《 ᠪᠢ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ ᠲᠠᠢ ᠤᠷᠤᠯᠳᠤᠬᠤ 》ᠭᠤᠤᠯ ᠰᠡᠳᠦᠪᠲᠦ ᠡᠬᠡ ᠪᠢᠴᠢᠭ ᠡᠯᠰᠡᠭ᠌ᠰᠡᠨ᠎ᠤ ᠱᠢᠯᠢᠳᠡᠭ ᠪᠦᠲᠦᠭᠡᠯ᠎ᠤᠨ ᠪᠠᠢ᠌ᠳᠠᠯ᠎ᠤᠨ ᠲᠤᠬᠠᠶ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠮᠡᠳᠡᠭᠡᠯᠡᠯ
2025-11-25

ᠶᠡᠷᠦᠩᠬᠡᠶ ᠱᠦᠵᠢ ᠰᠢ᠎ᠶ᠋ᠢᠨ ᠫᠢᠩ᠎ᠤᠨ 《 ᠤᠯᠤᠰ᠎ᠤᠨ ᠢᠨᠵᠧᠨᠧᠷ᠎ᠤᠨ ᠱᠠᠩᠨᠠᠯ 》᠎ᠢ ᠠᠩᠬ᠎ᠠ ᠤᠳᠠᠭ᠎ᠠ ᠱᠢᠯᠭᠠᠷᠠᠭᠤᠯᠤᠨ ᠬᠥᠬᠢᠭᠦᠯᠬᠦ᠌ ᠲᠠᠱᠢᠷᠠᠮ᠎ᠳᠤ ᠭᠠᠷᠭᠠᠭ᠍ᠰᠠᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ᠎ᠤ ᠤᠷᠢᠶᠠᠯᠠᠬᠤ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ 《 ᠴᠢᠳᠠᠪᠤᠷᠢᠲᠠᠨ᠎ᠢ ᠬᠦᠨᠳᠦᠳᠭᠡᠬᠦ᠂ ᠮᠡᠷᠭᠡᠵᠢᠯ᠎ᠢ ᠡᠷᠬᠢᠮᠯᠡᠬᠦ᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ 》 ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠠᠵᠢᠯ ᠲᠥᠷᠥᠯ᠎ᠤᠨ ᠮᠡᠷᠭᠡᠵᠢᠯ᠎ᠤᠨ ᠠᠵᠢᠯᠲᠠᠨ᠎ᠤ 《 ᠱᠢᠨ᠎ᠡ ᠠᠶᠠᠨ ᠵᠠᠮ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠬᠤ 》᠎ᠶ᠋ᠢ ᠵᠣᠷᠢᠭᠵᠢᠭᠤᠯᠬᠤ᠎ᠶᠢᠨ ᠲᠥᠯᠥᠭᠡ᠂ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ ᠡᠷᠬᠢᠯᠡᠭᠰᠡᠨ 30 ᠵᠢᠯ᠎ᠤᠨ ᠲᠠᠱᠢᠷᠠᠮ᠎ᠢᠶᠠᠷ᠂ ᠪᠦᠬᠦ᠌ ᠱᠢᠰᠲ᠋ᠧᠮ᠎ᠦᠨ ᠺᠠᠳ᠋ᠷ ᠠᠵᠢᠯᠲᠠᠨ ᠠᠵᠢᠯᠴᠢᠨ᠎ᠳᠤ ᠬᠠᠨᠳᠤᠭᠤᠯᠤᠨ 《 ᠪᠢ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨᠲᠠᠢ ᠤᠷᠤᠯᠳᠤᠬᠤ 》 ᠭᠣᠣᠯ ᠰᠡᠳᠦᠪᠲᠦ ᠡᠬᠡ ᠪᠢᠴᠢᠭ ᠡᠯᠰᠡᠬᠦ᠌ ᠠᠵᠢᠯᠯᠠᠭ᠎ᠠ ᠥᠷᠨᠢᠭᠥᠯᠪᠡ᠃ 

ᠠᠵᠢᠯᠯᠠᠭ᠎ᠠ᠎ᠨᠢ ᠡᠯ᠎ᠡ ᠨᠢᠭᠡᠴᠢ ᠪᠣᠯᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ ᠢᠳᠡᠪᠬᠢᠲᠡᠶ ᠠᠶᠠᠳᠠᠯ᠎ᠢ ᠣᠯᠣᠭᠰᠠᠨ᠎ᠤ ᠬᠠᠮᠲᠤ ᠢᠳᠡᠪᠬᠢᠲᠡᠶ᠎ᠪᠠᠷ ᠡᠬᠡ ᠪᠢᠴᠢᠭ ᠥᠭ᠌ᠴᠦ᠂ ᠡᠬᠡ ᠪᠢᠴᠢᠭ ᠥᠭ᠌ᠬᠦ ᠡᠳᠦᠷ ᠳᠡᠭᠥᠰᠭᠥ ᠪᠣᠯᠲᠠᠯ᠎ᠠ᠂ ᠨᠡᠢᠲᠡ ᠱᠠᠭᠠᠷᠳᠠᠯᠭ᠎ᠠ ᠎ᠳᠤ ᠨᠡᠢᠴᠡᠭ᠌ᠰᠡᠨ 267 ᠬᠤᠪᠢ ᠡᠬᠡ ᠪᠢᠴᠢᠭ᠎ᠢ ᠣᠯᠤᠭ᠍ᠰᠠᠨ ᠪᠠᠢᠨ᠎ᠠ᠃ ᠡᠯᠡᠰᠦᠨ ᠡᠬᠡ ᠪᠢᠴᠢᠭ ᠨᠢ ᠣᠯᠠᠨ ᠬᠡᠮᠵᠢᠯ᠎ᠡᠴᠡ᠂ ᠪᠦᠬᠦ᠌ ᠲᠠᠯ᠎ᠠ᠎ᠠᠴᠠ ᠪᠦᠬᠦ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ ᠡᠷᠬᠢᠯᠡᠭ᠌ᠰᠡᠨ 30 ᠵᠢᠯ᠎ᠤᠨ ᠲᠤᠷᠰᠢ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠮᠡᠷᠭᠡᠵᠢᠯ᠎ᠤᠨ ᠠᠵᠢᠯᠲᠠᠨ᠎ᠤ ᠤᠷ᠎ᠠ ᠴᠢᠳᠠᠪᠤᠷᠢ᠎ᠪᠠᠨ ᠮᠥᠷᠥᠢ᠌ᠴᠡᠨ᠂ ᠡᠷᠡᠰ ᠵᠣᠷᠢᠭ᠍ᠯᠠᠨ ᠣᠷᠣᠭ᠍ᠰᠢᠯᠠᠨ ᠲᠠᠪᠰᠢᠵᠤ᠂ ᠨᠤᠭᠤᠷᠠᠰᠢ ᠦᠭᠡᠢ ᠲᠡᠮᠡᠴᠡᠭ᠌ᠰᠡᠨ ᠰᠡᠳᠭᠢᠯ ᠬᠥᠳᠡᠯᠭᠡᠮ᠎ᠡ ᠦᠯᠢᠭᠡᠷ᠎ᠢ ᠲᠣᠭ᠋ᠠᠴᠢᠵᠤ᠂ ᠪᠣᠷᠣᠭ᠍ᠵᠢᠭᠤᠨ ᠦᠰᠦᠭ ᠪᠢᠴᠢᠭ᠎ᠢᠶᠠᠷ ᠨᠠᠮ᠎ᠳᠤ᠎ᠪᠠᠨ ᠲᠦᠢᠯ᠎ᠤᠨ ᠦᠨᠡᠨᠴᠢ ᠱᠢᠳᠤᠷᠭᠤ ᠪᠠᠢ᠌ᠬᠤ ᠪᠠ ᠷᠠᠳᠢᠣ᠋ ᠲᠧᠯᠸᠢᠰ᠎ᠤᠨ ᠦᠢᠯᠡᠰ᠎ᠲᠤ ᠬᠢᠵᠠᠭᠠᠯᠠᠰᠢ ᠦᠭᠡᠢ ᠬᠠᠢᠷ᠎ᠠ  ᠪᠠᠢ᠌ᠬᠤ᠎ᠪᠠᠨ ᠢᠯᠡᠳᠭᠡᠵᠦ᠍᠂ ᠤᠷᠤᠯᠳᠤᠭᠠᠨ᠎ᠤ 《 ᠵᠢᠵᠢᠭ ᠣᠭ᠍ᠲᠣᠯᠣᠭᠠᠰᠣ 》᠎ᠪᠠᠷ 30 ᠵᠢᠯ᠎ᠤᠨ ᠲᠤᠷᠱᠢᠬᠢ ᠷᠠᠳᠢᠣ᠋ ᠲᠧᠯᠸᠢᠰ᠎ᠤᠨ ᠦᠢᠯᠡᠰ᠎ᠤᠨ ᠬᠥᠭ᠌ᠵᠢᠯᠲᠡ᠎ᠶ᠋ᠢᠨ 《 ᠶᠡᠭᠡ ᠴᠠᠭ ᠦᠶ᠎ᠡ 》᠎ᠶ᠋ᠢ ᠲᠤᠰᠭᠠᠵᠠᠢ᠃ ᠴᠢᠩᠭ᠎ᠠ ᠱᠢᠯᠢᠨ ᠰᠣᠩᠭᠣᠵᠣ᠂ ᠬᠢᠨᠠᠨ ᠲᠣᠭ᠍ᠲᠠᠭᠠᠬᠤ᠎ᠪᠠᠷ ᠳᠡᠮᠵᠢᠨ᠂ ᠡᠴᠦᠰ ᠎ᠲᠤ᠎ᠪᠠᠨ 30 ᠱᠢᠯᠢᠳᠡᠭ ᠪᠦᠲᠦᠭᠡᠯ᠎ᠢ ᠱᠢᠯᠢᠨ ᠰᠣᠩᠭᠣᠵᠣ ᠭᠠᠷᠭᠠᠪᠠ᠃ ᠡᠳᠦᠭᠡ ᠱᠢᠯᠢᠳᠡᠭ ᠵᠣᠬᠢᠶᠠᠯ ᠪᠦᠲᠦᠭᠡᠯ᠎ᠦᠨ ᠨᠡᠷᠡᠰ᠎ᠢ ᠨᠡᠢᠲᠡᠯᠡᠶ᠎ᠡ  ( ᠨᠡᠷᠡᠰ᠎ᠤᠨ ᠵᠢᠭ᠍ᠰᠠᠭᠠᠯᠲᠠ᠎ᠨᠢ ᠡᠮᠦᠨ᠎ᠡ ᠬᠤᠢᠨ᠎ᠠ ᠶ᠋ᠢᠨ ᠢᠯᠭᠠᠯ ᠦᠭᠡᠢ )᠃

ᠪᠦᠬᠦ᠌ ᠠᠵᠢᠯ ᠲᠥᠷᠥᠯ᠎ᠤᠨ ᠮᠡᠷᠭᠡᠵᠢᠯ᠎ᠤᠨ ᠠᠵᠢᠯᠲᠠᠳ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《 ᠬᠤᠶᠠᠷ  ᠭᠤᠷᠪᠠ ᠲᠥᠷᠪᠡ 》 ᠶ᠋ᠢᠨ ᠠᠵᠢᠯ᠎ᠤᠨ ᠪᠠᠢ᠌ᠷᠢ ᠶ᠋ᠢᠨ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠭᠤᠷᠪᠠᠨ ᠶᠡᠭᠡ ᠠᠵᠢᠯ᠎ᠤᠨ ᠴᠢᠭ᠌ᠯᠡᠯ᠎ᠢ ᠲᠣᠭ᠍ᠲᠠᠭᠠᠵᠤ᠂ 《 ᠦᠨᠡᠨᠴᠢ ᠱᠢᠳᠤᠷᠭᠤ᠎ᠪᠠᠷ ᠤᠯᠤᠰ᠎ᠲᠤ᠎ᠪᠠᠨ ᠵᠢᠳᠬᠦᠬᠦ᠂ ᠠᠷᠠᠳ ᠲᠦᠮᠡᠨ᠎ᠳᠤ ᠦᠢᠯᠡᠴᠢᠯᠡᠬᠦ᠂ ᠦᠢᠯᠡᠰ᠎ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ᠌ 》᠎ᠪᠠᠷ ᠥᠷᠲᠡᠭ᠎ᠤᠨ ᠬᠥᠭᠡᠭᠡᠴᠡᠯᠳᠦᠯ᠎ᠢᠶᠠᠨ ᠪᠣᠯᠭᠠᠬᠤ ᠬᠡᠷᠡᠭ᠌ᠲᠡᠶ; 《 ᠴᠢᠩᠭ᠎ᠠ ᠨᠢᠮᠪᠠᠢ ᠦᠨᠡᠨ ᠪᠣᠲᠠᠲᠠᠢ᠂ ᠪᠦᠯᠬᠦᠮᠳᠡᠨ ᠬᠠᠮᠵᠢᠯᠴᠠᠵᠤ᠂ ᠨᠢᠭ᠍ᠲᠠ᠎ᠠᠴᠠ ᠨᠢᠭ᠍ᠲᠠ ᠪᠠᠢᠬᠤ 》᠎ᠪᠠᠷ ᠦᠢᠯᠡᠳᠦᠯᠭᠡ᠎ᠶ᠋ᠢᠨ ᠣᠢᠯᠠᠭᠠᠭ᠍ᠳᠠᠬᠤᠨ ᠪᠣᠯᠭᠠᠬᠤ ᠬᠡᠷᠡᠭ᠌ᠲᠡᠢ; 《 ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠂ ᠵᠣᠷᠢᠭ᠍ᠲᠠᠶ᠎ᠪᠠᠷ ᠱᠢᠪᠲᠤᠯᠤᠯᠲᠠ ᠬᠢᠬᠦ᠂ ᠭᠠᠷᠮᠠᠭᠠᠶ ᠎ᠳᠦ ᠬᠦᠷᠬᠦ᠌ 》᠎ᠪᠠᠷ ᠰᠡᠳᠭᠢᠬᠦᠶ᠎ᠶ᠋ᠢᠨ ᠬᠡᠯᠪᠡᠷᠢ ᠪᠣᠯᠭᠠᠭ᠍ᠰᠠᠨ ᠷᠠᠳᠢᠣ᠋ ᠲᠧᠯᠸᠢᠰ᠎ᠤᠨ ᠦᠵᠡᠵᠦ᠍ ᠰᠣᠨᠣᠰᠬᠤ《 ᠢᠨᠵᠧᠨᠧᠷ᠎ᠤᠨ ᠰᠣᠶᠣᠯ 》 ᠪᠣᠯᠤᠨ 《 ᠤᠷᠠᠨ ᠳᠠᠷᠬᠠᠨ᠎ᠤ ᠵᠣᠷᠢᠭ ᠰᠠᠨᠠᠭ᠎ᠠ 》 ᠪᠣᠯᠭ᠋ᠠᠨ᠂ ᠲᠤᠬᠠᠢᠯᠠᠭ᠍ᠰᠠᠨ ᠠᠵᠢᠯ᠎ᠢᠶᠠᠨ ᠱᠢᠷᠭᠠᠭᠤ ᠬᠠᠲᠠᠭᠤᠵᠢᠯᠲᠠᠶ ᠰᠤᠳᠤᠯᠵᠤ᠂ ᠮᠡᠷᠭᠡᠵᠢᠯ᠎ᠦᠨ ᠨᠣᠶᠠᠨ ᠣᠷᠭᠢᠯ᠎ᠳᠤ ᠦᠨᠢᠲᠡ ᠮᠠᠴᠤᠵᠦ᠍᠂ ᠱᠢᠨ᠎ᠡ ᠬᠦᠷᠢᠶ᠎ᠡ ᠴᠠᠷᠠᠭ᠎ᠠ᠂ ᠱᠢᠨ᠎ᠡ ᠤᠷᠤᠯᠳᠤᠭᠠᠨ᠎ᠤ ᠵᠠᠮ᠎ᠢ ᠲᠠᠰᠤᠷᠠᠯᠲᠠ ᠥᠬᠡᠶ ᠨᠡᠭᠡᠭᠡᠵᠦ᠍᠂ ᠱᠢᠨ᠎ᠡ ᠬᠥᠳᠡᠯᠭᠡᠬᠦ᠌ ᠡᠨᠧᠷᠭᠢ᠂ ᠱᠢᠨ᠎ᠡ ᠳᠠᠪᠠᠭᠤᠯᠢᠭ᠎ᠢ ᠪᠣᠶ ᠪᠣᠯᠭᠠᠵᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠴᠢᠨᠠᠷ ᠰᠠᠢᠲᠠᠶ ᠬᠥᠭ᠌ᠵᠢᠯᠲᠡ᠎ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ