ᠭᠤᠷᠪᠠᠨ ᠡᠳᠦᠷ ᠲᠣᠭ᠋ᠠᠨᠯᠠᠨ ᠬᠦᠯᠢᠶᠡᠶ᠎ᠡ ! 2025 ᠣᠨ᠎ᠤ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠢᠮᠲᠠᠲᠤ ᠺᠢᠨᠤ᠋᠎ᠶᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ ᠤᠳᠠᠯ ᠦᠭᠡᠢ ᠡᠬᠢᠯᠡᠬᠦ᠌ ᠭᠡᠵᠦ᠍ ᠪᠠᠢᠨ᠎ᠠ
2025-12-11

ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ ᠲᠥᠪ᠎ᠤᠨ ᠤᠬᠠᠭᠤᠯᠬᠤ ᠬᠡᠯᠲᠡᠰ᠎ᠤᠨ ᠵᠥᠪᠱᠢᠶᠡᠷᠡᠯ᠎ᠢᠶᠠᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠡᠴᠡ ᠵᠢᠭ᠋ᠠᠨ ᠵᠢᠯᠤᠭᠤᠳᠴᠦ᠂ ᠤᠯᠤᠰ᠎ᠤᠨ ᠷᠠᠳᠢᠣ᠋ ᠲᠧᠯᠸᠢᠰ᠎ᠤᠨ ᠶᠡᠷᠤᠩᠬᠡᠢ ᠲᠣᠪᠴᠢᠶ᠎ᠠ᠎ᠶᠢᠨ ᠷᠠᠳᠢᠤ᠋ ᠲᠧᠯᠸᠢᠰ᠎ᠦᠨ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ᠎ᠠᠴᠠ ᠭᠤᠣᠯᠯᠠᠨ ᠡᠷᠬᠢᠯᠡᠵᠦ᠍᠂ ᠱᠠᠨᠳᠦ᠋ᠩ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠱᠠᠨᠳᠦ᠋ᠩ᠎ᠤᠨ ᠷᠠᠳᠢᠣ᠋ ᠲᠧᠯᠸᠢᠰ ᠬᠤᠷᠢᠶ᠎ᠠ᠎ᠶ᠋ᠢᠨ ᠳᠠᠭ᠋ᠠᠭ᠋ᠠᠴᠢᠯᠠᠨ ᠡᠷᠬᠢᠯᠡᠭ᠌ᠰᠡᠨ 2025 ᠣᠨ᠎ᠤ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠢᠮᠲᠠᠲᠤ ᠺᠢᠨᠤ᠋ ᠎ᠶᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ᠎ᠨᠢ 2025 ᠣᠨ᠎ᠤ 12 ᠳ᠋ᠤᠭ᠋ᠠᠷ ᠰᠠᠷ᠎ᠠ᠎ᠶ᠋ᠢᠨ 11᠎ᠤ ᠡᠳᠦᠷ᠎ᠠᠴᠠ 12᠎ᠤᠨ ᠡᠳᠦᠷ ᠪᠣᠯᠲᠠᠯ᠎ᠠ ( 12 ᠳ᠋ᠤᠭ᠋ᠠᠷ ᠰᠠᠷ᠎ᠠ᠎ᠶ᠋ᠢᠨ 10 ᠎ᠤ ᠡᠳᠦᠷ ᠨᠡᠷ᠎ᠡ ᠮᠡᠳᠡᠭᠦᠯᠦᠨ᠎ᠡ ) ᠱᠠᠨᠳᠦ᠋ᠩ ᠮᠤᠵᠢ᠎ᠶ᠋ᠢᠨ᠎ᠲᠠᠢ ᠠᠨ ᠬᠤᠳᠠ᠎ᠳᠤ  ᠶᠠᠪᠣᠭᠳᠠᠨ᠎ᠠ᠃

ᠲᠣᠰ ᠤᠳᠠᠭ᠋ᠠᠨ᠎ᠤ ᠶᠠᠷᠢᠶᠠᠨ᠎ᠤ ᠲᠠᠪᠴᠠᠩ᠎ᠨᠢ 《 〈 ᠠᠷᠪᠠᠨ ᠲᠠᠪᠤᠳᠤᠭᠠᠷ ᠲᠠᠪᠤᠨ ᠵᠢᠯ 〉᠎ᠤᠨ ᠲᠥᠯᠥᠪᠵᠢᠭᠦᠯᠭᠡ᠎ᠶᠢᠨ ᠳᠤᠮᠳᠠᠳᠤ ᠤᠯᠤᠰ᠎ᠤᠨ ᠪᠠᠷᠢᠮᠲᠠᠲᠤ ᠺᠢᠨᠤ᠋᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠯᠥᠪᠯᠡᠭᠡ᠎ᠶᠢ ᠵᠢᠷᠤᠬᠤ 》 ᠎ᠪᠠᠷ ᠭᠤᠤᠯ ᠰᠡᠳᠦᠪ ᠪᠣᠯᠭᠠᠵᠤ᠂ ᠪᠠᠷᠢᠮᠲᠠᠲᠤ ᠺᠢᠨᠤ᠋᠎ᠨᠢ 《 ᠤᠯᠤᠰ᠎ᠤᠨ ᠬᠡᠷᠡᠯ ᠵᠢᠷᠤᠭ᠎ᠤᠨ ᠲᠤᠪᠬᠢᠮᠠᠯ》 ᠪᠠ 《 ᠴᠠᠭ ᠦᠶ᠎ᠡ᠎ᠶ᠋ᠢᠨ ᠬᠦᠷᠦᠭ ᠤᠢ᠌ᠯᠠᠯᠭ᠎ᠠ 》᠎ᠶᠢ ᠲᠥᠪᠯᠡᠷᠡᠭᠦᠯᠦᠭᠰᠡᠨ ᠡᠭᠦᠷᠭᠡ ᠬᠠᠷᠢᠭᠤᠴᠠᠯᠭ᠎ᠠ ᠪᠣᠯᠤᠭ᠍ᠰᠠᠨ᠎ᠤ ᠬᠤᠪᠢ᠎ᠳᠤ᠂ ᠪᠠᠷᠢᠮᠲᠠᠲᠤ ᠺᠢᠨᠣ᠋᠎ᠶ᠋ᠢ ᠦᠨᠡᠯᠡᠬᠦ᠂ ᠵᠣᠬᠢᠶᠠᠨ ᠪᠦᠲᠦᠭᠡᠬᠦ᠂ ᠤᠯᠠᠮᠵᠢᠯᠠᠬᠤ ᠪᠠ ᠠᠵᠤ ᠦᠢᠯᠡᠰ᠎ᠤᠨ ᠲᠣᠭᠲᠠᠯᠴᠠᠭ᠎ᠠ᠎ᠶᠢ ᠪᠠᠢᠭᠤᠯᠵᠤ᠂ ᠪᠥᠬᠦ᠌ ᠪᠥᠮᠪᠥᠷᠴᠡᠭ᠎ᠲᠤ ᠨᠥᠯᠥᠭᠡᠯᠡᠬᠦ᠌ ᠬᠦᠴᠦᠨ᠎ᠲᠠᠢ ᠠᠵᠢᠯ ᠲᠥᠷᠥᠯ᠎ᠤᠨ ᠦᠪᠡᠳᠡᠭ᠌ᠰᠢ ᠴᠤᠭ᠍ᠯᠠᠭᠠᠨ᠎ᠢ ᠪᠠᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠪᠠᠷᠢᠮᠲᠠᠲᠤ ᠺᠢᠨᠣ᠋᠎ᠶ᠋ᠢᠨ ᠬᠦᠴᠦᠨ ᠴᠢᠳᠠᠯ᠎ᠢᠶᠠᠨ ᠡᠷᠭᠦᠬᠦ᠌᠎ᠶ᠋ᠢᠨ ᠲᠥᠯᠥᠭᠡ ᠶᠤᠮ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠤᠶᠤᠨ᠎ᠤ ᠬᠦᠮᠦᠷᠭᠡ