2025 ᠣᠨ᠎ᠤ 11 ᠳ᠋ᠦ᠍ᠭᠡᠷ ᠰᠠᠷ᠎ᠠ᠎ᠶ᠋ᠢᠨ 17᠎ᠤ ᠡᠳᠦᠷ᠎ᠠᠴᠠ 20 ᠤ ᠡᠳᠦᠷ ᠂ 2025 ᠣᠨ᠎ᠤ ( 30 ᠳ᠋ᠤᠭᠠᠷ ᠬᠤᠭᠤᠴᠠᠭ᠎ᠠ ) ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ ᠪᠡᠭᠡᠵᠢᠩ᠎ᠳᠤ ᠶᠠᠪᠤᠭ᠍ᠳᠠᠪᠠ᠃ ᠲᠤᠰ ᠬᠤᠭᠤᠴᠠᠭᠠᠨ᠎ᠤ ᠤᠷᠤᠯᠳᠤᠭᠠᠨ᠎ᠨᠢ ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ᠎ᠦ ᠵᠠᠯᠭᠠᠭ᠎ᠠ᠎ᠪᠠᠷ ᠡᠷᠬᠢᠯᠡᠭᠰᠡᠨ30 ᠳ᠋ᠤᠭ᠋ᠠᠷ ᠵᠢᠯ ᠲᠠᠢ ᠶᠠᠭ ᠲᠠᠭ᠋ᠠᠷᠠᠵᠦ᠂ ᠮᠥᠨ ᠴᠦ᠍ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠪᠣᠯᠤᠨ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠠᠩᠬ᠎ᠠ ᠤᠳᠠᠭ᠎ᠠ ᠬᠠᠮᠲᠤᠷᠠᠨ ᠡᠷᠬᠢᠯᠡᠭ᠌ᠰᠡᠨ ᠶᠠᠪᠤᠳᠠᠯ ᠪᠣᠯᠤᠨ᠎ᠠ᠂ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃
ᠲᠣᠰ ᠤᠳᠠᠭᠠᠨ᠎ᠤ ᠱᠢᠢᠳᠪᠦᠷᠢᠲᠦ ᠤᠷᠤᠯᠳᠤᠭᠠᠨ᠎ᠳᠤ᠂ ᠡᠯ᠎ᠡ ᠨᠢᠭᠡᠴᠢ᠎ᠶ᠋ᠢᠨ ᠱᠠᠲᠦ ᠱᠠᠲᠦ᠎ᠪᠠᠷ ᠪᠤᠯᠪᠠᠰᠤᠷᠠᠭᠤᠯᠵᠤ᠂ ᠰᠣᠩᠭᠤᠨ ᠳᠡᠪᠰᠢᠭᠦᠯᠵᠦ᠂ ᠲᠠᠨᠢᠯᠴᠠᠭᠣᠯᠣᠭᠰᠠᠨ 150 ᠣᠷᠣᠯᠴᠠᠭᠴᠢᠳ ᠬᠤᠪᠢ ᠬᠥᠮᠦᠨ᠎ᠤ ᠤᠷᠤᠯᠳᠤᠭᠠᠨ᠎ᠳᠤ ᠣᠷᠣᠯᠴᠠᠵᠤ᠂ ᠡᠭᠦᠨ᠎ᠤ ᠳᠣᠲᠣᠷ᠎ᠠ᠂ ᠰᠦᠯᠵᠢᠶ᠎ᠡ ᠪᠠ ᠳ᠋ᠠᠢ᠌ᠲ᠋ᠠ᠎ᠶ᠋ᠢᠨ ᠠᠮᠤᠷ ᠲᠦᠪᠱᠢᠨ᠎ᠤ ᠲᠤᠰᠭᠠᠶ ᠮᠡᠷᠭᠡᠵᠢᠯ᠎ᠤᠨ 43 ᠬᠥᠮᠦᠨ᠂ IPTV ᠲᠤᠰᠭᠠᠶ ᠮᠡᠷᠭᠡᠵᠢᠯ᠎ᠤᠨ 34 ᠬᠥᠮᠦᠨ᠂ ᠳᠤᠮᠳᠠ ᠣᠬᠤᠷ ᠳᠣᠯᠭᠢᠶᠠᠨ᠎ᠤ ᠷᠠᠳᠢᠣ᠋ ᠨᠡᠪᠲᠡᠷᠡᠭᠦᠯᠭᠡ᠎ᠶ᠋ᠢᠨ ᠲᠤᠰᠭᠠᠶ ᠮᠡᠷᠭᠡᠵᠢᠯ᠎ᠤᠨ 36 ᠬᠥᠮᠦᠨ᠂ ᠰᠡᠯᠭᠦᠭᠡ ᠳᠠᠪᠲᠠᠮᠵᠢ ᠪᠠ ᠲᠧᠯᠸᠢᠰ ᠷᠠᠳᠢᠣ᠋ ᠨᠡᠪᠲᠡᠷᠡᠭᠦᠯᠭᠡ᠎ᠶ᠋ᠢᠨ ᠲᠤᠰᠭᠠᠶ ᠮᠡᠷᠭᠡᠵᠢᠯ᠎ᠤᠨ 37 ᠬᠥᠮᠦᠨ ᠪᠣᠶ; ᠨᠡᠢᠲᠡ 40 ᠮᠤᠵᠢ᠎ᠶ᠋ᠢᠨ ᠱᠠᠲᠤᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠠ ᠬᠤᠯᠪᠣᠭ᠍ᠳᠠᠯ ᠪᠥᠬᠦᠶ ᠨᠢᠭᠡᠴᠢ ᠬᠠᠮᠲᠤ᠎ᠶ᠋ᠢᠨ ᠤᠷᠤᠯᠳᠤᠭᠠᠨ᠎ᠤ ᠬᠢᠷᠢ ᠬᠡᠮ᠎ᠢ ᠭᠥᠷᠳᠡᠪᠡ᠃ ᠴᠢᠩᠭ᠎ᠠ ᠣᠨᠣᠯ ᠪᠠ ᠤᠷ᠎ᠠ ᠴᠢᠳᠠᠪᠤᠷᠢ᠎ᠶ᠋ᠢᠨ ᠬᠢᠨᠠᠨ ᠱᠢᠯᠭᠠᠯᠲᠠ᠎ᠪᠠᠷ ᠳᠡᠮᠵᠢᠨ᠂ ᠨᠡᠢᠲᠡ 132 ᠣᠷᠣᠯᠴᠠᠭᠴᠢᠳ ᠱᠢᠢᠳᠪᠦᠷᠢᠲᠦ ᠤᠷᠤᠯᠳᠤᠭᠠᠨ᠎ᠤ ᠬᠤᠪᠢ ᠬᠥᠮᠦᠨ᠎ᠤ ᠱᠠᠩᠨᠠᠯ ᠭᠥᠷᠳᠡᠪᠡ᠃ ᠡᠭᠦᠨ᠎ᠳᠤ᠂ ᠱᠢᠤᠸᠠᠢ ᠪᠢᠨ᠂ ᠱᠢᠶᠧ ᠾᠧ ᠱᠢᠨ᠂ ᠵᠦ᠍ ᠳ᠋ᠧ ᠵᠢᠶᠠᠨ᠂ ᠴᠧᠨ ᠬᠤᠤ ᠸᠧᠨ ᠵᠡᠷᠭᠡ 15 ᠣᠷᠣᠯᠴᠠᠭᠴᠢᠳ ᠬᠤᠪᠢ ᠬᠥᠮᠦᠨ᠎ᠤ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ ᠸᠠᠩ᠎ᠶ᠋ᠢᠨ ᠶᠦᠩ᠂ ᠴᠧᠨ ᠴᠧᠨ᠂ ᠯᠢ ᠱᠢᠤᠸᠠᠢ ᠯᠢᠩ᠂ ᠵᠣᠣ ᠴᠢᠩ ᠰᠥᠩ ᠵᠡᠷᠭᠡ 44 ᠣᠷᠣᠯᠴᠠᠭᠴᠢᠳ ᠬᠤᠪᠢ ᠬᠥᠮᠦᠨ᠎ᠤ ᠬᠤᠶᠠᠳᠤᠭᠠᠷ ᠳᠡᠰ᠎ᠤᠨ ᠱᠠᠩᠨᠠᠯ ᠭᠥᠷᠳᠡᠵᠦ᠍᠂ ᠶᠠᠨ ᠵᠢᠶᠠᠩ᠂ ᠮᠠ ᡁᠢ ᠴᠢᠨ᠂ ᠱᠢᠤᠢ ᠷᠦᠨ ᠯᠢᠨ᠂ ᠯᠢᠶᠠᠩ ᠵᠦᠩ ᠬᠤᠸᠠ ᠵᠡᠷᠭᠡ 73 ᠣᠷᠣᠯᠴᠠᠭᠴᠢᠳ ᠬᠤᠪᠢ ᠬᠥᠮᠦᠨ᠎ᠤ ᠭᠤᠷᠪᠠᠳᠤᠭᠠᠷ ᠳᠡᠰ᠎ᠤᠨ ᠱᠠᠩᠨᠠᠯ ᠭᠥᠷᠳᠡᠪᠡ ( ᠨᠡᠷᠡᠰ᠎ᠢ ᠳᠠᠭᠠᠯᠳᠤᠭᠤᠯᠤᠯ 1 ᠳᠤ ᠦᠵᠡᠭᠡᠷᠡᠢ )᠃ ᠶᠡᠷᠦᠩᠬᠡᠢᠯᠡᠭ᠌ᠰᠡᠨ ᠱᠢᠯᠭᠠᠷᠠᠭᠤᠯᠤᠯᠲᠠ᠎ᠪᠠᠷ ᠳᠡᠮᠵᠢᠨ᠂ ᠨᠡᠢᠲᠡ 29 ᠨᠢᠭᠡᠴᠢ ᠱᠢᠢᠳᠪᠦᠷᠢᠲᠦ ᠤᠷᠤᠯᠳᠤᠭᠠᠨ᠎ᠤ ᠬᠠᠮᠲᠦ᠎ᠶᠢᠨ ᠱᠠᠩᠨᠠᠯ ᠭᠥᠷᠳᠡᠵᠦ᠍᠂ ᠡᠭᠦᠨ᠎ᠳᠤ ᠵᠧᠵᠢᠶᠠᠩ ᠮᠤᠵᠢ᠎ᠶ᠋ᠢᠨ ᠰᠣᠶᠣᠯ ᠷᠠᠳᠢᠣ᠋ ᠲᠧᠯᠸᠢᠰ ᠪᠠ ᠵᠢᠭᠤᠯᠴᠢᠯᠠᠯ᠎ᠤᠨ ᠲᠢᠩᠬᠢᠮ ᠵᠡᠷᠭᠡ 13 ᠨᠢᠭᠡᠴᠢ ᠬᠠᠮᠲᠦ᠎ᠶᠢᠨ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ ᠬᠤᠨᠠᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ 16 ᠨᠢᠭᠡᠴᠢ ᠬᠠᠮᠲᠦ᠎ᠶᠢᠨ ᠬᠤᠶᠠᠳᠤᠭᠠᠷ ᠳᠡᠰ᠎ᠤᠨ ᠱᠠᠩᠨᠠᠯ ᠭᠥᠷᠳᠡᠪᠡ ( ᠨᠡᠷᠡᠰ᠎ᠢ ᠳᠠᠭᠠᠯᠳᠤᠭᠤᠯᠤᠯ 2 ᠲᠤ ᠦᠵᠡᠭᠡᠷᠡᠢ) ᠃
《 ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ᠎ᠤ ᠠᠷᠭ᠎ᠠ 》 ( ᠷᠠᠳᠢᠣ᠋ ᠲᠧᠯᠸᠢᠰ ᠲᠠᠷᠬᠠᠭᠠᠭ᠍ᠰᠠᠨ [ 2022 ] 35 ᠳ᠋ᠤᠭᠠᠷ ᠲᠣᠭᠠᠲᠤ )᠂ 《 2025 ᠣᠨ᠎ᠤ ( 30 ᠳ᠋ᠤᠭᠠᠷ ᠬᠤᠭᠤᠴᠠᠭ᠎ᠠ ) ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ᠎ᠢ ᠡᠷᠭᠢᠯᠡᠬᠦ᠌ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠳᠤᠮᠳᠠᠳᠤ᠎ᠶ᠋ᠢᠨ ᠪᠥᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠤᠨ ᠲᠤᠬᠠᠶ ᠮᠡᠳᠡᠭ᠌ᠳᠡᠯ 》 ( ᠷᠠᠳᠢᠣ᠋ ᠲᠧᠯᠸᠢᠰ ᠲᠠᠷᠬᠠᠭᠠᠭ᠍ᠰᠠᠨ [ 2025 ] 37 ᠳ᠋ᠤᠭᠠᠷ ᠲᠣᠭᠠᠲᠤ )᠎ᠢ ᠦᠨᠳᠦᠰᠦᠯᠡᠨ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠂ ᠳᠤᠮᠳᠠᠳᠤ᠎ᠶ᠋ᠢᠨ ᠪᠥᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠠᠴᠠ ᠲᠣᠭᠲᠠᠭ᠋ᠠᠭᠰᠠᠨ ᠨᠢ᠄ ᠲᠤᠰ ᠬᠤᠭᠤᠴᠠᠭᠠᠨ᠎ᠤ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ᠎ᠤ ᠬᠤᠪᠢ ᠬᠥᠮᠦᠨ᠎ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ᠎ᠤᠨ ᠱᠠᠩᠨᠠᠯ᠎ᠢ ᠬᠦᠷᠲᠡᠭ᠌ᠰᠡᠨ 132 ᠣᠷᠣᠯᠴᠠᠭᠴᠢᠳ᠎ᠳᠤ ᠱᠠᠩᠨᠠᠯ ᠣᠯᠤᠭ᠍ᠰᠠᠨ ᠦᠨᠡᠮᠯᠡᠯ ᠣᠯᠭᠣᠬᠤ ᠪᠥᠭᠡᠳ ᠨᠢᠭᠡᠳᠦᠭᠡᠷ ᠳᠡᠰ᠎ᠤᠨ ᠱᠠᠩᠨᠠᠯ ᠣᠯᠤᠭ᠍ᠰᠠᠨ 15 ᠣᠷᠣᠯᠴᠠᠭᠴᠢᠳ᠎ᠳᠤ ᠠᠷᠠᠳ᠎ᠤᠨ ᠵᠣᠭᠤᠰ᠎ᠤᠨ 2000 ᠲᠥᠭᠦᠷᠢᠭ᠎ᠤᠨ ᠱᠠᠩᠨᠠᠯ ᠣᠯᠭᠣᠨ᠎ᠠ; ᠲᠤᠰ ᠬᠤᠭᠤᠴᠠᠭᠠᠨ᠎ᠤ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ᠎ᠤ ᠬᠠᠮᠲᠦ᠎ᠶᠢᠨ ᠨᠢᠭᠡᠳᠦᠭᠡᠷ᠂ ᠬᠤᠶᠠᠳᠤᠭᠠᠷ ᠳᠡᠰ᠎ᠤᠨ ᠱᠠᠩᠨᠠᠯ᠎ᠢ ᠬᠦᠷᠲᠡᠭ᠌ᠰᠡᠨ 29 ᠨᠢᠭᠡᠴᠢ᠎ᠳᠤ ᠱᠠᠩᠨᠠᠯ ᠤᠯᠤᠭᠰᠠᠨ ᠦᠨᠡᠮᠯᠡᠯ ᠣᠯᠭᠣᠨ᠎ᠠ᠃
ᠱᠠᠩᠨᠠᠯ ᠬᠦᠷᠲᠡᠭ᠌ᠴᠢᠳ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠢᠷᠠᠭᠤ ᠠᠯᠳᠠᠷ᠎ᠢᠶᠠᠨ ᠨᠠᠨᠳᠢᠩᠨᠠᠵᠤ᠂ ᠦᠷᠭᠦᠯᠵᠢᠯᠡᠨ ᠲᠡᠮᠡᠴᠡᠵᠦ᠍᠂ 《 ᠥᠨᠥᠳᠥᠷ᠎ᠦᠨ ᠦᠵᠡᠮᠵᠢ 》 ᠳᠤ ᠰᠠᠭᠤᠷᠢᠯᠠᠵᠤ᠂ 《 ᠮᠠᠷᠭᠠᠰᠢ ᠶ᠋ᠢᠨ ᠠᠶᠠᠯᠠᠯ 》 ᠳᠤ ᠬᠤᠢ᠌ᠭᠤᠷᠰᠢᠬᠤ ᠦᠭᠡᠢ᠂ ᠠᠵᠢᠯ ᠲᠦᠷᠦᠯ᠎ᠤᠨ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠤᠢᠵᠢᠭᠤᠯᠬᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ᠃ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠰᠠᠯᠠᠭ᠎ᠠ ᠮᠥᠴᠢᠷ᠎ᠤᠨ᠎ᠬᠢᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠠᠷᠭ᠎ᠠ ᠵᠠᠮ᠎ᠢ ᠱᠢᠯᠤᠭᠤᠳᠭᠠᠵᠤ᠂ ᠴᠢᠳᠠᠪᠤᠷᠢᠲᠠᠨ᠎ᠤ ᠦᠰᠦᠨ ᠪᠤᠢᠵᠢᠬᠤ᠎ᠳᠤ ᠠᠱᠢᠭ᠍ᠲᠠᠢ ᠬᠥᠮᠦᠵᠢᠭᠦᠯᠬᠦ᠌ ᠲᠣᠭ᠍ᠲᠠᠴᠠ᠂ ᠴᠢᠳᠠᠪᠤᠷᠢᠲᠠᠨ᠎ᠤ ᠥᠪᠡᠷ ᠥᠪᠡᠷ᠎ᠤᠨ ᠴᠢᠳᠠᠪᠤᠷᠢ᠎ᠪᠠᠨ ᠪᠠᠳᠠᠷᠠᠭᠤᠯᠬᠤ᠎ᠳᠤ ᠠᠱᠢᠭ᠍ᠲᠠᠢ ᠬᠡᠷᠡᠭ᠌ᠯᠡᠭᠡᠨ᠎ᠤ ᠲᠣᠭ᠍ᠲᠠᠴᠠ᠂ ᠴᠢᠳᠠᠪᠤᠷᠢᠲᠠᠨ᠎ᠤ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠥᠷᠢᠰᠦᠯᠳᠦᠨ ᠪᠠᠳᠠᠷᠠᠬᠤ᠎ᠳᠤ ᠠᠱᠢᠭ᠍ᠲᠠᠢ ᠤᠷᠮᠠᠱᠢᠭᠤᠯᠬᠤ ᠲᠣᠭ᠍ᠲᠠᠴᠠ᠎ᠶ᠋ᠢ ᠲᠦᠷᠭᠡᠨ ᠪᠦᠷᠢᠯᠳᠦᠭᠦᠯᠵᠦ᠍᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ ᠬᠤᠪᠢᠯᠭᠠᠨ ᠣᠷᠣᠨ᠎ᠳᠤ ᠬᠣᠷᠠᠨ ᠴᠣᠭᠯᠠᠷᠠᠵᠤ᠂ ᠲᠦᠮᠡᠨ ᠲᠦᠷᠦᠯ᠎ᠤᠨ ᠬᠢᠷᠠᠭᠤ᠎ᠲᠦ ᠡᠳᠦᠷ ᠡᠷᠬᠡ ᠴᠢᠯᠥᠭᠡ ᠲᠠᠢ ᠦᠷᠢᠰᠦᠯᠳᠦᠬᠦ ᠰᠢᠨ᠎ᠡ᠎ᠶ᠋ᠢ ᠡᠭᠦᠳᠬᠦ᠌ ᠪᠠᠢᠳᠠᠯ᠎ᠢ ᠲᠠᠰᠤᠷᠠᠯᠳᠠ ᠦᠭᠡᠢ ᠪᠦᠷᠢᠯᠳᠦᠭᠦᠯᠬᠦ᠌᠎ᠶ᠋ᠢ ᠬᠦᠰᠡᠵᠦ᠍ ᠪᠠᠢᠨ᠎ᠠ᠃
ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠠᠵᠢᠯ ᠲᠦᠷᠦᠯ᠎ᠤᠨ᠎ᠬᠢᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠣᠭᠣᠰᠢᠯᠠᠭᠣᠯᠵᠣ᠂ 《 ᠬᠤᠶᠠᠷ ᠭᠤᠷᠪᠠ ᠳᠥᠷᠪᠡ 》 ᠶ᠋ᠢᠨ ᠠᠵᠢᠯ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠨᠡᠩ ᠤᠯᠠᠨ 《 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ᠂ ᠭᠠᠷᠮᠠᠭᠠᠢ ᠢᠨᠵᠧᠨᠧᠷ᠂ ᠲᠤᠮᠤ ᠤᠯᠤᠰ᠎ᠤᠨ ᠤᠷᠠᠨ ᠳᠠᠷᠬᠠᠨ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ 》 ᠢ ᠴᠢᠷᠮᠠᠢᠨ ᠬᠥᠮᠦᠵᠢᠭᠦᠯᠵᠦ᠍᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠲᠦᠷᠭᠡᠨ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃










