᠠᠨ ᠪᠦᠲᠦᠭᠡᠬᠦ᠌ ᠬᠠᠨᠳᠤᠰᠢ ᠪᠠ ᠤᠯᠠᠮᠵᠢᠯᠠᠬᠤ ᠳᠠᠪᠠᠭᠤᠯᠢᠭ᠎ᠢ ᠬᠤᠪᠢᠶᠠᠯᠴᠠᠵᠤ᠂ ᠰᠤᠷᠤᠭ᠍ᠴᠢᠳ᠎ᠤᠨ ᠦᠷᠭᠦᠯᠵᠢᠯᠡᠨ ᠵᠣᠬᠢᠶᠠᠨ ᠪᠦᠲᠦᠭᠡᠬᠦ᠌ ᠴᠢᠭ᠌ᠯᠡᠯ᠎ᠳᠤ ᠣᠯᠠᠨ ᠡᠱᠢᠲᠦ ᠯᠠᠪᠯᠠᠯᠲᠠ ᠬᠠᠩᠭᠠᠪᠠ᠃ ᠪᠣᠯᠪᠠᠰᠤᠷᠠᠯ᠎ᠳᠤ ᠣᠷᠣᠯᠴᠠᠭ᠍ᠰᠠᠨ ᠰᠤᠷᠤᠭ᠍ᠴᠢᠳ ᠪᠠᠰᠠ ᠵᠣᠬᠢᠶᠠᠨ ᠪᠦᠲᠦᠭᠡᠬᠦ᠌ ᠶ᠋ᠢ ᠳᠡᠭᠡᠭ᠌ᠰᠢᠯᠡᠭᠦᠯᠬᠦ᠌ ᠪᠠ ᠬᠢᠨᠠᠨ ᠬᠠᠷᠭᠤᠭᠤᠯᠬᠤ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠣᠮ ᠳᠡᠭᠡᠭ᠌ᠰᠢᠯᠡᠭᠦᠯᠬᠦ᠌᠎ᠶ᠋ᠢᠨ ᠲᠣᠭᠤᠷᠢᠨ᠎ᠳᠤ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠠᠵᠢᠯ᠎ᠤᠨ ᠰᠠᠨᠠᠭᠤᠯᠭ᠎ᠠ ᠳᠤᠷᠠᠳᠪᠠ᠃
ᠪᠣᠯᠪᠠᠰᠤᠷᠠᠯ᠎ᠤᠨ ᠠᠩᠭᠢ᠎ᠶ᠋ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠰᠦᠯᠵᠢᠶᠡᠨ᠎ᠤ ᠦᠵᠡᠵᠦ᠍ ᠰᠣᠨᠣᠰᠭᠤ ᠵᠤᠷᠭᠠᠨ᠎ᠠᠴᠠ ᠭᠤᠤᠯᠯᠠᠨ ᠡᠷᠭᠢᠯᠡᠵᠦ᠍᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠰᠤᠳᠤᠯᠤᠨ ᠰᠤᠷᠤᠯᠴᠠᠬᠤ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠍᠂ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠂ ᠪᠢᠴᠢᠯ ᠣᠬᠤᠷ ᠵᠦᠴᠦᠭᠡ ᠦᠶ᠋ᠯᠡᠳᠬᠦ᠌ ᠪᠠᠢᠭᠤᠯᠤᠮᠵᠢ᠎ᠶ᠋ᠢᠨ 60 ᠨᠡᠷᠡᠰ ᠰᠣᠷᠣᠭ᠍ᠴᠢ ᠪᠣᠯᠪᠠᠰᠤᠷᠠᠯ᠎ᠳᠤ ᠣᠷᠣᠯᠴᠠᠪᠠ᠃