ᠭᠧ ᠬᠤᠸᠠ ᠤᠲᠠᠰᠤᠲᠤ ᠬᠡᠳᠦ ᠦᠨᠳᠦᠷ ᠳᠣᠲᠣᠷᠠᠴᠠᠲᠤ ᠬᠠᠪᠴᠢᠭᠤᠯᠬᠤ ᠮᠠᠶᠢᠭ᠎ᠤᠨ ᠪᠢᠴᠢᠯ ᠬᠡᠯᠪᠡᠷᠢ᠎ᠶ᠋ᠢᠨ ᠲᠸᠯᠸᠢᠰ᠎ᠦᠨ ᠳᠠᠪᠲᠠᠮᠵᠢ ᠬᠦᠯᠢᠶᠡᠭᠦᠷ ᠎ᠦᠨ ᠳᠡᠯᠭᠡᠷᠡᠭᠥᠯᠥᠯᠲᠡ 10 ᠲᠦᠮᠡᠨ ᠦᠵᠦᠭᠦᠷᠯᠢᠭ᠎ᠢ ᠳᠠᠪᠠᠪᠠ
2025-12-10

ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠧᠯᠸᠢᠰ᠎ᠤᠨ ᠠᠵᠢᠯᠯᠠᠭ᠎ᠠ᠎ᠶᠢᠨ ᠪᠤᠳᠤᠯᠢᠶᠠᠨᠲᠠᠶ᠎ᠶᠢ ᠵᠠᠰᠠᠬᠤ᠂ 《 ᠬᠡᠲᠦ ᠥᠨᠳᠥᠷ ᠳᠣᠲᠣᠷᠠᠴᠠᠲᠣ ᠬᠥᠭ᠌ᠵᠢᠯᠲᠡ᠎ᠶ᠋ᠢᠨ ᠣᠨ 》 ᠵᠢᠴᠢ 《  ᠳᠤᠮᠳᠠᠳᠤ ᠤᠯᠤᠰ ( ᠪᠡᠭᠡᠵᠢᠩ ) ᠎ᠤᠨ ᠬᠡᠲᠦ ᠦᠨᠳᠣᠷ ᠳᠣᠲᠣᠷᠠᠴᠠᠲᠣ ᠲᠧᠯᠸᠢᠰ᠎ᠤᠨ ᠬᠤᠱᠢᠭᠤᠴᠢ ᠠᠵᠢᠯᠯᠠᠭᠠᠨ᠎ᠤ ᠲᠥᠯᠥᠪᠯᠡᠭᠡ 》᠎ᠶ᠋ᠢᠨ ᠠᠵᠢᠯ᠎ᠤᠨ ᠱᠠᠭᠠᠷᠳᠠᠯᠭ᠎ᠠ᠎ᠶ᠋ᠢ ᠲᠣᠭᠣᠰᠢᠭᠣᠯᠣᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠪᠦᠯᠦᠭ᠌ᠯᠡᠯ ᠪᠠ ᠪᠡᠭᠡᠵᠢᠩ ᠬᠤᠲᠠ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠵᠢᠯᠣᠭᠤᠳᠣᠯᠭ᠎ᠠ ᠳᠣᠤᠷ᠎ᠠ᠂ ᠭᠧ ᠬᠤᠸᠠ ᠤᠲᠠᠰᠤᠲᠤ ᠬᠡᠳᠦ ᠦᠨᠳᠦᠷ ᠳᠣᠲᠣᠷᠠᠴᠠᠲᠤ ᠲᠸᠯᠸᠢᠰ᠎ᠦᠨ ᠳᠠᠪᠲᠠᠮᠵᠢ ᠬᠦᠯᠢᠶᠡᠭᠦᠷ᠎ᠦᠨ ᠳᠡᠯᠭᠡᠷᠡᠭᠦᠯᠬᠦ᠌ ᠠᠵᠢᠯ᠎ᠢ ᠪᠥᠬᠦ᠌ ᠬᠦᠴᠦᠨ᠎ᠢᠶᠠᠷ᠎ᠢᠶᠠᠨ ᠳᠥᠯᠭᠢᠨ ᠠᠬᠢᠭᠤᠯᠵᠤ᠂ ᠱᠠᠲᠤ ᠦᠶ᠎ᠡ᠎ᠶ᠋ᠢᠨ ᠴᠢᠨᠠᠷᠲᠠᠶ ᠢᠯᠡᠳᠲᠡ ᠠᠬᠢᠴᠠ᠎ᠶᠢ ᠣᠯᠪᠠ᠃ 2025 ᠣᠨ᠎ᠤ 11 ᠳ᠋ᠦ᠍ᠭᠡᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠭᠧ ᠬᠤᠸᠠ ᠤᠲᠠᠰᠤᠲᠤ ᠵᠢᠯ᠎ᠤᠨ ᠳᠣᠲᠣᠷ᠎ᠠ 45 ᠲᠦᠮᠡ ᠭᠠᠷᠤᠶ ᠦᠵᠦᠭᠦᠷᠯᠢᠭ᠎ᠦᠨ ᠦᠨᠳᠦᠷ ᠳᠣᠲᠣᠷᠠᠴᠠᠲᠣ ᠲᠸᠯᠸᠢᠰ᠎ᠦᠨ ᠳᠠᠪᠲᠠᠮᠵᠢ ᠬᠦᠯᠢᠶᠡᠭᠦᠷ᠎ᠢ ᠳᠡᠯᠭᠡᠷᠡᠭᠦᠯᠵᠦ᠍᠂ ᠨᠡᠢ᠌ᠲᠡ 280 ᠲᠦᠮᠡᠨ ᠦᠵᠦᠭᠦᠷᠯᠢᠭ᠎ᠦᠨ ᠳᠡᠯᠭᠡᠷᠡᠭᠦᠯᠦᠯᠲᠡ᠎ᠶ᠋ᠢ ᠳᠠᠪᠠᠵᠤ᠂ ᠬᠡᠲᠦ ᠥᠨᠳᠥᠷ ᠳᠣᠲᠣᠷᠠᠴᠠᠲᠣ ᠨᠡᠪᠴᠢᠯᠲᠡ᠎ᠶ᠋ᠢᠨ ᠨᠣᠷᠮ᠎ᠠ 60 %᠎ᠶ᠋ᠢ ᠳᠠᠪᠠᠨ᠂ ᠵᠢᠯ᠎ᠤᠨ ᠬᠡᠲᠦ ᠥᠨᠳᠥᠷ ᠳᠣᠲᠣᠷᠠᠴᠠᠲᠣ ᠳᠡᠯᠭᠡᠷᠡᠭᠦᠯᠦᠯᠲᠡ᠎ᠶᠢᠨ ᠡᠭᠦᠷᠭᠡ᠎ᠪᠠᠨ ᠤᠷᠢᠳᠴᠢᠯᠠᠭᠰᠠᠨ ᠪᠦᠭᠡᠳ ᠨᠣᠷᠮ᠎ᠠ᠎ᠪᠠᠨ ᠳᠠᠪᠠᠭᠣᠯᠣᠨ ᠪᠡᠶᠡᠯᠡᠭᠦᠯᠪᠡ᠃ ᠡᠭᠦᠨ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠪᠠᠷ ᠲᠦᠷᠦᠭᠦᠯᠡᠭᠦᠯᠦᠨ ᠰᠤᠳᠤᠯᠤᠨ ᠨᠡᠭᠡᠭᠡᠭ᠌ᠰᠡᠨ ᠬᠡᠲᠦ ᠥᠨᠳᠥᠷ ᠳᠣᠲᠣᠷᠠᠴᠠᠲᠤ ᠬᠠᠪᠴᠢᠭᠤᠯᠬᠤ ᠮᠠᠶᠢᠭ᠎ᠤᠨ ᠪᠢᠴᠢᠯ ᠬᠡᠯᠪᠡᠷᠢ᠎ᠶ᠋ᠢᠨ ᠲᠧᠯᠸᠢᠰ᠎ᠦᠨ ᠳᠠᠪᠲᠠᠮᠵᠢ ᠬᠦᠯᠢᠶᠡᠭᠦᠷ᠎ᠨᠢ ᠭᠧ ᠬᠤᠸᠠ ᠤᠲᠠᠰᠤᠲᠤ ᠲᠣᠤᠷ ᠰᠦᠯᠵᠢᠶ᠎ᠡ᠎ᠳᠤ 10 ᠲᠦᠮᠡᠨ ᠦᠵᠦᠭᠦᠷᠯᠢᠭ᠎ᠤᠨ ᠳᠡᠯᠭᠡᠷᠡᠭᠦᠯᠦᠯᠲᠡ᠎ᠶᠢᠨ ᠰᠢᠪᠲᠤᠯᠤᠯᠲᠠ᠎ᠶᠢ ᠤᠷᠢᠳ᠎ᠢᠶᠠᠷ ᠪᠡᠶᠡᠯᠡᠭᠦᠯᠵᠦ᠍᠂ ᠬᠥᠩᠭᠡᠨᠴᠢᠯᠡᠭᠰᠡᠨ᠂ ᠤᠶᠤᠨᠴᠢᠯᠠᠭ᠍ᠰᠠᠨ᠂ ᠳᠡᠭᠡᠳᠦ ᠪᠠᠭ᠍ᠲᠠᠭᠠᠮᠵᠢ ᠲᠠᠢ ᠦᠢᠯᠡᠳᠬᠦᠨ᠎ᠤ ᠦᠪᠡᠷᠮᠢᠴᠡ ᠴᠢᠨᠠᠷ᠎ᠢᠶᠠᠷ ᠠᠵᠢᠯ ᠲᠥᠷᠥᠯ᠎ᠤᠨ ᠲᠡᠬᠦᠰᠬᠡᠯ ᠦᠵᠦᠭᠦᠷᠯᠢᠭ ᠎ᠦᠨ ᠱᠢᠨ᠎ᠡ᠎ᠶ᠋ᠢ ᠡᠭᠦᠳᠬᠦ᠌᠎ᠶ᠋ᠢ ᠬᠥᠲᠥᠯᠥᠨ ᠳᠠᠭ᠋ᠠᠭᠤᠯᠪᠠ᠃

ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠪᠦᠯᠦᠭ᠌ᠯᠡᠯ᠎ᠤᠨ ᠲᠡᠬᠦᠰᠬᠡᠯ ᠦᠵᠦᠭᠦᠷᠯᠢᠭ᠎ᠤᠨ ᠱᠢᠨ᠎ᠡ᠎ᠶ᠋ᠢ ᠡᠭᠦᠳᠬᠦ᠌ ᠪᠣᠯᠣᠨ ᠬᠡᠷᠡᠭ᠌ᠯᠡᠭ᠌ᠴᠢ᠎ᠶ᠋ᠢᠨ ᠪᠡᠶᠡᠴᠢ ᠣᠢ᠌ᠯᠠᠭ᠋ᠠᠯᠲᠠ᠎ᠶ᠋ᠢ ᠱᠢᠯᠢᠳᠡᠭ᠌ᠵᠢᠭᠦᠯᠬᠦ᠌ ᠲᠠᠯ᠎ᠠ᠎ᠪᠠᠷ᠎ᠬᠢ ᠴᠢᠬᠤᠯᠠ ᠦᠢᠯᠡᠳᠦᠯᠭᠡ ᠪᠣᠯᠤᠭ᠍ᠰᠠᠨ᠎ᠤ ᠬᠤᠪᠢ᠎ᠳᠤ᠂ ᠭᠧ ᠬᠤᠸᠠ ᠤᠳᠠᠰᠣᠲᠣ᠎ᠨᠢ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠲᠧᠯᠸᠢᠰ᠎ᠤᠨ ᠠᠵᠢᠯᠯᠠᠭ᠎ᠠ᠎ᠶᠢᠨ ᠪᠣᠳᠣᠯᠢᠶᠠᠨᠲᠠᠢ᠎ᠶᠢ ᠵᠠᠰᠠᠬᠤ᠎ᠢ ᠢᠳᠡᠪᠬᠢᠲᠡᠢ ᠨᠠᠢᠳᠠᠪᠤᠷᠢᠵᠢᠭᠤᠯᠵᠤ᠂ ᠬᠡᠳᠦ ᠥᠨᠳᠥᠷ ᠳᠣᠲᠣᠷᠠᠴᠠᠲᠣ ᠦᠵᠦᠭᠦᠷᠯᠢᠭ ᠎ᠡᠴᠡ ᠦᠵᠦᠭᠦᠷᠯᠢᠭ᠎ᠤᠨ ᠬᠥᠭ᠌ᠵᠢᠯᠲᠡ᠎ᠶ᠋ᠢ ᠠᠬᠢᠭᠤᠯᠬᠤ ᠪᠠᠢᠷᠢᠯᠠᠭᠤᠯᠤᠯᠲᠠ᠎ᠶ᠋ᠢ ᠤᠷᠢᠳ᠎ᠢᠶᠠᠷ ᠬᠡᠳᠦ ᠥᠨᠳᠥᠷ ᠳᠣᠲᠣᠷᠠᠴᠠᠲᠤ ᠬᠠᠪᠴᠢᠭᠤᠯᠬᠤ ᠮᠠᠶᠢᠭ᠎ᠤᠨ ᠪᠢᠴᠢᠯ ᠬᠡᠯᠪᠡᠷᠢ᠎ᠶ᠋ᠢᠨ ᠲᠸᠯᠸᠢᠰ᠎ᠦᠨ ᠳᠠᠪᠲᠠᠮᠵᠢ ᠬᠦᠯᠢᠶᠡᠭᠦᠷ᠎ᠢ ᠬᠡᠪᠴᠢᠶᠡᠵᠢᠭᠦᠯᠦᠨ ᠳᠡᠯᠭᠡᠷᠡᠭᠦᠯᠪᠡ᠃ ᠲᠣᠰ ᠲᠥᠬᠦᠭᠡᠷᠦᠮᠵᠢ᠎ᠨᠢ ᠲᠠᠪᠤᠨ ᠶᠡᠭᠡ ᠲᠣᠪᠤᠢᠮ᠎ᠠ ᠳᠠᠪᠠᠭᠤᠯᠢᠭ᠎ᠢ ᠪᠦᠷᠢᠯᠳᠦᠭᠦᠯᠪᠡ᠄ ᠨᠢᠭᠡ᠎ᠳᠤ᠂ ᠡᠵᠡᠯᠡᠬᠦᠨ᠎ᠨᠢ ᠨᠠᠩ ᠪᠠᠭ᠎ᠠ᠂ ᠤᠯᠠᠮᠵᠢᠯᠠᠯᠲᠤ ᠲᠥᠬᠦᠭᠡᠷᠦᠮᠵᠢ ᠎ᠶᠢᠨ 70%᠎ᠡᠴᠡ ᠳᠡᠭᠡᠭ᠌ᠰᠢ ᠪᠠᠭᠠᠰᠭᠠᠵᠤ᠂ HDMI ᠱᠢᠭᠤᠳ ᠬᠠᠪᠴᠢᠭᠤᠯᠬᠤ ᠵᠢᠷᠤᠭ ᠲᠥᠯᠥᠪᠯᠡᠭᠡ᠎ᠶ᠋ᠢ ᠬᠡᠷᠡᠭᠯᠡᠪᠡ᠃ ᠬᠤᠶᠠᠷ᠎ᠲᠤ᠌᠂ ᠤᠭᠰᠠᠷᠠᠬᠤ ᠨᠡᠩ ᠳᠥᠭᠦᠮ ᠠᠪᠰᠠᠷᠬᠠᠨ ᠪᠣᠯᠵᠤ᠂ ᠵᠥᠪᠬᠡᠨ 《 ᠵᠠᠯᠭᠠᠭᠠᠰᠤ᠎ᠶᠢ ᠬᠠᠪᠴᠢᠭᠤᠯᠬᠤ᠂ ᠴᠠᠬᠢᠯᠭᠠᠨ ᠡᠭᠦᠰᠭᠡᠭ᠌ᠴᠢ᠎ᠶ᠋ᠢ ᠵᠠᠯᠭ᠋ᠠᠬᠤ᠂ ᠳᠣᠬᠢᠶᠠᠨ᠎ᠤ ᠡᠬᠢ᠎ᠶ᠋ᠢ ᠰᠣᠩᠭᠤᠬᠤ 》 ᠭᠤᠷᠪᠠᠨ ᠠᠯᠬᠤᠮ᠎ᠤᠨ ᠠᠵᠢᠯᠯᠠᠭ᠎ᠠ᠎ᠶ᠋ᠢ ᠬᠡᠷᠡᠭᠰᠡᠵᠦ᠂ ᠪᠤᠳᠤᠯᠢᠶᠠᠨᠲᠠᠢ ᠬᠡᠯᠬᠢᠶ᠎ᠡ ᠪᠠᠢ᠌ᠷᠢᠯᠠᠭᠤᠯᠬᠤ ᠬᠡᠷᠡᠭ ᠦᠭᠡᠢ᠃ ᠭᠤᠷᠪᠠ᠎ᠳᠤ᠂ ᠠᠵᠢᠯᠯᠠᠬᠤ᠎ᠨᠢ ᠨᠠᠩ ᠬᠢᠯᠪᠠᠷ᠂ ᠳᠠᠩ ᠴᠠᠬᠢᠯᠭᠠᠨ ᠡᠬᠢ᠎ᠶ᠋ᠢᠨ ᠳᠠᠷᠤᠪᠴᠢ᠎ᠪᠠᠷ ᠨᠡᠢᠳᠡᠮ ᠬᠡᠷᠡᠭ᠌ᠯᠡᠬᠦ᠌ ᠠᠯᠤᠰ ᠡᠵᠡᠮᠱᠢᠬᠦᠷ ᠵᠢᠴᠢ 《 ᠲᠧᠯᠸᠢᠰ ᠦᠵᠡᠬᠦ᠌ 》 ᠨᠢᠭᠡ ᠳᠠᠷᠤᠪᠴᠢ᠎ᠪᠠᠷ ᠱᠢᠭᠤᠳ ᠬᠦᠷᠬᠦ᠌ ᠴᠢᠳᠠᠮᠵᠢ ᠲᠠᠢ ᠬᠠᠮᠵᠢᠯᠴᠠᠪᠠ᠃ ᠳᠥᠷᠪᠡ᠎ᠳᠤ᠂ ᠦᠵᠡᠮᠵᠢ ᠨᠢ ᠨᠡᠩ ᠣᠯᠠᠨ᠂ ᠤᠯᠠᠮᠵᠢᠯᠠᠯᠲᠤ ᠲᠧᠯᠸᠢᠰ᠎ᠠᠴᠠ ᠭᠠᠳᠠᠨ᠎ᠠ᠂ ᠲᠣᠰᠬᠠᠬᠣ ᠬᠡᠮᠵᠢᠭᠦᠷᠯᠷᠭ᠂ ᠳᠦᠭᠦᠮ ᠳᠡᠯᠭᠡᠴᠡ᠂ ᠨᠢᠭᠡ ᠴᠣᠭ᠍ᠴᠠᠲᠤ ᠮᠠᠱᠢᠨ ᠵᠡᠷᠭᠡ ᠱᠢᠨ᠎ᠡ ᠬᠡᠯᠪᠡᠷᠢ᠎ᠶ᠋ᠢᠨ ᠲᠥᠬᠦᠭᠡᠷᠦᠮᠵᠢ ᠲᠠᠢ ᠳᠥᠭᠦᠮ ᠳᠥᠲᠡ ᠬᠤᠯᠪᠣᠵᠤ᠂ ᠭᠡᠷ᠎ᠤᠨ ᠬᠡᠷᠡᠭ᠌ᠰᠡᠯ᠂ ᠠᠯᠪᠠᠯᠠᠬᠤ ᠭᠠᠵᠠᠷ ᠵᠡᠷᠭᠡ ᠣᠯᠠᠨ ᠡᠱᠢᠲᠦ ᠦᠵᠡᠮᠵᠢ᠎ᠳᠤ ᠠᠮᠠᠷᠬᠠᠨ ᠠᠭᠤᠰᠤᠯᠴᠠᠳᠠᠭ᠃ ᠲᠠᠪᠤ᠎ᠳᠤ᠂ ᠪᠠᠷᠢᠮᠵᠢᠶ᠎ᠠ᠎ᠨᠢ ᠨᠠᠩ ᠥᠨᠳᠥᠷ᠂ ᠥᠨᠳᠥᠷ ᠪᠦᠲᠦᠮᠵᠢᠲᠡᠶ ᠸᠢᠳᠢᠤ᠋᠎ᠶ᠋ᠢᠨ ᠨᠠᠢᠷᠠᠭᠤᠯᠭ᠎ᠠ ᠺᠣᠳ᠋ ᠲᠠᠢᠯᠬᠤ ᠮᠡᠷᠭᠡᠵᠢᠯ᠎ᠢ ᠠᠴᠢᠶᠠᠯᠠᠵᠤ᠂ 4K ᠬᠡᠲᠦ ᠥᠨᠳᠥᠷ ᠳᠣᠲᠣᠷᠠᠴᠠᠲᠣ ᠳᠠᠮᠵᠢᠭᠤᠯᠬᠤ᠎ᠶ᠋ᠢ ᠪᠥᠬᠦ᠌ ᠲᠠᠯ᠎ᠠ᠎ᠪᠠᠷ ᠳᠡᠮᠵᠢᠵᠦ᠍᠂ ᠲᠣᠭ᠍ᠲᠠᠭᠤᠨ᠂ ᠲᠣᠳᠣᠷᠬᠠᠶ᠂ ᠤᠷᠤᠰᠤᠮ᠎ᠠ ᠰᠠᠢᠬᠠᠨ ᠭᠥᠯᠢᠶᠡᠨ ᠠᠪᠴᠤ᠌ ᠦᠵᠡᠬᠦ᠌ ᠪᠡᠶᠡᠴᠢ ᠣᠢᠯᠠᠭᠠᠯᠲᠠ᠎ᠶ᠋ᠢ ᠠᠪᠴᠢᠷᠠᠪᠠ᠃ ᠭᠧ ᠬᠤᠸᠠ ᠤᠲᠠᠰᠤᠲᠤ ᠨᠢ 《 ᠭᠧ ᠬᠤᠸᠠ mini 》 ᠨᠠᠷᠠᠲᠤ ᠲᠡᠮᠳᠡᠭ᠎ᠢᠶᠠᠷ ᠭᠠᠷᠳᠠᠴᠠ ᠪᠣᠯᠭᠠᠵᠤ᠂ ᠪᠡᠭᠡᠵᠢᠩ᠎ᠤᠨ 16 ᠲᠣᠭᠤᠷᠢᠭ᠎ᠢ ᠬᠠᠮᠤᠷᠤᠭ᠍ᠰᠠᠨ ᠷᠠᠳᠢᠣ᠋ ᠲᠧᠯᠸᠢᠰ᠎ᠤᠨ ᠲᠣᠤᠷᠵᠢᠭᠤᠯᠤᠭ᠍ᠰᠠᠨ ᠦᠢᠯᠡᠴᠢᠯᠡᠭᠡᠨ᠎ᠤ ᠲᠣᠭᠲᠠᠯᠴᠠᠭ᠎ᠠ᠎ᠳᠤ ᠲᠦᠱᠢᠭ᠌ᠯᠡᠨ᠂ 《 ᠡᠵᠡᠩᠨᠡᠬᠦ᠂ ᠬᠠᠮᠠᠭᠠᠯᠠᠬᠤ᠂ ᠦᠢᠯᠡᠴᠢᠯᠡᠬᠦ᠌ 》᠎ᠶ᠋ᠢ ᠨᠢᠭᠡ ᠴᠤᠭ᠍ᠴᠠᠵᠢᠭᠤᠯᠬᠤ᠎ᠶ᠋ᠢ ᠠᠬᠢᠭᠤᠯᠵᠤ᠂ ᠨᠡᠢᠭᠡᠮ ᠲᠣᠭᠤᠷᠢᠭ᠎ᠤᠨ ᠦᠢᠯᠡᠴᠢᠯᠡᠭᠡ᠂ ᠤᠷᠢᠳᠴᠢᠯᠠᠨ ᠪᠣᠯᠵᠣᠵᠤ ᠬᠡᠷ᠎ᠲᠤ ᠨᠢ ᠬᠦᠷᠭᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ 《 ᠵᠢᠵᠢᠭ ᠲᠡᠬᠦᠰᠭᠡᠯ ᠦᠵᠦᠭᠦᠷᠯᠢᠭ᠂ ᠱᠢᠯᠢᠳᠡᠭ ᠠᠭᠤᠯᠭ᠎ᠠ᠂ ᠰᠠᠢᠨ ᠪᠡᠶᠡᠴᠢ ᠣᠢ᠌ᠯᠠᠭ᠋ᠠᠯᠲᠠ 》᠎ᠶᠢᠨ ᠦᠢᠯᠡᠴᠢᠯᠡᠭᠡᠨ᠎ᠤ ᠪᠢᠲᠡᠭᠦᠦ ᠴᠠᠭᠠᠷᠢᠭ᠎ᠢ ᠪᠣᠶ ᠪᠣᠯᠭᠠᠪᠠ᠃ ᠡᠭᠦᠨ᠎ᠤ ᠬᠠᠮᠲᠤ᠌᠂ ᠬᠡᠷᠡᠭ᠌ᠯᠡᠭ᠌ᠴᠢ᠎ᠶ᠋ᠢᠨ ᠬᠠᠷᠢᠭᠤ ᠲᠤᠰᠭᠠᠯ ᠢᠳᠡᠪᠬᠢᠲᠡᠢ᠂ ᠬᠡᠲᠦ ᠥᠨᠳᠥᠷ ᠳᠣᠲᠣᠷᠠᠴᠠᠲᠤ ᠬᠠᠪᠴᠢᠭᠤᠯᠬᠤ ᠮᠠᠶᠢᠭ᠎ᠤᠨ ᠪᠢᠴᠢᠯ ᠬᠡᠯᠪᠡᠷᠢ᠎ᠶ᠋ᠢᠨ ᠲᠸᠯᠸᠢᠰ᠎ᠦᠨ ᠳᠠᠪᠲᠠᠮᠵᠢ ᠬᠦᠯᠢᠶᠡᠭᠦᠷ ᠨᠢ ᠠᠪᠰᠠᠷ ᠮᠠᠰᠢᠨ᠎ᠤ ᠪᠡᠶ᠎ᠡ᠂ ᠬᠠᠪᠴᠢᠭᠤᠯᠤᠮᠠᠭᠴᠠ ᠬᠡᠷᠡᠭ᠌ᠯᠡᠬᠦ᠌ ᠦᠪᠡᠷᠮᠢᠴᠠ ᠴᠢᠨᠠᠷ᠂ ᠲᠠᠩ ᠴᠠᠬᠢᠯᠭᠠᠨ ᠰᠤᠷᠪᠤᠯᠵᠢ᠎ᠶ᠋ᠢᠨ ᠳᠠᠷᠤᠪᠴᠢ᠎ᠪᠠᠷ ᠨᠡᠢᠳᠡᠮ ᠬᠡᠷᠡᠭ᠌ᠯᠡᠬᠦ᠌ ᠠᠯᠤᠰ ᠡᠵᠡᠮᠰᠢᠭᠦᠷ᠎ᠤᠨ ᠮᠠᠱᠢᠨ᠎ᠲᠠᠢ ᠬᠠᠮᠵᠢᠯᠴᠠᠨ᠂    《 ᠨᠢᠭᠡ ᠠᠯᠤᠰ ᠡᠵᠡᠮᠰᠢᠭᠦᠷ᠎ᠢᠶᠡᠷ ᠲᠧᠯᠸᠢᠰ ᠦᠵᠡᠬᠦ᠌ 》 ᠪᠠ 《 ᠨᠢᠭᠡ ᠳᠠᠷᠤᠪᠴᠢ᠎ᠪᠠᠷ ᠱᠢᠭᠤᠳ ᠨᠡᠪᠲᠡᠷᠡᠭᠦᠯᠭᠡ ᠦᠵᠡᠬᠦ 》᠎ᠶ᠋ᠢ ᠦᠨᠡᠨ ᠬᠦ᠌ ᠪᠡᠶᠡᠯᠡᠭᠦᠯᠵᠦ᠍᠂ ᠤᠲᠠᠰᠤ ᠣᠯᠠᠨ᠂ ᠠᠵᠢᠯᠯᠠᠭ᠎ᠠ᠎ᠶᠢᠨ ᠪᠤᠳᠤᠯᠢᠶᠠᠨᠲᠠᠢ ᠠᠰᠠᠭᠤᠳᠠᠯ᠎ᠢ ᠱᠢᠢᠳᠪᠦᠷᠢᠯᠡᠵᠦ᠍᠂ ᠬᠡᠷᠡᠭ᠌ᠯᠡᠭ᠌ᠴᠢ᠎ᠶ᠋ᠢᠨ ᠬᠦᠯᠢᠶᠡᠨ ᠠᠪᠴᠤ᠌ ᠦᠵᠡᠬᠦ᠌᠎ᠳᠤ ᠳᠥᠭᠦᠮ ᠳᠥᠲᠡ ᠴᠢᠨᠠᠷ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠪᠡ᠃

ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠪᠦᠯᠦᠭ᠌ᠯᠡᠯ ᠭᠧ ᠬᠤᠸᠠ᠎ᠶ᠋ᠢᠨ ᠤᠲᠠᠰᠤᠲᠤ ᠬᠡᠲᠦ ᠥᠨᠳᠥᠷ ᠳᠣᠲᠣᠷᠠᠴᠠᠲᠣ ᠬᠠᠪᠴᠢᠭᠤᠯᠬᠤ ᠮᠠᠶᠢᠭ᠎ᠤᠨ ᠪᠢᠴᠢᠯ ᠬᠡᠯᠪᠡᠷᠢ᠎ᠶ᠋ᠢᠨ ᠲᠸᠯᠸᠢᠰ᠎ᠦᠨ ᠳᠠᠪᠲᠠᠮᠵᠢ ᠬᠦᠯᠢᠶᠡᠭᠦᠷ᠎ᠦᠨ ᠳᠡᠯᠭᠡᠷᠡᠭᠦᠯᠦᠯᠲᠡ᠎ᠶᠢ 10 ᠲᠦᠮᠡᠨ ᠦᠵᠦᠭᠦᠷᠯᠢᠭ᠎ᠢ ᠱᠢᠪᠲᠤᠯᠬᠤ᠎ᠪᠠᠷ ᠵᠢᠱ᠌ᠢᠶ᠎ᠡ ᠪᠣᠯᠭᠠᠵᠤ᠂ ᠬᠥᠩᠭᠡᠨᠴᠢᠯᠡᠭᠰᠡᠨ᠂ ᠳᠡᠭᠡᠳᠦ ᠪᠠᠭ᠍ᠲᠠᠭᠠᠮᠵᠢ ᠲᠠᠢ ᠲᠡᠬᠦᠰᠭᠡᠯ ᠦᠵᠦᠭᠦᠷᠯᠢᠭ᠎ᠤᠨ ᠪᠥᠬᠦ᠌ ᠤᠯᠤᠰ᠎ᠤᠨ ᠬᠡᠪᠴᠢᠶᠡᠨ᠎ᠳᠤ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠨ᠎ᠡ᠃  《 2 + 5 + N 》ᠡᠭ᠌ᠴᠡ ᠲᠤᠬᠠᠢᠯᠠᠭ᠍ᠰᠠᠨ ᠠᠵᠢᠯ᠎ᠤᠨ ᠪᠠᠢᠯᠳᠤᠬᠤ ᠪᠣᠳᠣᠯᠭ᠎ᠠ᠎ᠶ᠋ᠢᠨ ᠲᠣᠭᠤᠷᠢᠨ᠎ᠳᠤ᠂ ᠬᠡᠲᠦ ᠥᠨᠳᠥᠷ ᠳᠣᠲᠣᠷᠠᠴᠠᠲᠣ ᠦᠵᠡᠵᠦ᠍ ᠰᠣᠨᠣᠰᠭᠤ ᠦᠢᠯᠡᠴᠢᠯᠡᠭᠡ᠎ᠶ᠋ᠢ ᠨᠠᠢᠳᠠᠪᠤᠷᠢᠵᠢᠭᠤᠯᠬᠤ᠎ᠶ᠋ᠢ ᠢᠳᠡᠪᠬᠢᠲᠡᠶ ᠠᠬᠢᠭᠤᠯᠵᠤ᠂ ᠬᠡᠷ ᠪᠦᠯᠢ ᠵᠢᠴᠢ ᠣᠯᠠᠨ ᠨᠡᠢᠲᠡ᠎ᠶ᠋ᠢᠨ ᠲᠠᠯᠠᠪᠤᠷ ᠵᠡᠷᠭᠡ ᠣᠯᠠᠨ ᠡᠱᠢᠲᠦ ᠦᠵᠡᠮᠵᠢ᠎ᠶᠢᠨ ᠬᠡᠷᠡᠭ᠌ᠯᠡᠭᠡᠨ᠎ᠤ ᠠᠭᠤᠰᠤᠯᠴᠠᠯ᠎ᠢ ᠭᠦᠨᠵᠡᠭᠡᠢᠷᠡᠭᠦᠯᠵᠦ᠍᠂ ᠪᠥᠬᠦ᠌ ᠠᠵᠢᠯ ᠲᠥᠷᠥᠯ᠎ᠤᠨ ᠦᠵᠦᠭᠦᠷᠯᠢᠭ᠎ᠤᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠭ᠌ᠴᠢ᠎ᠶ᠋ᠢᠨ ᠪᠡᠶᠡᠴᠢ ᠣᠢ᠌ᠯᠠᠭ᠋ᠠᠯᠲᠠ ᠎ᠶᠢᠨ ᠲᠠᠰ ᠳᠡᠪᠱᠢᠬᠦ᠌᠎ᠳᠤ ᠬᠦᠴᠦᠨ ᠨᠡᠮᠡᠷᠢᠯᠡᠵᠦ᠍᠂ ᠷᠠᠳᠢᠣ᠋ ᠲᠧᠯᠸᠢᠰ᠎ᠤᠨ ᠦᠶ᠋ᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ