ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ
2025-11-06

11 ᠳ᠋ᠦ᠍ᠭᠡᠷ ᠰᠠᠷ᠎ᠠ᠎ᠶ᠋ᠢᠨ 4 ᠎ᠦ ᠡᠳᠦᠷ᠂ ᠪᠦᠬᠦ᠌ ᠤᠯᠤᠰ᠎ᠤᠨ ᠷᠠᠳᠢᠣ᠋ ᠲᠧᠯᠸᠢᠰ᠎ᠦᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃ ᠬᠤᠷᠠᠯ᠎ᠨᠢ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠣᠨᠴᠠᠭᠠᠢᠯᠠᠨ ᠰᠢ᠎ᠶ᠋ᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠷᠠᠳᠢᠣ᠋ ᠲᠧᠯᠸᠢᠰ ᠪᠣᠯᠤᠨ ᠰᠦᠯᠵᠢᠶᠡᠨ᠎ᠦ ᠦᠵᠡᠵᠦ᠍ ᠰᠣᠨᠣᠰᠭᠤ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠪᠠ᠃ ᠬᠤᠷᠠᠯ᠎ᠠᠴᠠ ᠥᠩᠭᠡᠷᠡᠭ᠌ᠰᠡᠨ ᠨᠢᠭᠡ ᠵᠢᠯ᠎ᠦᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠠᠵᠢᠯ᠎ᠢ ᠳ᠋ᠦᠩᠨᠡᠵᠦ᠍᠂ ᠣᠳᠣᠬᠠᠨ᠎ᠤ ᠪᠠᠢᠳᠠᠯ᠎ᠢᠶᠠᠨ ᠵᠠᠳᠠᠯᠵᠤ᠂ 《 ᠠᠷᠪᠠᠨ ᠲᠠᠪᠤᠳᠤᠭᠠᠷ ᠲᠠᠪᠤᠨ ᠵᠢᠯ 》 ᠎ᠤᠨ ᠲᠥᠯᠥᠪᠵᠢᠭᠥᠯᠭᠡ ᠶ᠋ᠢᠨ ᠬᠤᠭᠤᠴᠠᠭᠠᠨ᠎ᠳᠠᠬᠢ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠲᠤᠯᠭᠠᠭᠤᠷᠢᠯᠠᠯ᠂ ᠬᠦᠴᠦᠨ ᠨᠡᠮᠡᠷᠢᠯᠡᠬᠦ᠌᠂ ᠠᠵᠢᠯ ᠲᠥᠷᠥᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠰᠡᠳᠭᠢᠮᠵᠢ ᠠᠷᠭ᠎ᠠ ᠬᠡᠮᠵᠢᠶ᠎ᠡ᠎ᠶ᠋ᠢ ᠰᠤᠳᠤᠯᠤᠨ ᠰᠦᠪᠡᠭ᠌ᠴᠢᠯᠡᠵᠦ᠍᠂ ᠳᠠᠷᠠᠭᠠᠴᠢ᠎ᠶ᠋ᠢᠨ ᠠᠯᠬᠤᠮ᠎ᠤᠨ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠭᠣᠣᠯᠳᠠᠯᠭ᠎ᠠ᠎ᠲᠠᠶ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ  ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠵᠢᠶᠠᠨ ᠭᠦᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ ᠥᠩᠭᠡᠷᠡᠭ᠌ᠰᠡᠨ ᠨᠢᠭᠡ ᠵᠢᠯ᠎ᠦᠨ ᠷᠠᠳᠢᠣ᠋ ᠲᠧᠯᠸᠢᠰ᠎ᠦᠨ ᠦᠵᠡᠵᠦ᠍ ᠰᠣᠨᠣᠰᠭᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠠᠵᠢᠯ᠎ᠤᠨ ᠣᠯᠤᠭ᠍ᠰᠠᠨ ᠠᠮᠵᠢᠯᠲᠠ᠎ᠶ᠋ᠢ ᠭᠦᠢᠴᠡᠳ ᠨᠤᠲᠠᠯᠠᠵᠤ᠂ ᠷᠠᠳᠢᠣ᠋ ᠲᠧᠯᠸᠢᠰ᠎ᠦᠨ ᠦᠵᠡᠵᠦ᠍ ᠰᠣᠨᠣᠰᠭᠣ ᠨᠢ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠡᠴᠡ ᠪᠣᠢ ᠪᠣᠯᠵᠦ᠍᠂  ᠱᠢᠨᠵᠢᠯᠡᠬᠦ᠌ ᠣᠬᠠᠭᠠᠨ ᠲᠸᠭ᠌ᠨᠢᠭ ᠮᠡᠷᠭᠡᠵᠢᠯ᠎ᠢᠶᠡᠷ ᠬᠥᠭ᠌ᠵᠢᠵᠦ᠍᠂ ᠷᠠᠳᠢᠤ᠋ ᠲᠸᠯᠸᠢᠰ᠎ᠦᠨ ᠦᠵᠡᠵᠦ᠍ ᠰᠣᠨᠣᠰᠭᠣ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ  《 ᠲᠤᠯᠭᠠᠭᠤᠷᠢᠯᠠᠬᠤ᠂  ᠬᠦᠴᠦᠨ ᠨᠡᠮᠡᠷᠢᠯᠡᠬᠦ᠌᠂ ᠬᠥᠲᠥᠯᠥᠨ ᠳᠠᠭᠠᠭᠤᠯᠬᠤ 》 ᠡᠭᠦᠷᠭᠡ ᠬᠠᠷᠢᠭᠤᠴᠠᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠳᠡᠵᠦ᠍᠂ ᠱᠢᠨᠵᠢᠯᠡᠬᠦ᠌ ᠣᠬᠠᠭᠠᠨ ᠲᠸᠭ᠌ᠨᠢᠭ ᠮᠡᠷᠭᠡᠵᠢᠯ᠎ᠦᠨ ᠷᠠᠳᠢᠣ᠋ ᠲᠧᠯᠸᠢᠰ᠎ᠦᠨ ᠥᠭᠡᠷᠡᠴᠢᠯᠡᠯᠲᠡ᠎ᠶ᠋ᠢᠨ ᠱᠢᠨ᠎ᠡ᠎ᠶ᠋ᠢ ᠡᠭᠦᠳᠬᠦ᠌ ᠱᠢᠪᠲᠤᠯᠤᠯᠲᠠ᠎ᠳᠤ ᠦᠵᠡᠭᠦᠯᠬᠦ᠌ ᠪᠦᠬᠦ᠌ ᠲᠠᠯ᠎ᠠ᠎ᠶ᠋ᠢᠨ ᠲᠤᠯᠭᠠᠭᠤᠷᠢᠯᠠᠯ᠂ ᠪᠦᠬᠦ᠌ ᠬᠡᠯᠬᠢᠶᠡᠨ᠎ᠦ ᠬᠦᠴᠦᠨ ᠨᠡᠮᠡᠷᠢᠯᠡᠬᠦ᠌᠂ ᠪᠦᠬᠦ᠌ ᠬᠦᠷᠢᠶ᠎ᠡ ᠴᠠᠷᠠᠭᠠᠨ᠎ᠦ ᠬᠥᠲᠥᠯᠥᠨ ᠳᠠᠭᠠᠭᠤᠯᠬᠤ ᠦᠢᠯᠡᠳᠦᠯ᠎ᠢ ᠭᠦᠨᠵᠡᠭᠡᠢ ᠲᠠᠨᠢᠵᠤ᠂ ᠨᠢᠭᠡᠳᠦᠯᠲᠡᠢ ᠲᠥᠯᠥᠪᠯᠡᠨ ᠨᠡᠢᠲᠡ᠎ᠳᠦ ᠨᠢ ᠬᠠᠷᠠᠭᠠᠯᠵᠠᠵᠤ᠂ ᠱᠢᠰᠲ᠋ᠧᠮ᠎ᠲᠡᠶ ᠠᠷᠭ᠎ᠠ ᠰᠥᠪᠡᠭ᠌ᠴᠢᠯᠡᠵᠦ᠍᠂ ᠬᠠᠮᠵᠢᠯᠴᠠᠨ ᠬᠦᠴᠦᠯᠡᠵᠦ᠍᠂ ᠱᠢᠨᠵᠢᠯᠡᠬᠦ᠌ ᠣᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠷᠠᠳᠢᠣ᠋ ᠲᠧᠯᠸᠢᠰ᠎ᠦᠨ ᠦᠵᠡᠵᠦ᠍ ᠰᠣᠨᠣᠰᠭᠣ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠬᠥᠲᠥᠯᠥᠨ ᠳᠠᠭᠠᠭᠤᠯᠵᠤ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠬᠦ᠌ ᠬᠡᠷᠡᠭ᠌ᠲᠡᠢ ᠭᠡᠵᠦ᠍  ᠵᠢᠭᠠᠨ ᠭᠠᠷᠭᠠᠪᠠ᠃

ᠬᠤᠷᠠᠯ᠎ᠠᠴᠠ᠂ ᠣᠳᠣᠬᠠᠨ᠎ᠤ ᠬᠢ ᠪᠠ ᠬᠤᠢᠱᠢᠳᠠ᠎ᠶ᠋ᠢᠨ ᠨᠢᠭᠡ ᠱᠠᠲᠤ ᠦᠶ᠎ᠡ ᠪᠣᠯ 《 ᠠᠷᠪᠠᠨ ᠲᠠᠪᠤᠳᠤᠭᠠᠷ ᠲᠠᠪᠤᠨ ᠵᠢᠯ 》 ᠎ᠤᠨ ᠲᠥᠯᠥᠪᠵᠢᠭᠦᠯᠭᠡ᠎ᠶ᠋ᠢ ᠲᠥᠯᠥᠪᠵᠢᠭᠦᠯᠦᠨ ᠬᠡᠷᠡᠭ᠌ᠵᠢᠭᠦᠯᠵᠦ᠍᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠱᠢᠰᠲᠸᠮᠲᠦ ᠴᠢᠨᠠᠷᠲᠠᠶ ᠬᠤᠪᠢᠰᠤᠯᠲᠠ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠷᠠᠳᠢᠣ᠋ ᠲᠧᠯᠸᠢᠰ᠎ᠤᠨ 《 ᠬᠤᠶᠠᠷ ᠶᠡᠬᠡ ᠲᠤᠬᠠᠢᠯᠠᠭ᠍ᠰᠠᠨ ᠠᠵᠢᠯ᠂ ᠭᠤᠷᠪᠠᠨ ᠶᠡᠬᠡ ᠱᠢᠨᠵᠢ ᠴᠢᠨᠠᠷ᠂ ᠳᠥᠷᠪᠡᠨ ᠲᠤᠬᠠᠢᠯᠠᠭ᠍ᠰᠠᠨ ᠠᠵᠢᠯ᠎ᠤᠨ ᠳᠡᠰ ᠳᠠᠪᠬᠤᠷᠭ᠎ᠠ 》 ᠎ᠶ᠋ᠢᠨ ᠠᠵᠢᠯ᠎ᠤᠨ ᠪᠠᠢᠷᠢ ᠲᠣᠭ᠍ᠲᠠᠭᠠᠯᠲᠠ ᠪᠠ ᠭᠤᠷᠪᠠᠨ ᠶᠡᠭᠡ ᠠᠵᠢᠯ᠎ᠤᠨ ᠴᠢᠭ᠌ᠯᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠪᠡᠶ᠎ᠡ᠎ᠪᠠᠨ ᠳᠠᠭᠠᠭᠠᠵᠤ ᠦᠪᠡᠷᠲᠡᠭᠡᠨ ᠬᠦᠴᠦᠷᠬᠡᠭ᠌ᠵᠢᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠨᠠᠩ ᠥᠨᠳᠥᠷ ᠵᠣᠭ᠍ᠰᠣᠴᠠ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠬᠤᠷᠠᠯ ᠳᠡᠭᠡᠷ᠎ᠡ ᠲᠠᠷᠠᠭᠠᠴᠢ᠎ᠶ᠋ᠢᠨ ᠠᠯᠬᠤᠮ᠎ᠤᠨ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠭᠤᠤᠯᠳᠠᠯᠭ᠎ᠠ᠎ᠲᠠᠢ ᠠᠵᠢᠯ᠎ᠳᠤ ᠪᠠᠢᠷᠢᠯᠠᠭᠤᠯᠤᠯᠲᠠ ᠬᠢᠪᠠ᠃ ᠨᠢᠭᠡ᠎ᠳᠤ᠂ ᠱᠢᠰᠲ᠋ᠧᠮ᠎ᠤᠨ ᠦᠵᠡᠯᠲᠡ᠎ᠶ᠋ᠢ ᠪᠠᠷᠢᠮᠲᠠᠯᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ 《 ᠰᠠᠭᠤᠷᠢ᠎ᠶ᠋ᠢ ᠪᠠᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ 》 ᠶᠡᠷᠦᠩᠬᠡᠢ ᠱᠠᠭᠠᠷᠳᠠᠯᠭ᠎ᠠ ᠶᠣᠰᠣᠭᠠᠷ᠂ ᠱᠢᠰᠲᠸᠮᠲᠦ ᠴᠢᠨᠠᠷᠲᠠᠢ ᠬᠤᠪᠢᠰᠤᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢᠨ ᠭᠤᠣᠯ ᠰᠡᠳᠦᠪ᠎ᠢ ᠡᠵᠡᠮᠳᠡᠵᠦ᠍᠂ ᠷᠠᠳᠢᠣ᠋ ᠲᠧᠯᠸᠢᠰ᠎ᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠱᠢᠨ᠎ᠡ ᠰᠡᠳᠭᠢᠮᠵᠢ ᠱᠢᠨ᠎ᠡ ᠠᠷᠭ᠎ᠠ ᠬᠡᠮᠵᠢᠶ᠎ᠡ᠎ᠶ᠋ᠢ ᠭᠦᠨᠵᠡᠭᠡᠢ ᠰᠤᠳᠤᠯᠪᠠ᠃ ᠬᠤᠶᠠᠷ᠎ᠲᠤ᠌᠂ ᠳ᠋ᠢᠭᠢᠲ ᠣᠶᠤᠯᠢᠭ᠎ᠤᠨ ᠬᠦᠴᠦᠨ ᠨᠡᠮᠡᠷᠢᠯᠡᠬᠦ᠌᠎ᠶ᠋ᠢ ᠪᠠᠷᠢᠮᠲᠠᠯᠠᠵᠤ᠂ ᠠᠵᠢᠯ ᠲᠦᠷᠦᠯ᠎ᠤᠨ ᠴᠢᠨᠠᠷ ᠰᠠᠢᠲᠠᠢ ᠦᠵᠡᠵᠦ᠍ ᠰᠣᠨᠣᠰᠭᠤ ᠳ᠋ᠠᠢᠲ᠋ᠠ᠎ᠶ᠋ᠢᠨ ᠴᠣᠭ᠍ᠯᠠᠷᠠᠯ᠎ᠢ ᠲᠦᠷᠭᠡᠯᠡᠨ ᠪᠠᠢᠭᠤᠯᠵᠤ᠂ ᠵᠣᠬᠢᠶᠠᠮᠠᠯ ᠣᠶᠤᠨᠴᠢ ᠠᠵᠢᠯ ᠲᠦᠷᠦᠯ᠎ᠤᠨ ᠬᠡᠷᠡᠭ᠌ᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠪᠡ᠃ ᠭᠤᠷᠪᠠ᠎ᠳᠤ᠂ ᠠᠷᠠᠳ᠎ᠤᠨ ᠲᠥᠯᠥᠭᠡ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠬᠡᠳᠦ ᠥᠨᠳᠥᠷ ᠳᠣᠲᠣᠷᠠᠴᠠᠲᠤ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠲᠧᠯᠸᠢᠰ᠎ᠤᠨ ᠠᠵᠢᠯᠯᠠᠭᠠᠨ᠎ᠤ ᠪᠤᠳᠤᠯᠢᠶᠠᠨᠲᠠᠢ ᠵᠠᠰᠠᠯᠲᠠ᠎ᠶ᠋ᠢᠨ ᠠᠵᠢᠯ᠎ᠢ ᠪᠠᠬᠢᠵᠢᠭᠦᠯᠦᠨ ᠳᠡᠭᠡᠭ᠌ᠰᠢᠯᠡᠭᠦᠯᠪᠡ᠃ ᠳᠥᠷᠪᠡ᠎ᠳᠤ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠬᠦᠩᠭᠡᠪᠴᠢᠯᠡᠭ᠌ᠰᠡᠨ ᠪᠠ ᠨᠢᠭᠡ ᠴᠣᠭ᠍ᠴᠠᠵᠢᠭ᠍ᠰᠠᠨ ᠮᠡᠷᠭᠡᠵᠢᠯ᠎ᠤᠨ ᠰᠠᠭᠤᠷᠢ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠱᠢᠰᠲᠸᠮᠲᠦ ᠴᠢᠨᠠᠷᠲᠠᠶ ᠬᠤᠪᠢᠰᠤᠯᠲᠠ᠎ᠶ᠋ᠢ ᠲᠤᠯᠭᠠᠭᠤᠷᠢᠯᠠᠪᠠ᠃ ᠲᠠᠪᠤ᠎ᠳᠤ᠂ ᠪᠡᠶ᠎ᠡ᠎ᠪᠡᠨ ᠳᠠᠭᠠᠭᠠᠵᠤ ᠦᠪᠡᠷᠲᠡᠭᠡᠨ ᠬᠦᠴᠦᠷᠬᠡᠭ᠌ᠵᠢᠬᠦ᠌᠎ᠶ᠋ᠢ ᠪᠠᠷᠢᠮᠲᠠᠯᠠᠵᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠦᠴᠦᠨ᠎ᠢ ᠴᠢᠩᠭᠠᠷᠠᠭᠤᠯᠵᠤ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠪᠠ᠃ ᠵᠢᠷᠭᠤᠭ᠎ᠠ᠎ᠳᠤ᠂ ᠵᠢᠷᠤᠮᠵᠢᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠪᠠᠷᠢᠮᠵᠢᠶ᠎ᠠ᠎ᠶ᠋ᠢᠨ ᠲᠣᠯᠭᠠᠭᠣᠷᠢᠯᠠᠯ ᠪᠠ ᠬᠥᠲᠥᠯᠥᠨ ᠳᠠᠭᠠᠭᠤᠯᠬᠤ ᠦᠢᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠠᠵᠢᠯ ᠲᠥᠷᠥᠯ᠎ᠤᠨ ᠳ᠋ᠠᠢᠲ᠋ᠠ᠎ᠶ᠋ᠢ ᠵᠢᠷᠤᠮᠵᠢᠭᠤᠯᠤᠨ ᠪᠠᠷᠢᠮᠵᠢᠶᠠᠵᠢᠭᠤᠯᠬᠤ ᠠᠵᠢᠯ᠎ᠢ ᠭᠦᠨᠵᠡᠭᠡᠢᠷᠡᠭᠦᠯᠪᠡ᠃ ᠲᠤᠯᠤᠭ᠎ᠠ᠎ᠳᠤ᠂ ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠪᠠ᠃

ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠠᠺᠠᠳᠧᠮᠢᠴᠢ ᠮᠧᠶ ᠬᠤᠩ ᠲᠤᠰᠭᠠᠶ ᠰᠡᠳᠦᠪᠲᠦ ᠲᠠᠢᠯᠤᠮᠵᠢ ᠬᠢᠪᠡ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠷᠠᠳᠢᠣ᠋ ᠲᠧᠯᠸᠢᠰ ᠎ᠤᠨ ᠦᠵᠡᠵᠦ᠍ ᠰᠣᠨᠣᠰᠭᠤ  《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠥᠯᠭᠡ ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠣᠭᠤᠷᠢᠨ᠎ᠳᠤ ᠳᠤᠭᠤᠢᠯᠠᠩ ᠬᠤᠪᠢᠶᠠᠨ ᠶᠠᠷᠢᠯᠴᠠᠪᠠ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠱᠢᠭᠤᠳ ᠬᠠᠷᠢᠶ᠎ᠠ ᠬᠤᠯᠪᠣᠭ᠍ᠳᠠᠯ ᠪᠥᠬᠦᠶ ᠨᠢᠭᠡᠴᠢ᠂ ᠡᠯ᠎ᠡ ᠮᠤᠵᠢ ( ᠣᠷᠣᠨ᠂ ᠬᠤᠲᠠ )᠂ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠷᠠᠳᠢᠣ᠋ ᠲᠧᠯᠸᠢᠰ᠎ᠤᠨ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ᠂ ᠤᠲᠠᠰᠤᠲᠤ ᠰᠦᠯᠵᠢᠶᠡᠨ᠎ᠤ ᠺᠣᠮᠫᠠᠨᠢ ᠵᠢᠴᠢ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠺᠢᠨᠣ᠋᠎ᠶ᠋ᠢᠨ ᠰᠤᠪᠠᠭ᠂ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠤᠨ ᠲᠧᠯᠸᠢᠰ ᠬᠤᠷᠢᠶ᠎ᠠ᠂ ᠴᠠᠬᠢᠯᠭᠠᠨ ᠬᠤᠯᠪᠣᠭᠠᠨ᠎ᠤ ᠡᠵᠡᠩᠨᠡᠯᠲᠡ᠎ᠶ᠋ᠢᠨ ᠬᠤᠳᠠᠯᠳᠤᠭᠠᠴᠢᠨ᠂ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠪᠠᠢᠭᠤᠯᠤᠮᠵᠢ᠂ ᠵᠠᠭᠤᠴᠢᠯᠠᠭᠤᠷ᠎ᠤᠨ ᠶᠡᠭᠡ ᠳᠡᠭᠡᠳᠦ ᠰᠤᠷᠭᠠᠭᠤᠯᠢ᠂ ᠬᠤᠯᠪᠣᠭ᠍ᠳᠠᠯ ᠪᠥᠬᠦᠶ ᠠᠵᠤ ᠠᠬᠤᠢᠯᠠᠯ ᠵᠡᠷᠭᠡ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠵᠠᠶ᠃

ᠬᠤᠷᠠᠯ᠎ᠦᠨ ᠠᠳᠠᠯᠢ ᠬᠤᠭᠤᠴᠠᠭᠠᠨ᠎ᠳ᠋ᠤ ᠬᠠᠪᠴᠢᠭᠤᠯᠬᠤ ᠮᠠᠶᠢᠭ᠎ᠤ᠋ᠨ ᠪᠢᠴᠢᠯ ᠮᠠᠱᠢᠨ᠎ᠤ᠋ ᠲᠸᠯᠸᠢᠰ᠎ᠦᠨ ᠳᠠᠪᠲᠠᠮᠵᠢ ᠬᠦᠯᠢᠶᠡᠭᠦᠷ ᠣᠷᠣᠭᠤᠯᠬᠤ ᠮᠢᠩᠭᠠᠨ ᠲᠦᠮᠡᠨ ᠳᠡᠰ᠎ᠦ᠋ᠨ ᠪᠠᠢᠷᠢᠯᠠᠭᠤᠯᠤᠯᠲᠠ᠎ᠶᠢ ᠠᠬᠢᠭᠤᠯᠬᠤ ᠬᠤᠷᠠᠯ ᠡᠷᠬᠢᠯᠡᠪᠡ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ