2025 ᠣᠨ᠎ᠤ ᠪᠠᠷᠢᠮᠲᠠᠲᠤ ᠺᠢᠨᠤ᠋᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠪᠠᠷᠢᠮᠲᠠᠲᠤ ᠺᠢᠨᠤ᠋ ᠎ᠶᠢᠨ ᠰᠠᠨᠠᠯ ᠵᠦᠪᠯᠡᠯᠭᠡ᠎ᠶ᠋ᠢᠨ ᠠᠵᠢᠯᠯᠠᠭ᠎ᠠ ᠡᠯᠰᠡᠬᠦ᠌ ᠵᠠᠷᠯᠠᠯ
2025-11-28

ᠨᠢᠭᠡ᠂ ᠠᠵᠢᠯᠯᠠᠭᠠᠨ᠎ᠦ ᠲᠣᠬᠠᠢ

2025 ᠣᠨ᠎ᠤ ᠪᠠᠷᠢᠮᠲᠠᠲᠤ ᠺᠢᠨᠤ᠋ ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠣᠷᠣᠯᠴᠠᠵᠦ ᠣᠬᠠᠭᠣᠯᠣᠨ ᠲᠣᠭᠣᠰᠢᠯᠠᠭᠣᠯᠵᠦ᠂ ᠪᠥᠬᠦᠳᠡ ᠬᠤᠷᠠᠯ᠎ᠤᠨ ᠪᠥᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌ ᠲᠤᠬᠠᠶ ᠴᠢᠬᠤᠯᠠ ᠶᠡᠭᠡ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ᠍ ᠰᠣᠨᠣᠰᠭᠤ᠎ᠶᠢᠨ ᠨᠠᠮ᠎ᠤᠨ ᠲᠠᠭᠤᠨ᠎ᠢ ᠳᠠᠮᠵᠢᠭᠤᠯᠬᠤ᠂ ᠠᠷᠠᠳ ᠤᠯᠠᠨ᠎ᠳᠤ ᠦᠢᠯᠡᠴᠢᠯᠡᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠡᠵᠡᠮᠳᠡᠵᠦ᠍᠂ ᠪᠠᠷᠢᠮᠲᠠᠲᠤ ᠺᠢᠨᠣ᠋ ᠎ᠶᠢᠨ 《 ᠤᠯᠤᠰ᠎ᠤᠨ ᠰᠡᠭᠦᠳᠡᠷ᠎ᠦᠨ ᠳᠡᠪᠲᠡᠷ 》 ᠪᠠ 《 ᠴᠠᠭ ᠦᠶ᠎ᠡ᠎ᠶ᠋ᠢᠨ ᠵᠢᠷᠣᠮᠠᠭ᠎ᠤᠨ ᠲᠡᠮᠲᠡᠭ 》᠎ᠤᠨ ᠴᠢᠬᠤᠯᠠ ᠦᠢᠯᠡᠳᠦᠯ᠎ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠪᠠᠷᠢᠮᠲᠠᠲᠤ ᠺᠢᠨᠤ᠋᠎ᠶ᠋ᠢᠨ ᠵᠣᠬᠢᠶᠠᠨ ᠪᠦᠲᠦᠭᠡᠯᠭᠡ ᠎ᠶᠢ ᠤᠯᠠᠮᠵᠢᠯᠠᠬᠤ᠂ ᠮᠡᠷᠭᠡᠵᠢᠯ᠎ᠤᠨ ᠱᠢᠨᠡᠴᠢᠯᠡᠯᠲᠡ᠂ ᠠᠵᠤ ᠦᠢᠯᠡᠰ᠎ᠤᠨ ᠬᠥᠭ᠌ᠵᠢᠯᠲᠡ ᠵᠡᠷᠭᠡ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠭᠠᠳᠠᠭᠠᠳᠤ᠎ᠶ᠋ᠢᠨ ᠠᠵᠢᠯ ᠦᠢᠯᠡᠰ᠎ᠤᠨ ᠴᠢᠳᠠᠪᠤᠷᠢᠲᠠᠨ᠎ᠤ ᠡᠬᠢ ᠪᠠᠶᠠᠯᠢᠭ ᠪᠣᠯᠤᠨ ᠲᠤᠰᠭᠠᠢ ᠮᠡᠷᠭᠡᠵᠢᠯᠲᠡᠨ᠎ᠤ ᠬᠦᠴᠦᠨ᠎ᠢ ᠨᠢᠭ᠍ᠲᠠᠷᠠᠭᠤᠯᠵᠤ᠂ ᠡᠷᠳᠡᠮ ᠱᠢᠨᠵᠢᠯᠡᠭᠡᠨ᠎ᠤ ᠶᠠᠷᠢᠯᠴᠠᠭ᠎ᠠ ᠪᠣᠯᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠪᠦᠬᠦ᠌ ᠤᠯᠤᠰ᠎ᠤᠨ ᠪᠠᠷᠢᠮᠲᠠᠲᠤ ᠺᠢᠨᠣ᠋ ᠎ᠶᠢᠨ ᠦᠨᠡᠯᠡᠬᠦ᠌ ᠲᠣᠭᠲᠠᠯᠴᠠᠭ᠎ᠠ᠂ ᠵᠣᠬᠢᠶᠠᠨ ᠪᠦᠲᠦᠭᠡᠬᠦ᠌ ᠲᠣᠭᠲᠠᠯᠴᠠᠭ᠎ᠠ᠂ ᠳᠠᠮᠵᠢᠭᠤᠯᠭ᠎ᠠ᠎ᠶ᠋ᠢᠨ ᠲᠣᠭᠲᠠᠯᠴᠠᠭ᠎ᠠ᠂ ᠠᠵᠤ ᠦᠢᠯᠡᠰ᠎ᠤᠨ ᠲᠣᠭᠲᠠᠯᠴᠠᠭ᠎ᠠ᠎ᠶᠢ ᠪᠠᠢᠭᠤᠯᠵᠤ᠂ ᠪᠦᠬᠦ᠌ ᠪᠥᠮᠪᠥᠷᠴᠡᠭ᠎ᠤᠨ ᠨᠥᠯᠥᠭᠡᠯᠡᠬᠦ᠌ ᠬᠦᠴᠦᠨ᠎ᠲᠠᠢ ᠪᠠᠷᠢᠮᠲᠠᠲᠤ ᠺᠢᠨᠤ᠋᠎ᠶᠢᠨ ᠠᠵᠢᠯ ᠲᠦᠷᠦᠯ᠎ᠤᠨ ᠰᠣᠯᠢᠯᠴᠠᠭᠠᠨ᠎ᠤ ᠦᠪᠡᠳᠡᠭ᠌ᠰᠢ ᠬᠤᠷᠠᠯ᠎ᠢ ᠪᠠᠢᠭᠤᠯᠵᠤ᠂ ᠳᠤᠮᠳᠠᠳᠤ ᠤᠯᠤᠰ᠎ᠤᠨ ᠪᠠᠷᠢᠮᠲᠠᠲᠤ ᠺᠢᠨᠣ᠋᠎ᠶ᠋ᠢᠨ ᠠᠵᠢᠯ ᠲᠦᠷᠦᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ ᠲᠠᠢᠴᠢᠯᠠᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠪᠣᠯᠤᠨ ᠰᠣᠶᠣᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠪᠠᠷᠢᠮᠲᠠᠲᠤ  ᠺᠢᠨᠤ᠋ ᠎ᠶᠢᠨ ᠬᠦᠴᠦᠨ ᠴᠢᠳᠠᠯ᠎ᠢᠶᠠᠨ ᠡᠷᠭᠦᠨ᠎ᠡ᠃

ᠬᠤᠶᠠᠷ᠂ ᠰᠠᠨᠠᠯ ᠵᠦᠪᠯᠡᠯᠭᠡ᠎ᠶ᠋ᠢᠨ ᠠᠭᠤᠯᠭ᠎ᠠ

2025 ᠣᠨ᠎ᠤ ᠪᠠᠷᠢᠮᠲᠠᠲᠤ ᠺᠢᠨᠤ᠋ ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠰᠠᠨᠠᠯ ᠵᠦᠪᠯᠡᠯᠭᠡ᠎ᠶ᠋ᠢᠨ ᠠᠵᠢᠯᠯᠠᠭ᠎ᠠ᠎ᠨᠢ ᠪᠥᠬᠦ᠌ ᠪᠥᠮᠪᠥᠷᠴᠡᠭ᠎ᠤᠨ ᠪᠠᠷᠢᠮᠲᠠᠲᠤ ᠺᠢᠨᠣ᠋᠎ᠶ᠋ᠢᠨ ᠬᠦᠷᠢᠶᠡᠨ᠎ᠳᠤ ᠬᠠᠨᠳᠤᠭᠤᠯᠤᠨ ᠨᠡᠷ᠎ᠡ ᠮᠡᠳᠡᠭᠦᠯᠬᠦ᠎ᠶᠢ ᠴᠢᠯᠦᠭᠡᠲᠡᠢ ᠨᠡᠭᠡᠭᠡᠵᠦ᠂ ᠵᠣᠬᠢᠶᠠᠨ ᠪᠦᠲᠦᠭᠡᠭ᠌ᠴᠢ᠂ ᠦᠶ᠋ᠯᠡᠳᠬᠦ᠌ ᠪᠠᠢᠭᠤᠯᠤᠮᠵᠢ᠂ ᠺᠢᠨᠣ᠋ ᠲᠧᠯᠸᠢᠰ᠎ᠤᠨ ᠶᠡᠭᠡ ᠳᠡᠭᠡᠳᠦ ᠰᠤᠷᠭᠠᠭᠤᠯᠢ ᠵᠢᠴᠢ ᠡᠯ᠎ᠡ ᠲᠣᠮᠣ ᠲᠠᠪᠴᠠᠩ ᠴᠥᠮ ᠣᠷᠣᠯᠴᠠᠵᠤ ᠪᠣᠯᠬᠤ ᠪᠥᠭᠡᠳ ᠡᠯ᠎ᠡ ᠭᠤᠤᠯ ᠴᠣᠭ᠍ᠴᠠ᠎ᠶ᠋ᠢᠨ ᠮᠡᠳᠡᠭᠦᠯᠦᠨ ᠬᠦᠷᠭᠡᠬᠦ ᠲᠤᠭ᠎ᠠ ᠬᠡᠮᠵᠢᠶ᠎ᠡ᠎ᠳᠤ ᠳᠡᠭᠡᠳᠦ ᠬᠢᠵᠠᠭᠠᠷ ᠥᠬᠡᠶ᠃ ᠣᠯᠠᠨ ᠡᠱᠢᠲᠦ ᠵᠣᠬᠢᠶᠠᠨ ᠪᠦᠲᠦᠭᠡᠬᠦ᠌ ᠴᠢᠭ᠌ᠯᠡᠯ᠎ᠢ ᠰᠠᠨᠠᠭᠠᠴᠢᠯᠠᠨ᠂ ᠨᠡᠢᠭᠡᠮ᠎ᠤᠨ ᠲᠦᠮᠡᠨ ᠦᠵᠡᠭ᠌ᠳᠡᠯ᠎ᠢ ᠤᠯᠠᠮᠵᠢᠯᠠᠵᠤ᠂ ᠵᠣᠬᠢᠶᠠᠨ ᠪᠦᠲᠦᠭᠡᠭ᠌ᠴᠢ᠎ᠶ᠋ᠢᠨ ᠣᠯᠠᠨ ᠶᠠᠩᠵᠤ᠎ᠶ᠋ᠢᠨ ᠲᠡᠮᠳᠡᠭ᠌ᠯᠡᠯ᠎ᠤᠨ ᠰᠡᠳᠦᠪ᠎ᠲᠠᠬᠢ ᠰᠡᠭᠦᠳᠡᠷᠯᠡᠨ ᠦᠢᠯᠡᠳᠬᠦ᠌ ᠪᠠ ᠬᠠᠢᠨ ᠰᠦᠪᠡᠭ᠌ᠴᠢᠯᠡᠬᠦ᠌᠎ᠶ᠋ᠢ ᠵᠣᠷᠢᠭ᠍ᠵᠢᠭᠤᠯᠤᠨ᠎ᠠ᠃

ᠭᠤᠷᠪᠠ᠂ ᠡᠯᠰᠡᠬᠦ᠌ ᠡᠳᠦᠷ ᠬᠤᠭᠤᠴᠠᠭ᠎ᠠ

ᠥᠨᠥᠳᠥᠷ᠎ᠠᠴᠠ ᠡᠬᠢᠯᠡᠨ 12 ᠳ᠋ᠤᠭ᠋ᠠᠷ ᠰᠠᠷ᠎ᠠ᠎ᠶ᠋ᠢᠨ 5 ᠎ᠤ ᠡᠳᠦᠷ ᠪᠣᠯᠲᠠᠯ᠎ᠠ ᠡᠯᠰᠡᠨ᠎ᠡ; 12 ᠳ᠋ᠤᠭ᠋ᠠᠷ ᠰᠠᠷ᠎ᠠ᠎ᠶ᠋ᠢᠨ 5 ᠎ᠤ ᠡᠳᠦᠷ᠎ᠠᠴᠠ 7 ᠎ᠤ ᠡᠳᠦᠷ ᠪᠣᠯᠲᠠᠯ᠎ᠠ ᠠᠩᠬᠠᠨ᠎ᠤ ᠬᠢᠨᠠᠯᠲᠠ ᠬᠢᠨ᠎ᠡ; 12 ᠳ᠋ᠤᠭ᠋ᠠᠷ ᠰᠠᠷ᠎ᠠ᠎ᠶ᠋ᠢᠨ 9 ᠎ᠤ ᠡᠳᠦᠷ ᠰᠠᠨᠠᠯ ᠵᠦᠪᠯᠡᠯᠭᠡ ᠎ᠶᠢᠨ ᠰᠦᠯᠵᠢᠶᠡᠨ ᠎ᠳᠡᠬᠢ ᠪᠣᠯᠪᠠᠰᠣᠷᠠᠯ ᠬᠢᠨ᠎ᠡ; 12 ᠳ᠋ᠤᠭ᠋ᠠᠷ ᠰᠠᠷ᠎ᠠ᠎ᠶ᠋ᠢᠨ 12 ᠎ᠤᠨ ᠡᠳᠦᠷ ᠰᠦᠯᠵᠢᠶᠡᠨ ᠭᠠᠳᠠᠨᠠᠬᠢ ᠰᠠᠨᠠᠯ ᠵᠦᠪᠯᠡᠯᠭᠡ᠎ᠶ᠋ᠢᠨ ᠠᠵᠢᠯᠯᠠᠭ᠎ᠠ ᠶᠠᠪᠤᠭᠳᠠᠭᠤᠯᠤᠨ᠎ᠠ; 12 ᠳ᠋ᠤᠭ᠋ᠠᠷ ᠰᠠᠷ᠎ᠠ᠎ᠶ᠋ᠢᠨ 12 ᠎ᠤᠨ ᠡᠳᠦᠷ᠂ 2025 ᠣᠨ᠎ᠤ ᠪᠠᠷᠢᠮᠲᠠᠲᠤ  ᠺᠢᠨᠤ᠋ ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠲᠠᠨᠢᠯᠴᠠᠭᠤᠯᠤᠭ᠍ᠰᠠᠨ ᠰᠠᠨᠠᠯ ᠵᠦᠪᠯᠡᠯᠭᠡ᠎ᠶ᠋ᠢᠨ ᠪᠦᠲᠦᠭᠡᠯ᠎ᠢ  ᠨᠡᠢ᠌ᠲᠡᠯᠡᠨ᠎ᠡ᠃

ᠳᠥᠷᠪᠡ᠂ ᠰᠠᠨᠠᠯ ᠵᠦᠪᠯᠡᠯᠭᠡ᠎ᠶ᠋ᠢᠨ ᠱᠠᠭᠠᠷᠳᠠᠯᠭ᠎ᠠ

( 1 ) ᠨᠡᠷ᠎ᠡ ᠮᠡᠳᠡᠭᠦᠯᠦᠭ᠌ᠴᠢ ᠡᠷᠬᠡᠪᠰᠢ ᠲᠤᠰ ᠲᠥᠷᠥᠯ ᠵᠦᠢᠯ᠎ᠤᠨ ᠬᠡᠪᠯᠡᠯ᠎ᠤᠨ ᠡᠷᠬᠡ ᠡᠵᠡᠮᠱᠢᠭ᠌ᠴᠢ ᠪᠤᠶᠤ ᠬᠡᠪᠯᠡᠯ᠎ᠤᠨ ᠡᠷᠬᠡ ᠥᠮᠴᠢᠯᠡᠭ᠌ᠴᠢ᠎ᠶ᠋ᠢᠨ ᠲᠥᠯᠥᠭᠡᠯᠡᠭ᠌ᠴᠢ ᠪᠠᠢ᠌ᠬᠤ ᠬᠡᠷᠡᠭᠲᠡᠢ;  ( 2 )ᠡᠮᠦᠨᠡᠬᠢ ᠬᠤᠭᠤᠴᠠᠭᠠᠨ᠎ᠤ ᠱᠠᠲᠤ᠌ ᠦᠶ᠎ᠡ᠄ ᠵᠣᠬᠢᠶᠠᠨ ᠲᠥᠰᠥᠪᠯᠡᠬᠦ ᠲᠥᠯᠥᠪᠵᠢᠭᠥᠯᠭᠡ ᠪᠠ ᠲᠥᠷᠥᠯ ᠵᠦᠢᠯ᠎ᠤᠨ ᠪᠦᠲᠦᠭᠡᠯᠴᠢ ᠰᠡᠳᠭᠢᠮᠵᠢ; ᠣᠢ᠌ᠯᠡᠳᠴᠦ ᠪᠠᠢ᠌ᠭ᠎ᠠ ᠱᠠᠲᠤ ᠦᠶ᠎ᠡ᠄ ᠰᠡᠭᠦᠳᠡᠷᠯᠡᠬᠦ᠌ ᠪᠠᠢ᠌ᠭ᠎ᠠ ᠪᠤᠶᠤ ᠰᠡᠭᠦᠯᠴᠢ᠎ᠶ᠋ᠢᠨ ᠬᠤᠭᠤᠴᠠᠭᠠᠨ ᠳ᠋ᠡᠬᠢ ᠣᠢ᠌ᠯᠡᠳᠬᠦ ᠱᠠᠲᠤᠨ᠎ᠳᠤ ᠪᠠᠢᠨ᠎ᠠ; ᠨᠢᠭᠡᠨᠲᠡ ᠰᠡᠭᠦᠳᠡᠷᠯᠡᠭ᠌ᠰᠡᠨ ᠪᠥᠭᠡᠳ ᠣᠢ᠌ᠯᠡᠳᠴᠦ ᠳᠠᠭᠤᠰᠤᠭᠰᠠᠨ ᠪᠣᠯ᠂ ᠳᠡᠯᠭᠡᠷᠡᠭᠦᠯᠬᠦ᠌ ᠪᠠ ᠤᠬᠠᠭᠤᠯᠤᠨ ᠲᠠᠷᠬᠠᠭᠠᠬᠤ ᠱᠠᠲᠤ ᠦᠶ᠎ᠡ᠎ᠶ᠋ᠢᠨ ᠲᠥᠷᠥᠯ ᠵᠦᠢᠯ ( ᠨᠢᠭᠡᠨᠲᠡ ᠲᠠᠷᠬᠠᠭᠠᠭ᠍ᠰᠠᠨ ᠲᠥᠷᠥᠯ ᠵᠦᠢᠯ ᠣᠷᠣᠯᠴᠠᠵᠤ ᠪᠣᠯᠬᠤ ᠦᠭᠡᠢ ); ( 3 )ᠬᠡᠷᠡᠭ ᠡᠯᠰᠡᠬᠦ᠌ ᠲᠥᠷᠥᠯ ᠵᠦᠢ᠍ᠯ᠄ ᠲᠡᠮᠳᠡᠭ᠌ᠯᠡᠯ᠎ᠤᠨ ᠤᠷᠲᠤ ᠺᠢᠨᠤ᠋ ( ᠴᠠᠭ᠎ᠤᠨ ᠣᠷᠲᠦ ᠨᠢ 60 ᠮᠢᠨᠦ᠋ᠲ᠎ᠡᠴᠡ ᠳᠡᠭᠡᠭᠰᠢ )᠂ ᠰᠢᠷᠢᠰ ᠪᠠᠷᠢᠮᠲᠠᠲᠦ ᠺᠢᠨᠤ᠋ ( ᠬᠤᠶᠠᠷ ᠪᠦᠯᠦᠭ ᠵᠢᠴᠢ ᠲᠡᠭᠦᠨ᠎ᠠᠴᠠ ᠳᠡᠭᠡᠭ᠌ᠰᠢ ᠪᠤᠶᠤ ᠬᠤᠯᠪᠣᠭ᠍ᠳᠠᠯ ᠪᠦᠬᠦᠢ ᠱᠢᠷᠢᠰ ᠪᠦᠲᠦᠭᠡᠯ ); ( 4 ) ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠲᠠᠢ ᠬᠠᠷᠱᠢᠯᠳᠤᠵᠤ ᠪᠣᠯᠬᠤ᠎ᠦᠭᠡᠢ᠃

ᠲᠠᠪᠤ᠂ ᠨᠡᠷ᠎ᠡ ᠮᠡᠳᠡᠭᠦᠯᠬᠦ᠌ ᠠᠷᠭ᠎ᠠ ᠮᠠᠶᠢᠭ

ᠤᠷᠤᠯᠳᠤᠭᠠᠨ᠎ᠳᠤ ᠣᠷᠣᠯᠴᠠᠬᠤ ᠲᠥᠷᠥᠯ ᠵᠣᠢ᠌ᠯ᠎ᠨᠢ ᠡᠷᠬᠡᠪᠰᠢ 《 2025 ᠣᠨ᠎ᠤ ᠪᠠᠷᠢᠮᠲᠠᠲᠤ ᠺᠢᠨᠤ᠋ ᠎ᠶᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠰᠠᠨᠠᠯ ᠵᠦᠪᠯᠡᠯᠭᠡ᠎ᠶ᠋ᠢᠨ ᠠᠵᠢᠯᠯᠠᠭ᠎ᠠ᠎ᠶ᠋ᠢᠨ ᠨᠡᠷ᠎ᠡ ᠮᠡᠳᠡᠭᠦᠯᠬᠦ ᠬᠦᠰᠦᠨᠦᠭ᠌ᠲᠦ 》᠎ᠶ᠋ᠢ ᠪᠠᠭᠤᠯᠭᠠᠵᠤ᠂ ᠲᠠᠭ᠍ᠯᠠᠵᠤ ᠳᠠᠭᠤᠰᠤᠭ᠍ᠰᠠᠨ᠎ᠤ ᠳᠠᠷᠠᠭ᠎ᠠ᠂ ᠲᠣᠭ᠍ᠲᠠᠭ᠍ᠰᠠᠨ ᠢᠮᠧᠯ᠎ᠳᠦ ᠢᠯᠡᠭᠡᠵᠦ᠍᠂ ᠶᠠᠮᠠᠷᠪᠠ ᠨᠡᠷ᠎ᠡ ᠮᠡᠳᠡᠭᠦᠯᠬᠦ᠌ ᠰᠦᠢᠳᠭᠡᠯ ᠲᠤᠱᠢᠶᠠᠬᠤ ᠴᠢᠬᠤᠯᠠ ᠦᠭᠡᠢ᠃ ᠨᠡᠷ᠎ᠡ ᠮᠡᠳᠡᠭᠦᠯᠬᠦ᠌ ᠬᠦᠰᠦᠨᠦᠭ᠌ᠲᠦ᠍᠎ᠶ᠋ᠢᠨ ᠠᠭᠤᠯᠭ᠎ᠠ᠎ᠳᠤ ᠲᠥᠷᠥᠯ ᠵᠦᠢᠯ᠎ᠤᠨ ᠲᠣᠪᠴᠢ ᠲᠠᠨᠢᠯᠴᠠᠭᠤᠯᠭ᠎ᠠ᠂ ᠭᠤᠣᠯ ᠪᠦᠲᠦᠭᠡᠭᠴᠢ᠎ᠶᠢᠨ ᠨᠡᠷᠡᠰ᠎ᠤᠨ ᠲᠣᠪᠴᠢ ᠲᠠᠨᠢᠯᠴᠠᠭᠤᠯᠭ᠎ᠠ᠂ ᠣᠳᠣᠬᠠᠨ᠎ᠤ ᠱᠠᠲᠤ᠌ ᠦᠶ᠎ᠡ᠂ ᠣᠢ᠌ᠯᠡᠳᠬᠦ ᠲᠥᠯᠥᠪᠯᠡᠭᠡ᠂ ᠪᠦᠬᠦᠯᠢ ᠴᠣᠭ᠍ᠴᠠ᠎ᠶ᠋ᠢᠨ ᠲᠥᠰᠦᠪ᠂ ᠤᠷᠢᠳᠴᠢᠯᠠᠨ ᠮᠡᠳᠡᠭ᠌ᠳᠡᠬᠦ᠌  ᠺᠢᠨᠤ᠋ ᠎ᠶᠢᠨ ᠴᠥᠷᠬᠡᠯᠡᠭᠡ ᠵᠡᠷᠭᠡ᠎ᠶ᠋ᠢ ᠪᠠᠭᠲᠠᠭ᠋ᠠᠨ᠎ᠠ᠂ ᠨᠠᠷᠢᠨ ᠬᠢᠨᠠᠮᠠᠭᠠᠶ ᠲᠠᠭ᠍ᠯᠠᠨ ᠬᠠᠷᠭᠤᠭᠤᠯᠤᠭ᠋ᠠᠷᠠᠢ᠂ ᠵᠣᠬᠢᠶᠠᠨ ᠪᠠᠢᠭᠤᠯᠬᠤ ᠺᠣᠮᠢᠰ᠎ᠠᠴᠠ ᠰᠠᠨᠠᠯ ᠵᠦᠪᠯᠡᠯᠭᠡ᠎ᠶ᠋ᠢᠨ ᠠᠭᠤᠯᠭ᠎ᠠ᠎ᠶ᠋ᠢ ᠬᠢᠨᠠᠨ ᠬᠠᠷᠭᠤᠭᠤᠯᠤᠨ᠎ᠠ᠂ ᠬᠡᠷᠪᠡ ᠬᠤᠳᠠᠯ ᠬᠠᠭᠤᠷᠮᠠᠭ ᠮᠡᠳᠡᠭᠡ ᠵᠠᠩᠭᠢ ᠪᠠᠢᠪᠠᠯ ᠰᠠᠨᠠᠯ ᠵᠦᠪᠯᠡᠯᠭᠡ᠎ᠶ᠋ᠢᠨ ᠬᠢᠷᠢ ᠬᠡᠮ᠎ᠢ ᠬᠦᠴᠦᠨ ᠥᠬᠡᠶ ᠪᠣᠯᠭᠠᠨ᠎ᠠ᠃

ᠬᠠᠷᠢᠯᠴᠠᠬᠤ ᠬᠥᠮᠦᠨ᠄ ᠼᠤᠤ ᠰᠧ ᠾᠧ᠂ 010-86094169᠂ 13417513787

2025 ᠣᠨ᠎ᠤ ᠪᠠᠷᠢᠮᠲᠠᠲᠤ  ᠺᠢᠨᠤ᠋ ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠰᠠᠨᠠᠯ ᠵᠦᠪᠯᠡᠯᠭᠡ᠎ᠶ᠋ᠢᠨ ᠠᠵᠢᠯᠯᠠᠭ᠎ᠠ᠎ᠶ᠋ᠢᠨ ᠠᠯᠪᠠᠨᠢᠮᠧᠯ᠄ caosihe@nrta.gov.cnaotujingdoc@163.co  ( ᠵᠡᠷᠭᠡ᠎ᠪᠠᠷ ᠢᠯᠡᠭᠡᠬᠦ᠌ ᠴᠢᠬᠤᠯᠠᠲᠠᠢ )

ᠺᠣᠳ᠋ ᠎ᠢ ᠰᠢᠷᠪᠢᠵᠦ ᠨᠡᠷ᠎ᠡ ᠮᠡᠳᠡᠭᠦᠯᠬᠦ᠌ ᠬᠦᠰᠦᠨᠤᠭ᠌ᠲᠦ ᠎ᠶᠢ  ᠪᠠᠭᠤᠯᠭ᠋ᠠᠭ᠋ᠠᠷᠠᠢ

ᠵᠢᠷᠭᠤᠭ᠎ᠠ᠂ ᠡᠯᠰᠡᠭᠳᠡᠬᠦ ᠵᠢᠴᠢ ᠲᠡᠳᠬᠦᠬᠦ᠌ ᠪᠠᠢᠷᠢᠯᠠᠭᠤᠯᠤᠯᠲᠠ

ᠵᠣᠬᠢᠶᠠᠨ ᠪᠠᠢᠭᠤᠯᠬᠤ ᠺᠣᠮᠢᠰ᠎ᠤᠨ ᠡᠴᠦᠰ᠎ᠤᠨ ᠬᠢᠨᠠᠨ ᠦᠨᠡᠯᠡᠬᠦ᠌ ᠺᠣᠮᠢᠰ᠂ ᠱᠢᠢᠳᠪᠦᠷᠢᠲᠦ ᠪᠣᠳᠣᠯᠭ᠎ᠠ ᠲᠣᠭ᠍ᠲᠠᠭᠠᠭ᠍ᠴᠢ᠎ᠠᠴᠠ ᠪᠦᠲᠦᠭᠡᠯ᠎ᠳᠤ ᠬᠢᠨᠠᠨ ᠲᠣᠭ᠍ᠲᠠᠭᠠᠬᠤ ᠪᠠ ᠬᠤᠪᠢ ᠥᠭ᠌ᠴᠦ᠂ ᠠᠷᠪᠠᠨ ᠲᠠᠪᠤᠨ ᠡᠯᠰᠡᠭᠳᠡᠬᠦ ᠰᠠᠨᠠᠯ ᠵᠦᠪᠯᠡᠯᠭᠡ᠎ᠶᠢᠨ ᠲᠥᠷᠥᠯ ᠵᠣᠢ᠌ᠯ᠎ᠢ ᠰᠣᠩᠭᠤᠨ ᠭᠠᠷᠭᠠᠨ᠎ᠠ᠃ ᠵᠣᠬᠢᠶᠠᠨ ᠪᠠᠢᠭᠤᠯᠬᠤ ᠺᠣᠮᠢᠰ ᠢᠮᠧᠯ ᠬᠡᠯᠪᠡᠷᠢ᠎ᠪᠡᠷ ᠰᠠᠨᠠᠯ ᠵᠦᠪᠯᠡᠯᠭᠡ ᠳᠤᠷᠠᠳᠤᠭᠰᠠᠳ᠎ᠲᠤ᠌ ᠵᠢᠩᠬᠢᠨᠢ᠎ᠪᠡᠷ ᠮᠡᠳᠡᠭ᠌ᠳᠡᠬᠦ᠌᠎ᠶᠢᠨ ᠬᠠᠮᠲᠤ ᠡᠯᠰᠡᠭᠳᠡᠭᠰᠡᠨ ᠨᠡᠷᠡᠰ᠎ᠢ᠋ ᠭᠠᠳᠠᠭ᠍ᠱᠢ ᠨᠡᠢᠲᠡᠯᠡᠨ᠎ᠡ᠃ ᠡᠯᠰᠡᠭᠳᠡᠭᠰᠡᠨ ᠰᠠᠨᠠᠯ ᠵᠦᠪᠯᠡᠯᠭᠡ ᠳᠤᠷᠠᠳᠤᠭ᠍ᠰᠠᠳ ᠰᠠᠨᠠᠯ ᠵᠦᠪᠯᠡᠯᠭᠡ ᠶ᠋ᠢᠨ ᠠᠵᠢᠯᠯᠠᠭ᠎ᠠ᠎ᠳᠦ ᠰᠡᠳᠦᠪ ᠰᠣᠩᠭᠣᠭᠰᠠ᠎ᠢᠶᠠᠨ ᠲᠣᠳᠣᠷᠬᠠᠢᠯᠠᠨ ᠥᠭᠦᠯᠡᠬᠦ᠌ ᠬᠢᠷᠢ ᠬᠡᠮ ᠲᠠᠢ ᠪᠦᠭᠡᠳ ᠭᠤᠤᠯᠯᠠᠨ ᠡᠷᠬᠢᠯᠡᠭ᠌ᠰᠡᠨ ᠡᠲᠡᠭᠡᠳ᠎ᠠᠴᠠ ᠵᠣᠬᠢᠶᠠᠨ ᠪᠠᠢᠭᠤᠯᠤᠭ᠍ᠰᠠᠨ ᠬᠠᠨᠳᠤᠯᠭᠠᠲᠤ ᠴᠢᠨᠠᠷᠲᠠᠶ ᠰᠠᠨᠠᠯ ᠵᠦᠪᠯᠡᠯᠭᠡ᠎ᠶ᠋ᠢᠨ ᠪᠣᠯᠪᠠᠰᠤᠷᠠᠯ᠎ᠳᠤ ᠣᠷᠣᠯᠴᠠᠨ᠎ᠠ᠃ ᠡᠯᠰᠡᠭᠳᠡᠭᠰᠡᠨ ᠲᠥᠷᠥᠯ ᠵᠦᠢᠯ ᠨᠢ ᠡᠷᠬᠡᠪᠰᠢ ᠲᠥᠷᠥᠯ ᠵᠦᠢᠯ᠎ᠦᠨ ᠤᠳᠤᠷᠢᠳᠤᠭᠠᠴᠢ ᠪᠤᠶᠤ ᠺᠢᠨᠣ᠋ ᠦᠢᠯᠡᠳᠦᠭ᠌ᠴᠢ᠎ᠶᠢᠨ ᠲᠤᠬᠠᠶ᠎ᠶ᠋ᠢᠨ ᠲᠠᠯᠠᠪᠠᠶ᠎ᠳᠤ ᠣᠷᠣᠯᠴᠠᠭᠤᠯᠬᠤ᠎ᠶ᠋ᠢ ᠪᠠᠲᠤᠯᠠᠬᠤ ᠬᠡᠷᠡᠭ᠌ᠲᠡᠶ ᠂ ᠡᠰᠡ ᠲᠡᠭᠡᠪᠡᠯ ᠡᠯᠰᠡᠭᠳᠡᠭᠰᠡᠨ ᠬᠢᠷᠢ ᠭᠡᠮ᠎ᠢᠶᠡᠨ ᠥᠪᠡᠷ᠎ᠢᠶᠡᠨ ᠬᠠᠶᠠᠭ᠍ᠰᠠᠨ᠎ᠢᠶᠠᠷ ᠦᠵᠡᠨ᠎ᠡ ᠃ ᠰᠠᠨᠠᠯ ᠵᠦᠪᠯᠡᠯᠭᠡ᠎ᠶ᠋ᠢᠨ ᠠᠵᠢᠯᠯᠠᠭ᠎ᠠ᠎ᠳᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠷᠢᠮᠲᠠᠲᠤ ᠺᠢᠨᠤ᠋ ᠎ᠶᠢᠨ ᠬᠦᠷᠢᠶᠡᠨ᠎ᠳᠠᠬᠢ ᠲᠤᠰᠭᠠᠶ ᠮᠡᠷᠭᠡᠵᠢᠯᠲᠡᠨ᠂ ᠦᠢᠯᠡᠳᠦᠭ᠌ᠴᠢ᠂ ᠨᠡᠪᠲᠡᠷᠡᠭᠦᠯᠬᠦ᠌ ᠲᠠᠯ᠎ᠠ ᠵᠡᠷᠭᠡ᠎ᠶ᠋ᠢ ᠤᠷᠢᠵᠤ ᠱᠢᠢᠳᠪᠦᠷᠢᠲᠦ ᠪᠣᠳᠣᠯᠭ᠎ᠠ ᠲᠣᠭ᠍ᠲᠠᠭᠠᠭ᠍ᠴᠢ᠎ᠶ᠋ᠢᠨ ᠬᠢᠨᠠᠨ ᠲᠣᠭ᠍ᠲᠠᠭᠠᠬᠤ ᠪᠦᠯᠬᠦᠮ᠎ᠢ ᠪᠦᠷᠢᠯᠳᠦᠭᠦᠯᠵᠦ᠍᠂ ᠡᠯᠰᠡᠭᠳᠡᠭᠰᠡᠨ ᠪᠦᠯᠬᠦᠮ ᠪᠦᠷᠢ 8 ᠮᠢᠨᠦ᠋ᠲ᠎ᠤᠨ ᠲᠥᠰᠦᠯ᠎ᠢᠶᠡᠨ ᠲᠣᠳᠣᠷᠬᠠᠢᠯᠠᠨ ᠦᠬᠦᠯᠡᠬᠦ ᠪᠠ  ᠳᠤᠷᠠᠳᠤᠭᠰᠠᠨ ᠠᠰᠠᠭᠤᠯᠲᠠ ᠎ᠶᠢ ᠬᠠᠷᠢᠭᠤᠯᠬᠤ ᠴᠠᠭ᠎ᠲᠠᠢ ᠪᠠᠢᠵᠤ᠂ ᠡᠴᠦᠰ᠎ᠲᠤ ᠨᠢ ᠪᠢᠯᠧᠲ ᠥᠭ᠌ᠬᠦ ᠬᠡᠯᠪᠡᠷᠢ᠎ᠪᠠᠷ 《 2025  ᠣᠨ᠎ᠤ ᠪᠠᠷᠢᠮᠲᠠᠲᠤ  ᠺᠢᠨᠤ᠋ ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠲᠠᠨᠢᠯᠴᠠᠭᠤᠯᠤᠭ᠍ᠰᠠᠨ ᠰᠠᠨᠠᠯ ᠵᠦᠪᠯᠡᠯᠭᠡ᠎ᠶ᠋ᠢᠨ ᠪᠦᠲᠦᠭᠡᠯ 》᠎ᠢ ᠱᠢᠯᠭᠠᠷᠠᠭᠤᠯᠬᠤ᠎ᠶ᠋ᠢᠨ ᠬᠠᠮᠲᠤ᠌᠂ ᠵᠣᠬᠢᠶᠠᠨ ᠪᠠᠢᠭᠤᠯᠬᠤ ᠺᠣᠮᠢᠰ᠎ᠠᠴᠠ ᠲᠥᠷᠥᠯ ᠵᠦᠢᠯ᠎ᠤᠨ ᠬᠤᠢ᠌ᠨᠠᠬᠢ ᠵᠣᠬᠢᠶᠠᠨ ᠪᠦᠲᠦᠭᠡᠯᠭᠡ᠎ᠶ᠋ᠢ ᠦᠷᠭᠦᠯᠵᠢᠯᠡᠨ ᠠᠩᠬᠠᠷᠤᠨ᠎ᠠ᠃ 《 2025 ᠣᠨ᠎ᠤ ᠪᠠᠷᠢᠮᠲᠠᠲᠤ ᠺᠢᠨᠤ᠋ ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠲᠠᠨᠢᠯᠴᠠᠭᠤᠯᠤᠭ᠍ᠰᠠᠨ ᠰᠠᠨᠠᠯ ᠵᠦᠪᠯᠡᠯᠭᠡ᠎ᠶ᠋ᠢᠨ ᠪᠦᠲᠦᠭᠡᠯ 》᠎ᠢ ᠣᠯᠣᠭᠰᠠᠨ ᠲᠥᠷᠥᠯ ᠵᠦᠢᠯ᠎ᠳᠦ᠂ ᠵᠣᠬᠢᠶᠠᠨ ᠪᠠᠢᠭᠤᠯᠬᠤ ᠺᠣᠮᠢᠰ᠎ᠠᠴᠠ ᠵᠣᠬᠢᠴᠠᠩᠭᠤᠶ ᠲᠡᠮᠳᠡᠭ ᠬᠠᠩᠭᠠᠵᠤ᠂ ᠺᠢᠨᠤ᠋ ᠪᠣᠯᠭᠠᠭ᠍ᠰᠠᠨ᠎ᠤ ᠳᠠᠷᠠᠭ᠎ᠠ ᠺᠢᠨᠣ᠋᠎ᠶ᠋ᠢᠨ ᠡᠬᠢ ᠪᠤᠶᠤ ᠺᠢᠨᠤ᠋᠎ᠶᠢᠨ ᠡᠴᠦᠰ᠎ᠤᠨ ᠳᠡᠯᠭᠡᠴᠡ᠎ᠶᠢᠨ ᠥᠰᠦᠭ ᠵᠢᠴᠢ ᠬᠤᠯᠪᠣᠭ᠍ᠳᠠᠯ ᠪᠥᠬᠦᠶ ᠤᠬᠠᠭᠤᠯᠭ᠎ᠠ᠎ᠶ᠋ᠢᠨ ᠮᠠᠲ᠋ᠧᠷᠢᠶᠠᠯ᠎ᠳᠦ ᠢᠯᠡᠷᠡᠭᠦᠯᠬᠦ᠌ ᠬᠡᠷᠡᠭᠲᠡᠢ᠃

ᠳᠣᠯᠤᠭ᠎ᠠ᠂ ᠬᠠᠷᠢᠭᠤᠴᠠᠯᠭ᠎ᠠ᠎ᠠᠴᠠ ᠬᠡᠯᠲᠦᠷᠢᠭᠦᠯᠬᠦ᠌ ᠢᠯᠡᠷᠬᠡᠢᠯᠡᠯᠲᠡ

ᠵᠣᠬᠢᠶᠠᠨ ᠪᠠᠢᠭᠤᠯᠬᠤ ᠺᠣᠮᠢᠰ᠎ᠨᠢ ᠡᠯᠰᠡᠭᠳᠡᠭᠰᠡᠨ ᠲᠥᠷᠥᠯ ᠵᠦᠢᠯ᠎ᠤᠨ ᠮᠡᠳᠡᠭᠡ ᠵᠠᠩᠭᠢ᠎ᠶ᠋ᠢ ᠨᠠᠢᠷᠠᠭᠤᠯᠬᠤ ᠪᠠ ᠢᠯᠡ ᠨᠡᠢᠲᠡᠯᠡᠵᠦ᠍ ᠣᠬᠠᠭᠣᠯᠣᠨ ᠬᠡᠷᠡᠭᠯᠡᠬᠦ ᠡᠷᠬᠡ᠎ᠲᠠᠢ᠂ ᠬᠡᠷᠪᠡ ᠨᠢᠭᠤᠴᠠ᠎ᠶ᠋ᠢ ᠬᠠᠮᠠᠭᠠᠯᠠᠬᠤ ᠠᠭᠤᠯᠭ᠎ᠠ᠎ᠲᠠᠢ ᠬᠤᠯᠪᠣᠭ᠍ᠳᠠᠪᠠᠯ᠂ 2025 ᠣᠨ᠎ᠤ ᠪᠠᠷᠢᠮᠲᠠᠲᠤ  ᠺᠢᠨᠤ᠋ ᠎ᠶᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠥᠭᠦᠯᠡᠯ᠎ᠦᠨ ᠲᠠᠪᠴᠠᠩ᠎ᠤᠨ ᠵᠣᠬᠢᠶᠠᠨ ᠪᠠᠢᠭᠤᠯᠬᠤ ᠺᠣᠮᠢᠰ᠎ᠲᠤ ᠪᠢᠴᠢᠭ᠎ᠢᠶᠠᠷ ᠵᠢᠭᠠᠨ ᠲᠣᠭ᠍ᠲᠠᠭᠠᠬᠤ᠎ᠶ᠋ᠢᠨ ᠬᠠᠮᠲᠤ ᠲᠣᠳᠣᠷᠬᠠᠢᠯᠠᠯᠲᠠ ᠬᠢᠬᠦ᠌ ᠬᠡᠷᠡᠭ᠌ᠲᠡᠢ᠂ ᠡᠰᠡ ᠲᠡᠭᠡᠪᠡᠯ ᠨᠢᠭᠤᠴᠠ᠎ᠶ᠋ᠢ ᠬᠠᠮᠠᠭᠠᠯᠠᠬᠤ ᠠᠭᠤᠯᠭ᠎ᠠ ᠦᠭᠡᠢ ᠭᠡᠵᠦ᠍ ᠦᠵᠡᠨ᠎ᠡ᠃ ᠨᠡᠷ᠎ᠡ ᠮᠡᠳᠡᠭᠦᠯᠦᠭ᠌ᠰᠡᠳ ᠨᠡᠷ᠎ᠡ ᠮᠡᠳᠡᠭᠦᠯᠬᠦ ᠎ᠪᠡᠨ ᠲᠤᠰᠢᠶᠠᠮᠠᠭᠴᠠ ᠨᠢᠭᠡᠨᠲᠡ ᠣᠩᠰᠢᠭᠰᠠᠨ᠂ ᠣᠢᠯᠠᠭᠠᠭ᠍ᠰᠠᠨ ᠪᠥᠭᠡᠳ ᠲᠤᠰ ᠰᠠᠨᠠᠯ ᠵᠦᠪᠯᠡᠯᠭᠡ᠎ᠶ᠋ᠢᠨ ᠠᠵᠢᠯᠯᠠᠭ᠎ᠠ᠎ᠶ᠋ᠢᠨ ᠡᠯ᠎ᠡ ᠵᠦᠢᠯ᠎ᠤᠨ ᠵᠦᠢᠯ ᠵᠤᠷᠪᠤᠰ᠎ᠤᠨ ᠲᠣᠭ᠍ᠲᠠᠭᠠᠯ᠎ᠢ ᠵᠦᠪᠰᠢᠶᠡᠷᠡᠭᠰᠡᠨ᠎ᠢᠶᠡᠷ ᠦᠵᠡᠨ᠎ᠡ᠃ ᠵᠣᠬᠢᠶᠠᠨ ᠪᠠᠢᠭᠤᠯᠬᠤ ᠺᠣᠮᠢᠰ ᠨᠢ ᠠᠵᠢᠯᠯᠠᠭ᠎ᠠ᠎ᠶ᠋ᠢᠨ ᠡᠴᠦᠰ᠎ᠦᠨ ᠲᠠᠢᠯᠪᠤᠷᠢᠯᠠᠬᠤ ᠡᠷᠬᠡ᠎ᠲᠡᠢ᠃

 

                                        ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠷᠠᠳᠢᠣ᠋ ᠺᠢᠨᠣ᠋ ᠲᠧᠯᠸᠢᠰ᠎ᠤᠨ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ

                                        2025 ᠣᠨ᠎ᠤ 11  ᠳ᠋ᠦ᠍ᠭᠡᠷ ᠰᠠᠷ᠎ᠠ᠎ᠶ᠋ᠢᠨ 24 ᠎ᠤ ᠡᠳᠦᠷ

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠦᠨ ᠣᠶᠣᠨ ᠎ᠤ ᠬᠦᠮᠤᠷᠭᠡ