2025 ᠣᠨ᠎ᠤ ᠪᠥᠬᠦ᠌ ᠤᠯᠤᠰ᠎ᠤᠨ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ᠌ ᠲᠥᠯᠥᠪᠵᠢᠭᠦᠯᠭᠡ᠎ᠶ᠋ᠢᠨ ᠠᠵᠢᠯ᠎ᠤᠨ ᠬᠤᠷᠠᠯ ᠱᠠᠨᠳᠦ᠋ᠩ᠎ᠤᠨ᠎ᠲᠠᠢ ᠠᠨ ᠎ᠳᠤ ᠬᠤᠷᠠᠯᠳᠤᠪᠠ
2025-12-17

12 ᠳ᠋ᠤᠭ᠋ᠠᠷ ᠰᠠᠷ᠎ᠠ᠎ᠶ᠋ᠢᠨ 11᠎ᠤ ᠡᠳᠦᠷ᠂ 2025 ᠣᠨ᠎ᠤ ᠪᠥᠬᠦ᠌ ᠤᠯᠤᠰ᠎ᠤᠨ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ᠌ ᠲᠥᠯᠥᠪᠵᠢᠭᠦᠯᠭᠡ᠎ᠶ᠋ᠢᠨ ᠠᠵᠢᠯ᠎ᠤᠨ ᠬᠤᠷᠠᠯ ᠱᠠᠨᠳᠦ᠋ᠩ᠎ᠤᠨ ᠎ᠲᠠᠢ ᠠᠨ᠎ᠳᠤ ᠬᠤᠷᠠᠯᠳᠤᠪᠠ᠃ ᠬᠤᠷᠠᠯ᠎ᠠᠴᠠ ᠰᠢ᠎ᠵᠢᠨ᠎ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶᠢ ᠲᠣᠭᠣᠰᠢᠯᠠᠭᠣᠯᠣᠨ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠪᠠᠢᠯᠳᠤᠬᠤ ᠪᠤᠳᠤᠯᠭ᠎ᠠ᠎ᠶᠢᠨ ᠪᠠᠢᠷᠢᠯᠠᠭᠤᠯᠤᠯᠲᠠ᠎ᠶᠢ ᠰᠤᠷᠤᠯᠴᠠᠨ ᠲᠣᠭᠣᠰᠢᠯᠠᠭᠣᠯᠵᠣ᠂ ᠤᠢ᠌ᠷ᠎ᠠ᠎ᠶᠢᠨ ᠵᠢᠯ᠎ᠦᠨ ᠪᠠᠷᠢᠮᠲᠠᠲᠤ ᠺᠢᠨᠤ᠋᠎ᠶᠢᠨ ᠠᠵᠢᠯ᠎ᠤᠨ ᠣᠯᠤᠭ᠍ᠰᠠᠨ ᠠᠮᠵᠢᠯᠲᠠ ᠪᠦᠲᠦᠮᠵᠢ ᠲᠣᠷᠰᠢᠯᠭ᠎ᠠ᠎ᠶᠢ ᠳ᠋ᠦᠩᠨᠡᠵᠦ᠍᠂ 2026 ᠣᠨ ᠵᠢᠴᠢ 《 ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠥᠯᠭᠡ᠎ᠶᠢᠨ ᠬᠤᠭᠤᠴᠠᠭᠠᠨ᠎ᠤ ᠪᠠᠷᠢᠮᠲᠠᠲᠤ ᠺᠢᠨᠤ᠋᠎ᠶᠢ ᠵᠣᠬᠢᠶᠠᠨ ᠪᠦᠲᠦᠭᠡᠬᠦ᠌ ᠲᠥᠯᠥᠪᠵᠢᠭᠦᠯᠭᠡ᠎ᠶᠢ ᠱᠢᠰᠲᠧᠮ᠎ᠲᠡᠶ ᠲᠥᠯᠥᠪᠵᠢᠭᠦᠯᠵᠦ᠍᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠭᠡᠨ᠂ ᠠᠵᠢᠯ ᠲᠦᠷᠦᠯ᠎ᠦᠨ ᠬᠦᠴᠦᠨ᠎ᠢᠶᠠᠨ ᠲᠤᠬᠢᠷᠠᠭᠣᠯᠣᠨ ᠴᠣᠭᠯᠠᠭᠣᠯᠵᠣ᠂ ᠪᠠᠷᠢᠮᠲᠠᠲᠤ ᠺᠢᠨᠤ᠋᠎ᠶᠢᠨ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠤᠨ᠎ᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃

ᠬᠤᠷᠠᠯ᠎ᠠᠴᠠ᠂ ᠪᠠᠷᠢᠮᠲᠠᠲᠤ ᠺᠢᠨᠣ᠋᠎ᠨᠢ ᠤᠯᠤᠰ ᠣᠷᠣᠨ᠎ᠤ ᠲᠥᠯᠥᠭᠡ ᠲᠥᠪ ᠲᠡᠦᠬᠡ  ᠬᠠᠳᠠᠭ᠋ᠠᠯᠠᠬᠤ᠂ ᠦᠨᠳᠦᠰᠦᠲᠡᠨ᠎ᠤ ᠪᠣᠯᠪᠠᠰᠤᠨ᠎ᠢ ᠦᠷᠭᠦᠯᠵᠢᠯᠡᠭᠦᠯᠬᠦ᠂ ᠠᠷᠠᠳ ᠲᠦᠮᠡᠨ᠎ᠤ ᠰᠡᠳᠭᠢᠯᠭᠡ᠎ᠶᠢ ᠣᠶᠠᠩᠭ᠋ᠠᠯᠠᠬᠣ ᠴᠢᠬᠤᠯᠠ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠣᠶᠣᠯ᠎ᠤᠨ ᠢᠲᠡᠭᠡᠯ᠎ᠢᠶᠠᠨ ᠪᠠᠲᠤᠳᠭᠠᠬᠤ᠂ ᠠᠷᠠᠳ ᠲᠦᠮᠡᠨ᠎ᠤ ᠤᠶᠤᠨ ᠰᠠᠨᠠᠭᠠᠨ᠎ᠤ ᠬᠦᠴᠦᠨ᠎ᠢ ᠴᠢᠩᠭᠠᠳᠭᠠᠬᠤ ᠢᠷᠠᠭᠤ ᠠᠯᠳᠠᠷᠲᠤ ᠡᠭᠦᠷᠭᠡ᠎ᠶ᠋ᠢ ᠡᠭᠦᠷᠭᠡᠯᠡᠵᠦ᠍᠂ 《 ᠠᠷᠪᠠᠨ ᠲᠠᠪᠤᠳᠤᠭᠠᠷ ᠲᠠᠪᠤᠨ ᠵᠢᠯ 》 ᠎ᠤᠨ ᠲᠥᠯᠥᠪᠵᠢᠭᠥᠯᠭᠡ᠎ᠳᠤ ᠬᠠᠨᠳᠣᠭᠣᠯᠣᠨ᠂ ᠵᠠᠮ ᠨᠡᠭᠡᠭᠡᠨ ᠤᠷᠤᠭ᠍ᠰᠢᠯᠠᠵᠤ᠂ ᠬᠦᠴᠦᠯᠡᠨ ᠴᠢᠷᠮᠠᠢᠵᠤ ᠦᠢᠯᠡᠰ ᠪᠦᠲᠦᠭᠡᠵᠦ᠍᠂ ᠪᠠᠷᠢᠮᠲᠠᠲᠤ ᠺᠢᠨᠣ᠋ ᠎ᠶ᠋ᠢᠨ ᠶᠡᠭᠡ ᠬᠥᠭ᠌ᠵᠢᠯ ᠴᠡᠴᠡᠭ᠌ᠯᠡᠯ᠎ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠨᠢᠭᠡ᠎ᠳᠤ᠂ ᠰᠡᠳᠦᠪ᠎ᠢ ᠣᠨᠣᠪᠴᠢᠲᠠᠶ ᠰᠣᠩᠭᠤᠵᠤ᠂ ᠬᠡᠬᠦᠳᠡᠭ ᠴᠡᠭᠡᠵᠢᠨ᠎ᠳᠦ᠎ᠪᠡᠨ 《 ᠤᠯᠤᠰ᠎ᠤᠨ ᠶᠡᠭᠡ ᠶᠠᠪᠤᠳᠠᠯ 》᠎ᠢ  ᠪᠠᠭᠲᠠᠭ᠋ᠠᠵᠤ᠂ ᠵᠣᠬᠢᠶᠠᠨ ᠪᠥᠲᠦᠭᠡᠬᠦ ᠪᠠᠶᠠᠨ ᠠᠭᠤᠷᠬᠠᠶ᠎ᠶ᠋ᠢ ᠭᠦᠨ ᠠᠭᠤᠳᠠᠯᠤᠨ᠎ᠠ᠃ ᠤᠷᠲᠤ ᠵᠠᠮ᠎ᠤᠨ ᠠᠶᠠᠨ ᠳᠠᠢᠨ᠎ᠳᠤ ᠢᠯᠠᠯᠲᠠ ᠣᠯᠤᠭ᠍ᠰᠠᠨ 90 ᠵᠢᠯ᠎ᠦᠨ ᠣᠶ᠂ ᠴᠡᠷᠢᠭ ᠪᠠᠢᠭᠤᠯᠤᠭ᠍ᠳᠠᠭ᠍ᠰᠠᠨ 100 ᠵᠢᠯ᠎ᠦᠨ ᠣᠶ ᠵᠡᠷᠭᠡ ᠴᠢᠬᠤᠯᠠ ᠶᠡᠬᠡ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ᠎ᠦᠨ ᠲᠣᠭᠣᠷᠢᠨ᠎ᠳᠤ ᠤᠷᠢᠳᠠᠯ ᠲᠥᠯᠥᠪᠵᠢᠭᠦᠯᠭᠡ ᠬᠢᠬᠦ ᠬᠡᠷᠡᠭ᠌ᠲᠡᠶ᠃ 《 ᠳᠤᠮᠳᠠᠳᠤ ᠤᠯᠤᠰ᠎ᠤᠨ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠰᠣᠶᠣᠯ᠂ ᠳᠤᠮᠳᠠᠳᠤ ᠤᠯᠤᠰ ᠎ᠦᠨ ᠡᠷᠡᠯᠬᠡᠭᠯᠡᠨ ᠣᠷᠣᠭᠰᠢᠯᠠᠯᠲᠠ᠂ ᠳᠤᠮᠳᠠᠳᠤ ᠤᠯᠤᠰ᠎ᠤᠨ ᠠᠭᠤᠯᠠ ᠤᠰᠤ᠂  ᠳᠤᠮᠳᠠᠳᠤ ᠤᠯᠤᠰ᠎ᠤᠨ ᠬᠦᠮᠦᠰ 》 ᠭᠡᠬᠦ᠌ ᠲᠠᠪᠤᠨ ᠶᠡᠭᠡ ᠵᠣᠬᠢᠶᠠᠨ ᠪᠦᠲᠦᠭᠡᠬᠦ᠌ ᠴᠢᠭ᠌ᠯᠡᠯ᠎ᠤᠨ ᠲᠣᠭᠤᠷᠢᠨ᠎ᠳᠤ᠂ ᠱᠢᠰᠲ᠋ᠧᠮ᠎ᠲᠠᠢ ᠲᠥᠯᠥᠪᠵᠢᠭᠦᠯᠬᠦ᠌᠎ᠪᠠᠨ ᠴᠢᠩᠭᠠᠳᠭᠠᠵᠤ᠂ ᠰᠢᠷᠢᠰᠵᠢᠭᠦᠯᠦᠨ ᠵᠣᠬᠢᠶᠠᠨ ᠪᠦᠲᠦᠭᠡᠬᠦ᠌᠎ᠶ᠋ᠢ ᠠᠬᠢᠭᠤᠯᠬᠤ ᠬᠡᠷᠡᠭ᠌ᠲᠡᠢ᠃ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠪᠠᠷᠢᠮᠲᠠᠯᠠᠵᠤ᠂ ᠰᠡᠳᠦᠪ ᠰᠣᠩᠭᠤᠬᠤ ᠡᠬᠢ ᠪᠠᠶᠠᠯᠢᠭ᠎ᠢ ᠥᠷᠭᠡᠳᠭᠡᠵᠦ᠍᠂ ᠡᠭᠦᠳᠡ᠎ᠪᠠᠨ ᠨᠡᠭᠡᠭᠡᠵᠦ᠍ ᠰᠡᠳᠦᠪ ᠰᠣᠩᠭᠤᠬᠤ ᠬᠡᠷᠡᠭ᠌ᠲᠡᠶ᠃ ᠲᠤᠰ ᠭᠠᠵᠠᠷ᠎ᠤᠨ ᠪᠣᠳᠠᠲᠤ ᠪᠠᠢᠳᠠᠯ ᠎ᠳᠦ᠎ᠪᠡᠨ ᠰᠠᠭᠤᠷᠢᠯᠠᠵᠤ᠂ ᠤᠨᠴᠠᠯᠢᠬ᠍ᠳᠤ ᠡᠬᠢ ᠪᠠᠶᠠᠯᠢᠭ᠎ᠢ ᠭᠦᠢᠴᠡᠳ ᠠᠭᠤᠳᠠᠯᠵᠤ᠂ 《 ᠨᠢᠭᠡ ᠭᠠᠵᠠᠷ᠎ᠲᠤ ᠨᠢᠭᠡ ᠵᠠᠩ ᠮᠣᠷᠠᠯ᠎ᠲᠠᠢ᠂ ᠥᠪᠡᠷ ᠥᠪᠡᠷ᠎ᠤᠨ ᠴᠤᠭ ᠵᠠᠯᠢ ᠲᠠᠢ 》 ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠬᠡᠷᠡᠭ᠌ᠲᠡᠢ᠃

ᠬᠤᠶᠠᠷ᠎ᠲᠤ᠌᠂ ᠦᠯᠢᠭᠡᠷ᠎ᠢ ᠰᠠᠢᠲᠤᠷ ᠶᠠᠷᠢᠵᠤ᠂ ᠢᠯᠡᠳᠭᠡᠬᠦ᠌ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠂ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭᠲᠠᠷᠠᠭᠣᠯᠣᠨ᠎ᠠ᠃ ᠠᠷᠠᠳ ᠲᠦᠮᠡᠨ᠎ᠤ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠠᠷᠠᠳ ᠲᠦᠮᠡᠨ᠎ᠤ ᠦᠯᠢᠭᠡᠷ᠎ᠢ ᠰᠠᠢᠲᠤᠷ ᠶᠠᠷᠢᠵᠤ᠂ ᠪᠣᠳᠠᠲᠤ ᠰᠡᠳᠦᠪᠲᠦ ᠪᠠᠷᠢᠮᠲᠠᠲᠤ ᠺᠢᠨᠤ᠋᠎ᠶᠢ ᠵᠣᠬᠢᠶᠠᠨ ᠪᠦᠲᠦᠭᠡᠬᠦ᠌ ᠡᠷᠴᠢᠮ᠎ᠢᠶᠠᠨ ᠴᠢᠩᠭ᠋ᠠᠷᠠᠭᠣᠯᠬᠣ ᠬᠡᠷᠡᠭ᠌ᠲᠡᠢ᠃ ᠵᠣᠬᠢᠶᠠᠨ ᠪᠦᠲᠦᠭᠡᠬᠦ᠌ ᠵᠢᠮ᠎ᠡ ᠶᠣᠰᠣ᠎ᠶ᠋ᠢ ᠵᠢᠷᠤᠮᠯᠠᠵᠤ᠂ ᠦᠯᠢᠭᠡᠷ᠎ᠤᠨ ᠲᠡᠯᠡᠬᠦ᠌ ᠬᠦᠴᠦᠨ᠎ᠢᠶᠠᠨ ᠴᠢᠩᠭᠠᠳᠭᠠᠵᠤ᠂ ᠢᠯᠡᠳᠭᠡᠬᠦ᠌ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠦᠯᠢᠭᠡᠷᠴᠢᠯᠡᠭ᠌ᠰᠡᠨ ᠢᠯᠡᠳᠭᠡᠯ᠎ᠢ ᠰᠤᠷᠬᠤ ᠬᠡᠷᠡᠭ᠌ᠲᠡᠢ᠃ ᠣᠬᠤᠷ ᠸᠢᠳᠢᠣ᠋᠎ᠶ᠋ᠢ ᠢᠳᠡᠪᠬᠢᠲᠡᠢ ᠬᠡᠷᠡᠭ᠌ᠯᠡᠵᠦ᠍᠂ ᠦᠯᠢᠭᠡᠷ᠎ᠤᠨ ᠵᠠᠭᠠᠭ ᠱᠤᠭᠤᠮ᠎ᠳᠤ ᠱᠢᠨ᠎ᠡ᠎ᠶ᠋ᠢ ᠡᠭᠦᠳᠴᠦ᠍᠂ ᠪᠠᠷᠢᠮᠲᠠᠲᠤ ᠺᠢᠨᠤ᠋᠎ᠶᠢ ᠣᠬᠤᠷ ᠸᠢᠳᠢᠣ᠋᠎ᠪᠠᠷ ᠵᠣᠬᠢᠶᠠᠨ ᠪᠦᠲᠦᠭᠡᠵᠦ ᠳᠠᠮᠵᠢᠭᠤᠯᠬᠤ᠎ᠶ᠋ᠢ ᠴᠢᠩᠭᠠᠳᠭᠠᠵᠤ᠂ ᠥᠷᠭᠡᠨ ᠤᠯᠠᠨ ᠲᠦᠮᠡᠨ᠎ᠤ ᠥᠷᠭᠡᠨ᠎ᠢᠶᠠᠷ ᠣᠷᠣᠯᠴᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠢ᠃

ᠭᠤᠷᠪᠠ᠎ᠳᠤ᠂ ᠰᠣᠳᠣᠨ ᠪᠦᠲᠦᠭᠡᠯ᠎ᠢ ᠰᠡᠭᠦᠳᠡᠷᠯᠡᠨ ᠭᠠᠷᠭᠠᠵᠤ᠂ ᠰᠣᠳᠣᠨ ᠪᠦᠲᠦᠭᠡᠯ᠎ᠤᠨ ᠣᠬᠠᠮᠰᠠᠷ᠎ᠢ ᠪᠠᠷᠢᠮᠲᠠᠯᠠᠵᠤ᠂ ᠦᠶ᠎ᠡ ᠤᠯᠠᠮᠵᠢᠯᠠᠬᠤ ᠱᠢᠯᠢᠳᠡᠭ ᠪᠦᠲᠦᠭᠡᠯ᠎ᠢ ᠳᠠᠪᠲᠠᠨ ᠣᠢ᠌ᠯᠡᠳᠣᠨ᠎ᠡ᠃ ᠦᠵᠡᠯ ᠰᠠᠨᠠᠭᠠᠨ᠎ᠤ ᠵᠢᠯᠣᠭᠤᠳᠤᠯᠭ᠎ᠠ᠎ᠪᠠᠨ ᠴᠢᠩᠭ᠋ᠠᠷᠠᠭᠤᠯᠵᠤ᠂ ᠣᠶᠤᠨ ᠰᠠᠨᠠᠭᠠᠨ᠎ᠤ ᠬᠦᠴᠦᠨ᠎ᠢᠶᠠᠨ ᠢᠯᠡᠷᠡᠭᠦᠯᠵᠦ᠍᠂ ᠬᠠᠷᠠᠭᠠᠨ᠎ᠤ ᠥᠷᠭᠡᠴᠡ᠂ ᠣᠶᠤᠨ ᠰᠠᠨᠠᠭᠠᠨ᠎ᠤ ᠡᠷᠴᠢᠮ᠂ ᠦᠵᠡᠯ ᠰᠠᠨᠠᠭᠠᠨ᠎ᠤ ᠭᠦᠨᠴᠡ᠎ᠪᠠᠨ ᠲᠠᠰᠤᠷᠠᠯᠲᠠ ᠥᠬᠡᠶ ᠥᠷᠭᠡᠳᠭᠡᠬᠦ᠌ ᠬᠡᠷᠡᠭ᠌ᠲᠡᠶ᠃ ᠮᠡᠷᠭᠡᠵᠢᠯ᠎ᠤᠨ ᠬᠦᠴᠦᠨ ᠨᠡᠮᠡᠷᠢᠯᠡᠬᠦ᠎ᠶ᠋ᠢ ᠭᠦᠨᠵᠡᠭᠡᠢᠷᠡᠭᠦᠯᠵᠦ᠍᠂ ᠬᠡᠳᠦ ᠥᠨᠳᠥᠷ ᠳᠣᠲᠣᠷᠠᠴᠠᠲᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠷᠭᠡᠵᠢᠯ᠎ᠢ ᠢᠳᠡᠪᠬᠢᠲᠡᠢ ᠬᠡᠷᠡᠭ᠌ᠯᠡᠵᠦ᠍ ᠪᠦᠲᠦᠭᠡᠯ᠎ᠤᠨ ᠶᠠᠰᠤ ᠴᠢᠨᠠᠷ ᠦᠷ᠎ᠡ ᠠᠱᠢᠭ᠎ᠢ ᠴᠢᠩᠭᠠᠳᠭᠠᠬᠤ ᠬᠡᠷᠡᠭ᠌ᠲᠡᠢ᠃ ᠡᠬᠢ ᠪᠠᠶᠠᠯᠢᠭ᠎ᠢ ᠲᠣᠬᠢᠷᠠᠭᠣᠯᠣᠨ ᠴᠣᠭᠯᠠᠭᠣᠯᠵᠣ᠂ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠵᠤ᠂ ᠵᠣᠬᠢᠶᠠᠨ ᠪᠦᠲᠦᠭᠡᠬᠦ᠌ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠲᠤ ᠰᠠᠬᠢᠵᠤ᠂ ᠰᠣᠳᠣᠨ ᠪᠦᠲᠦᠭᠡᠯ᠎ᠢ ᠬᠦᠴᠦᠯᠡᠨ ᠪᠦᠲᠦᠭᠡᠵᠦ᠂ ᠰᠤᠷᠲᠠᠯ᠎ᠢᠶᠠᠨ ᠬᠤᠪᠢᠷᠠᠭᠤᠯᠵᠤ᠂ ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠵᠤ᠂ ᠨᠢᠭ᠍ᠲᠠ᠎ᠠᠴᠠ ᠨᠢᠭ᠍ᠲᠠ ᠣᠪᠣᠷ᠎ᠢᠶᠠᠷ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠬᠡᠷᠡᠭ᠌ᠲᠡᠢ᠃

ᠳᠥᠷᠪᠡ᠎ᠳᠤ᠂ ᠳᠠᠮᠵᠢᠭᠤᠯᠭ᠎ᠠ᠎ᠶ᠋ᠢ ᠥᠷᠭᠡᠳᠭᠡᠵᠦ᠍᠂ ᠪᠠᠷᠢᠮᠲᠠᠲᠤ ᠺᠢᠨᠣ᠋᠎ᠶ᠋ᠢ ᠲᠦᠭ ᠲᠦᠮᠡᠨ ᠠᠢᠯ ᠡᠷᠦᠬᠡ᠎ᠳᠤ ᠭᠦᠨᠵᠡᠭᠡᠢᠷᠡᠭᠦᠯᠦᠨ᠂ ᠳᠡᠯᠡᠬᠡᠶ᠎ᠶ᠋ᠢᠨ ᠲᠠᠪᠴᠠᠩ ᠵᠦᠭ ᠠᠬᠢᠭᠤᠯᠤᠨ᠎ᠠ᠃ ᠪᠠᠷᠢᠮᠲᠠᠲᠤ ᠺᠢᠨᠤ᠋᠎ᠶᠢᠨ ᠲᠦᠷᠦᠯ ᠲᠡᠮᠳᠡᠭ᠎ᠤᠨ ᠪᠤᠯᠤᠩ᠂ ᠱᠢᠵᠢᠷ ᠠᠯᠳᠠᠨ ᠴᠠᠭ᠎ᠤᠨ ᠨᠡᠪᠲᠡᠷᠡᠭᠦᠯᠭᠡ᠎ᠶ᠋ᠢᠨ ᠪᠦᠰᠡ᠂ ᠤᠨᠴᠠᠯᠢᠬ᠍ᠳᠤ ᠤᠳᠤᠨ ᠲᠧᠯᠸᠢᠰ᠎ᠢ ᠢᠳᠡᠪᠬᠢᠲᠡᠢ ᠪᠠᠢᠭᠤᠯᠵᠤ᠂ ᠪᠠᠷᠢᠮᠲᠠᠲᠤ ᠺᠢᠨᠣ᠋᠎ᠶᠢᠨ ᠲᠧᠯᠸᠢᠰ᠎ᠤᠨ ᠦᠵᠦᠭᠦᠷᠯᠢᠭ᠎ᠤᠨ ᠨᠡᠪᠲᠡᠷᠡᠭᠦᠯᠭᠡ᠎ᠶ᠋ᠢᠨ ᠵᠢᠭ᠍ᠰᠠᠭᠠᠯ᠎ᠤᠨ ᠭᠠᠵᠠᠷ᠎ᠢ ᠪᠠᠬᠢᠵᠢᠭᠦᠯᠬᠦ᠌ ᠬᠡᠷᠡᠭ᠌ᠲᠡᠢ; ᠲᠧᠯᠸᠢᠰ ᠰᠦᠯᠵᠢᠶᠡᠨ᠎ᠤ ᠠᠭᠤᠰᠤᠯᠴᠠᠯ᠎ᠢ ᠭᠦᠨᠵᠡᠭᠡᠢᠷᠡᠭᠦᠯᠵᠦ᠍᠂ ᠭᠤᠣᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠳᠤ ᠨᠡᠩ ᠤᠯᠠᠨ ᠱᠢᠯᠢᠳᠡᠭ ᠪᠠᠷᠢᠮᠲᠠᠲᠤ ᠺᠢᠨᠣ᠋ ᠬᠤᠷᠠᠮᠳᠤᠭᠤᠯᠬᠤ᠎ᠶ᠋ᠢ ᠵᠣᠷᠢᠭ᠍ᠵᠢᠭᠤᠯᠵᠤ᠂ ᠲᠸᠯᠸᠢᠰ ᠰᠦᠯᠵᠢᠶ᠎ᠡ᠎ᠶ᠋ᠢ ᠨᠢᠭᠡ ᠴᠤᠬ᠍ᠴᠠᠵᠢᠭᠤᠯᠤᠬ᠍ᠰᠠᠨ ᠪᠠᠷᠢᠮᠲᠠᠲᠤ ᠺᠢᠨᠣ᠋ ᠨᠡᠪᠲᠡᠷᠡᠭᠦᠯᠬᠦ᠌ ᠲᠠᠪᠴᠠᠩ᠎ᠢ ᠥᠷᠭᠡᠳᠭᠡᠵᠦ᠍᠂ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢ ᠬᠦᠴᠦᠷᠬᠡᠭ᠌ᠵᠢᠭᠦᠯᠬᠦ᠌ ᠬᠡᠷᠡᠭ᠌ᠲᠡᠢ᠃ ᠤᠯᠠᠨ ᠤᠯᠤᠰ᠎ᠤᠨ ᠲᠠᠷᠬᠠᠯᠲᠠ᠎ᠪᠠᠨ ᠥᠷᠭᠡᠳᠭᠡᠵᠦ᠍᠂ ᠨᠡᠩ ᠤᠯᠠᠨ 《 ᠳᠤᠮᠳᠠᠳᠤ ᠤᠯᠤᠰ᠎ᠤᠨ ᠰᠡᠳᠦᠪ᠂ ᠤᠯᠠᠨ ᠤᠯᠤᠰ᠎ᠤᠨ ᠢᠯᠡᠳᠭᠡᠯ 》᠎ᠤᠨ ᠱᠢᠯᠢᠳᠡᠭ ᠪᠠᠷᠢᠮᠲᠠᠲᠤ ᠺᠢᠨᠤ᠋᠎ᠶᠢ ᠵᠣᠬᠢᠶᠠᠨ ᠪᠦᠲᠦᠭᠡᠵᠦ᠍ ᠨᠡᠪᠲᠡᠷᠡᠭᠦᠯᠦᠨ᠂ ᠳᠡᠯᠡᠬᠡᠢ ᠳ᠋ᠠᠬᠢᠨ᠎ᠳᠤ ᠢᠲᠡᠭᠡᠭᠦᠱᠢᠲᠡᠢ᠂ ᠬᠠᠢ᠌ᠷᠠᠯᠠᠯᠲᠠᠢ᠂ ᠬᠦᠨᠳᠦᠳᠭᠡᠭᠦᠱᠢᠲᠡᠢ ᠳᠤᠮᠳᠠᠳᠤ ᠤᠯᠤᠰ᠎ᠤᠨ ᠲᠦᠷᠢ ᠲᠥᠷᠬᠦ᠌᠎ᠶ᠋ᠢ ᠢᠯᠡᠷᠡᠭᠦᠯᠬᠦ᠌ ᠬᠡᠷᠡᠭ᠌ᠲᠡᠢ᠃

ᠲᠥᠪ᠎ᠤᠨ ᠤᠬᠠᠭᠤᠯᠬᠤ ᠬᠡᠯᠲᠡᠰ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠤᠯᠤᠰ ᠲᠥᠷᠥ᠎ᠶ᠋ᠢᠨ ᠠᠵᠢᠯ᠎ᠤᠨ ᠬᠡᠯᠲᠡᠰ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠦᠳ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠺᠢᠨᠣ᠋ ᠲᠧᠯᠸᠢᠰ᠎ᠤᠨ ᠲᠥᠪ᠂ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠤᠨ ᠲᠧᠯᠸᠢᠰ ᠬᠤᠷᠢᠶ᠎ᠠ᠂ ᠡᠯ᠎ᠡ ᠮᠤᠵᠢ ( ᠲᠣᠭᠣᠷᠢᠭ᠂ ᠬᠤᠲᠠ )᠎ᠶᠢᠨ ᠷᠠᠳᠢᠣ᠋ ᠲᠧᠯᠸᠢᠰ᠎ᠤᠨ ᠲᠣᠪᠴᠢᠶ᠎ᠠ᠂ ᠡᠯ᠎ᠡ ᠮᠤᠵᠢ᠎ᠶ᠋ᠢᠨ ᠱᠠᠲᠤᠨ᠎ᠤ ᠷᠠᠳᠢᠣ᠋ ᠲᠧᠯᠸᠢᠰ ᠬᠤᠷᠢᠶ᠎ᠠ ᠵᠢᠴᠢ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠤᠨ ᠪᠠᠷᠢᠮᠲᠠᠲᠤ ᠺᠢᠨᠤ᠋᠎ᠶᠢᠨ ᠬᠠᠮᠢᠶᠠᠷᠤᠯᠲᠠ᠂ ᠤᠢ᠌ᠯᠡᠳᠬᠦ᠂ ᠨᠡᠪᠲᠡᠷᠡᠭᠦᠯᠭᠡ᠎ᠶ᠋ᠢᠨ ᠪᠠᠢᠭᠤᠯᠤᠮᠵᠢ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠵᠠᠶ᠃ ᠪᠡᠭᠡᠵᠢᠩ ᠬᠤᠲᠠ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠱᠠᠨᠳᠦ᠋ᠩ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠱᠠᠩᠬᠠᠶ᠎ᠶ᠋ᠢᠨ ᠷᠠᠳᠢᠣ᠋ ᠲᠧᠯᠸᠢᠰ᠎ᠦᠨ ᠬᠤᠷᠢᠶ᠎ᠠ᠂ ᠵᠢᠶᠠᠩᠰᠦ ᠮᠤᠵᠢ᠎ᠶ᠋ᠢᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠵᠧᠵᠢᠶᠠᠩ᠎ᠤᠨ ᠷᠠᠳᠢᠣ᠋ ᠲᠧᠯᠸᠢᠰ᠎ᠤᠨ ᠪᠦᠯᠦᠭ᠌ᠯᠡᠯ᠂ ᠱᠠᠨᠳᠦ᠋ᠩ᠎ᠤᠨ ᠷᠠᠳᠢᠣ᠋ ᠲᠧᠯᠸᠢᠰ᠎ᠤᠨ ᠬᠤᠷᠢᠶ᠎ᠠ᠂ ᠬᠤᠨᠠᠨ᠎ᠤ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠭᠠᠨᠰᠣ ᠮᠣᠵᠢ᠎ᠶᠢᠨ ᠷᠠᠳᠢᠤ᠋ ᠲᠧᠯᠸᠢᠰ᠎ᠦᠨ ᠶᠡᠷᠣᠩᠬᠡᠢ ᠲᠣᠪᠴᠢᠶ᠎ᠠ᠂ ᠲᠧᠩ ᠱᠢᠶᠦ᠋ᠨ ᠸᠢᠳᠢᠤ᠋᠎ᠶ᠋ᠢᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠤᠶᠤᠨ᠎ᠤ ᠬᠦᠮᠦᠷᠭᠡ