《 ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠂ ᠤᠷᠠᠯᠢᠭ ᠠᠷᠠᠳ᠎ᠤᠨ ᠲᠥᠯᠥᠭᠡ 》 ᠭᠡᠬᠦ ᠣᠢᠯᠠᠭᠠᠭ᠍ᠳᠠᠬᠤᠨ᠎ᠢ ᠭᠦᠨᠵᠡᠭᠡᠶ ᠦᠢ᠍ᠯᠡᠳᠦᠯᠭᠡᠵᠢᠭᠦᠯᠦᠨ᠂ 《 ᠣᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠢᠨᠲ᠋ᠧᠷ ᠰᠦᠯᠵᠢᠶ᠎ᠡ᠎ᠶᠢᠨ ᠨᠥᠬᠦᠴᠡᠯ ᠳᠣᠤᠷᠠᠬᠢ ᠣᠯᠠᠨ ᠲᠦᠮᠡᠨᠴᠢ ᠱᠢᠨ᠎ᠡ ᠤᠳᠭ᠎ᠠ ᠤᠷᠠᠯᠢᠭ᠎ᠢ ᠴᠡᠴᠡᠭ᠌ᠯᠡᠭᠦᠯᠦᠨ ᠬᠥᠭ᠌ᠵᠢᠭᠦᠯᠬᠦ᠌ 》 ᠪᠠᠢᠷᠢᠯᠠᠭᠤᠯᠤᠯᠲᠠ ᠶᠢᠨ ᠱᠠᠭᠠᠷᠳᠠᠯᠭ᠎ᠠ᠎ᠶ᠋ᠢ ᠲᠣᠭᠣᠰᠢᠯᠠᠭᠣᠯᠣᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠣᠢᠷ᠎ᠠ᠎ᠳᠤ᠂ ᠳᠤᠮᠳᠠᠳᠤ ᠤᠯᠤᠰ᠎ᠤᠨ ᠷᠠᠳᠢᠣ᠋ ᠤᠷᠠᠯᠢᠭ᠎ᠤᠨ ᠪᠦᠯᠬᠦᠮ ᠪᠡᠭᠡᠵᠢᠩ ᠬᠤᠲᠠ᠎ᠶ᠋ᠢᠨ ᠲᠢᠶᠠᠨ ᠴᠢᠶᠣᠤ ᠬᠤᠲᠠ᠎ᠶ᠋ᠢᠨ ᠠᠷᠠᠳ᠎ᠤᠨ ᠠᠭᠤᠳᠠᠮ ᠲᠠᠯᠠᠪᠠᠶ᠎ᠳᠤ 《 ᠡᠪᠦᠯ᠎ᠤᠨ ᠳᠤᠯᠠᠭᠠᠨ ᠨᠡᠷᠡᠨ ᠳᠣᠣᠷ᠎ᠠ ᠲᠢᠶᠠᠨ ᠴᠢᠶᠣᠤ᠎ᠳᠤ ᠬᠥᠭ᠌ᠵᠢᠮ ᠬᠠᠩᠭᠢᠨᠠᠮ᠎ᠠ》 ᠭᠠᠳᠠᠭ᠎ᠠ᠎ᠶᠢᠨ ᠳᠠᠭᠤᠤ ᠬᠥᠭ᠌ᠵᠢᠮ᠎ᠤᠨ ᠲᠣᠭᠯᠠᠯᠲᠠ ᠡᠷᠭᠢᠯᠡᠪᠡ᠃
ᠲᠣᠰ ᠤᠳᠠᠭᠠᠨ᠎ᠤ ᠳᠠᠭᠤᠤ ᠬᠥᠭ᠌ᠵᠢᠮ᠎ᠤᠨ ᠲᠣᠭᠯᠠᠯᠲᠠ ᠪᠣᠯ ᠤᠷᠠᠯᠢᠭ᠎ᠤᠨ ᠪᠦᠯᠬᠦᠮ᠎ᠤᠨ ᠡᠭᠦᠳᠦᠭ᠌ᠰᠡᠨ ᠠᠷᠠᠳ᠎ᠲᠤ ᠠᠱᠢᠭ ᠬᠦᠷᠲᠡᠭᠡᠬᠦ᠌ ᠰᠣᠶᠣᠯ᠎ᠤᠨ ᠨᠠᠷᠠᠲᠤ ᠲᠥᠷᠥᠯ ᠲᠡᠮᠳᠡᠭ᠌ᠲᠦ᠍᠎ᠶ᠋ᠢᠨ ᠠᠩᠬ᠎ᠠ ᠤᠳᠠᠭ᠋ᠠᠨ᠎ᠤ ᠠᠵᠢᠯᠯᠠᠭ᠎ᠠ ᠮᠥᠨ᠂ 《 ᠢᠷᠠᠭᠤ ᠡᠷᠬᠢᠮᠰᠦᠭ ᠤᠷᠠᠯᠢᠭ᠎ᠢ ᠠᠷᠠᠳ ᠣᠯᠠᠨ᠎ᠤ ᠠᠮᠢᠳᠤᠷᠠᠯ᠎ᠳᠤ ᠣᠷᠣᠭᠤᠯᠬᠤ 》᠎ᠪᠠᠷ ᠭᠤᠤᠯ ᠪᠣᠯᠭᠠᠵᠤ᠂ ᠤᠯᠠᠮᠵᠢᠯᠠᠯᠲᠤ ᠵᠦᠴᠦᠭᠡ᠎ᠶ᠋ᠢᠨ ᠲᠠᠯᠠᠪᠤᠷ᠎ᠤᠨ ᠵᠠᠭᠠᠭ ᠬᠢᠵᠠᠭᠠᠷ᠎ᠢ ᠡᠪᠳᠡᠵᠦ᠍᠂ ᠤᠯᠤᠰ᠎ᠤᠨ ᠲᠠᠰ᠎ᠤᠨ ᠤᠷᠠᠯᠢᠭ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢᠨ ᠲᠥᠯᠥᠭᠡ ᠶᠤᠮ᠂ ᠠᠵᠢᠯᠯᠠᠭ᠎ᠠ᠎ᠨᠢ ᠰᠦᠯᠵᠢᠶᠡᠨ ᠭᠠᠳᠠᠨᠠᠬᠢ ᠲᠣᠭ᠍ᠯᠠᠯᠲᠠ ᠭᠠᠷᠭ᠋ᠠᠬᠣ ᠪᠠ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠬᠦ᠌᠎ᠶ᠋ᠢᠨ ᠬᠤᠯᠪᠣᠭᠠᠯᠠᠨ ᠬᠥᠳᠡᠯᠦᠯᠴᠡᠬᠦ᠌ ᠵᠠᠭ᠍ᠪᠤᠷ᠎ᠢᠶᠠᠷ ᠳᠠᠮᠵᠢᠭᠤᠯᠤᠨ᠂ ᠰᠠᠢᠨ ᠰᠠᠢᠬᠠᠨ ᠨᠡᠢᠭᠡᠮ᠎ᠤᠨ ᠲᠤᠰᠭᠠᠯ ᠣᠯᠪᠠ᠃
ᠨᠢᠭᠡ᠂ ᠠᠭᠤᠯᠭ᠎ᠠ᠎ᠶᠢᠨ ᠣᠳᠣᠷᠢᠳᠣᠮᠵᠢ ᠢᠯᠡ ᠲᠣᠳᠣ ᠪᠠᠢ᠌ᠵᠦ᠂ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠪᠡ
ᠲᠣᠰ ᠤᠳᠠᠭᠠᠨ᠎ᠤ ᠳᠠᠭᠤᠤ ᠬᠥᠭ᠌ᠵᠢᠮ᠎ᠤᠨ ᠲᠣᠭᠯᠠᠯᠲᠠ᠎ᠶᠢᠨ ᠲᠣᠭᠯᠠᠯᠲᠠ ᠭᠠᠷᠭ᠋ᠠᠬᠣ ᠲᠣᠭᠯᠠᠭᠴᠢᠳ᠎ᠤᠨ ᠲᠣᠬᠢᠷᠠᠭᠤᠯᠤᠯᠲᠠ᠎ᠨᠢ ᠳᠤᠮᠳᠠᠳᠤ ᠤᠯᠤᠰ᠎ᠤᠨ ᠷᠠᠳᠢᠣ᠋ ᠶᠢᠨ ᠦᠨᠳᠦᠰᠦᠲᠡᠨ᠎ᠤ ᠬᠥᠭ᠌ᠵᠢᠮ᠎ᠤᠨ ᠪᠦᠯᠬᠦᠮ᠎ᠤᠨ ᠵᠠᠯᠠᠭᠤᠴᠤᠳ᠎ᠤᠨ ᠬᠥᠭ᠌ᠵᠢᠮ᠎ᠤᠨ ᠳᠤᠭᠤᠢᠯᠠᠩ ᠵᠢᠴᠢ ᠤᠷᠠᠯᠢᠭ᠎ᠤᠨ ᠪᠦᠯᠬᠦᠮ᠎ᠤᠨ ᠣᠯᠠᠨ ᠨᠠᠷᠠᠲᠤ ᠲᠣᠭ᠍ᠯᠠᠯᠲᠠ᠎ᠶ᠋ᠢ ᠬᠠᠮᠤᠷᠴᠤ᠌᠂ ᠫᠷᠣᠭ᠌ᠷᠠᠮ ᠨᠢ ᠠᠷᠠᠳ᠎ᠤᠨ ᠬᠥᠭ᠌ᠵᠢᠮ᠎ᠤᠨ ᠨᠠᠢᠷᠠᠯ ᠬᠥᠭ᠌ᠵᠢᠮ᠂ ᠰᠣᠩᠭᠤᠳᠠᠭ ᠳᠠᠭᠤᠤ᠂ ᠳᠤᠮᠳᠠᠳᠤ ᠥᠷᠥᠨᠡᠳᠠᠬᠢᠨ᠎ᠤ ᠬᠥᠭᠵᠢᠮ ᠵᠡᠷᠭᠡ ᠣᠯᠠᠨ ᠵᠦᠢᠯ᠎ᠤᠨ ᠬᠡᠯᠪᠡᠷᠢ᠎ᠶ᠋ᠢ ᠬᠠᠮᠤᠷᠴᠤ᠌᠂ 《 ᠲᠡᠷᠭᠡᠯ ᠰᠠᠷᠠᠨ ᠳᠡᠭᠳᠡᠵᠦ ᠲᠦᠮᠡᠨ ᠴᠡᠴᠡᠭ ᠮᠦᠰᠢᠶᠡᠬᠦ 》᠂ 《 ᠪᠢ ᠳᠤᠮᠳᠠᠳᠤ ᠤᠯᠤᠰ᠎ᠲᠤ᠎ᠪᠡᠨ ᠬᠠᠢᠷᠠᠲᠠᠶ 》᠂ 《 ᠲᠦᠮᠡᠨ᠎ᠦ ᠰᠡᠳᠭᠢᠯ ᠲᠦᠷᠦᠭᠦᠦ᠎ᠪᠡᠨ ᠳᠠᠭ᠋ᠠᠬᠤ 》 ᠵᠡᠷᠭᠡ ᠬᠦᠮᠦᠨ ᠪᠦᠬᠦᠨ ᠪᠠᠬᠠᠷᠬᠠᠨ ᠰᠠᠢ᠌ᠰᠢᠶᠠᠬᠤ ᠪᠦᠲᠦᠭᠡᠯ᠎ᠢ ᠰᠢᠯᠢᠨ ᠰᠣᠩᠭᠤᠵᠤ᠂ ᠲᠤᠬᠠᠶ᠎ᠶ᠋ᠢᠨ ᠲᠠᠯᠠᠪᠠᠶ᠎ᠶ᠋ᠢᠨ ᠦᠵᠡᠭ᠌ᠴᠢᠳ᠎ᠲᠤ ᠨᠢᠭᠡ ᠤᠳᠠᠭᠠᠨ᠎ᠤ ᠴᠢᠨᠠᠷ ᠰᠠᠢᠲᠠᠶ ᠦᠵᠡᠵᠦ᠍ ᠰᠣᠨᠣᠰᠭᠤ ᠦᠪᠡᠳᠡᠭ᠌ᠰᠢ ᠨᠠᠢᠷ᠎ᠢ ᠳᠡᠯᠭᠡᠨ ᠦᠵᠡᠭᠦᠯᠪᠡ᠃ ᠱᠢᠨ᠎ᠡ ᠰᠣᠷᠭᠤᠭ ᠲᠣᠭ᠍ᠯᠠᠯᠲᠠ ᠭᠠᠷᠭ᠋ᠠᠬᠣ ᠠᠬᠤᠶ ᠪᠠᠢᠳᠠᠯ᠂ ᠦᠵᠡᠭ᠌ᠴᠢᠳ᠎ᠤᠨ ᠦᠨᠡᠨ ᠪᠣᠳᠠᠲᠠᠶ ᠬᠠᠷᠢᠭᠤ ᠲᠤᠰᠭᠠᠯ᠎ᠢᠶᠠᠷ ᠳᠠᠮᠵᠢᠭᠤᠯᠤᠨ᠂ 《 ᠠᠷᠠᠳ ᠲᠦᠮᠡᠨ᠎ᠢᠶᠠᠷ ᠭᠤᠤᠯ ᠪᠣᠯᠭᠠᠬᠤ 》 ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠴᠠᠭ ᠦᠶ᠎ᠡ᠎ᠶ᠋ᠢᠨ ᠷᠢᠳᠢ ᠱᠢᠳᠢ᠎ᠶ᠋ᠢ ᠳᠠᠮᠵᠢᠭᠤᠯᠵᠠᠶ᠃
ᠬᠤᠶᠠᠷ᠂ ᠨᠡᠢᠭᠡᠮ ᠤᠨ ᠲᠤᠰᠭᠠᠯ ᠬᠥᠭᠵᠢᠶᠡᠨᠲᠡᠢ ᠪᠠᠢᠵᠤ᠂ ᠨᠡᠷᠡᠲᠦ ᠲᠡᠮᠳᠡᠭ᠌ᠲᠦ᠍᠎ᠶ᠋ᠢᠨ ᠦᠢᠯᠡᠳᠦᠯ ᠢᠯᠡᠳᠲᠡ
ᠲᠣᠭᠯᠠᠯᠲᠠ᠎ᠶᠢᠨ ᠰᠢᠭᠣᠳ ᠨᠡᠪᠲᠡᠷᠡᠭᠦᠯᠭᠡ᠎ᠨᠢ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢᠳ ᠬᠢᠭᠡᠳ ᠰᠦᠯᠵᠢᠶᠡᠨ ᠳᠠᠬᠢ ᠦᠵᠡᠭ᠌ᠴᠢᠳ᠎ᠤᠨ ᠬᠠᠮᠲᠤ᠎ᠶ᠋ᠢᠨ ᠰᠠᠢᠨ ᠦᠨᠡᠯᠡᠯᠲᠡ᠎ᠶ᠋ᠢ ᠣᠯᠵᠤ᠂ ᠠᠵᠢᠯ᠎ᠠᠴᠠ᠎ᠪᠠᠨ ᠠᠮᠠᠷᠠᠭ᠍ᠰᠠᠨ ᠪᠠᠭ᠍ᠰᠢ ᠨᠠᠷ᠂ ᠡᠷᠬᠢᠨ ᠲᠣᠭᠤᠷᠢᠨ᠎ᠤ ᠰᠠᠭᠤᠭᠠᠯᠢ ᠠᠷᠠᠳ᠎ᠤᠳ ᠬᠤᠢᠨ᠎ᠠ ᠬᠤᠢᠨ᠎ᠠ᠎ᠠᠴᠠ᠎ᠪᠠᠨ 《 ᠭᠡᠷ᠎ᠤᠨ ᠡᠭᠦᠳᠡᠨ᠎ᠳᠠᠬᠢ ᠢᠷᠠᠭᠤ ᠡᠷᠬᠢᠮᠰᠦᠭ ᠤᠷᠠᠯᠢᠭ 》᠎ᠢ ᠮᠠᠭ᠍ᠲᠠᠨ ᠰᠠᠢᠱᠢᠶᠠᠵᠤ᠂ ᠰᠦᠯᠵᠢᠶᠡᠨ ᠦᠵᠡᠭ᠌ᠴᠢᠳ 《 ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ᠎ᠶᠢ ᠪᠠᠢ᠌ᠩᠭᠤᠵᠢᠭᠤᠯᠤᠨ ᠦᠷᠨᠢᠭᠦᠯᠬᠦ 》 ᠶ᠋ᠢ ᠤᠷᠢᠶᠠᠯᠠᠪᠠ᠃ ᠠᠵᠢᠯᠯᠠᠭ᠎ᠠ ᠳᠠᠭᠤᠰᠲᠠᠯ᠎ᠠ᠂ ᠪᠦᠬᠦ᠌ ᠰᠦᠯᠵᠢᠶᠡᠨ᠎ᠦ ᠶᠡᠷᠦᠩᠬᠡᠢ ᠠᠵᠢᠭ᠍ᠯᠠᠯᠲᠠ᠎ᠶ᠋ᠢᠨ ᠬᠡᠮᠵᠢᠶ᠎ᠡ 57.6 ᠲᠦᠮᠡᠨ ᠬᠦᠮᠦᠨ ᠤᠳᠠᠭ᠎ᠠ᠎ᠳᠤ ᠬᠦᠷᠴᠦ᠍᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠠᠵᠢᠯ᠎ᠤᠨ ᠪᠦᠷᠬᠦᠴᠡ ᠪᠠ ᠨᠥᠯᠥᠭᠡᠯᠡᠬᠦ᠌ ᠬᠦᠴᠦᠨ᠎ᠢ ᠪᠦᠲᠦᠮᠵᠢᠲᠡᠢ ᠥᠷᠭᠡᠳᠭᠡᠪᠡ᠃