12 ᠳ᠋ᠤᠭ᠋ᠠᠷ ᠰᠠᠷ᠎ᠠ᠎ᠶ᠋ᠢᠨ 10 ᠤ ᠡᠳᠦᠷ᠂ 2024 ᠣᠨ — 2025 ᠣᠨ᠎ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠬᠤᠯᠪᠣᠭ᠎ᠠ᠎ᠶ᠋ᠢᠨ ᠰᠣᠶᠣᠯ ᠢᠷᠭᠡᠨᠱᠢᠯ᠎ᠤᠨ ᠰᠣᠯᠢᠯᠴᠠᠭᠠᠨ᠎ᠤ ᠣᠨ᠎ᠤ ᠲᠡᠭᠦᠰᠭᠦ ᠶᠣᠰᠣᠯᠠᠯ ᠮᠠᠯᠠᠢᠱᠢᠶ᠎ᠠ᠎ᠳᠤ ᠶᠠᠪᠤᠭ᠍ᠳᠠᠪᠠ᠃ ᠲᠤᠰ ᠤᠳᠠᠭᠠᠨ᠎ᠤ ᠠᠵᠢᠯᠯᠠᠭ᠎ᠠ᠎ᠶ᠋ᠢ ᠳᠤᠮᠳᠠᠳᠤ ᠤᠯᠤᠰ᠎ᠤᠨ ᠠᠷᠠᠳ ᠲᠦᠮᠡᠨ᠎ᠦ ᠭᠠᠳᠠᠭᠠᠳᠤ᠎ᠯᠤᠭ᠎ᠠ᠎ᠶ᠋ᠢᠨ ᠨᠥᠬᠥᠷᠯᠡᠯ᠎ᠦᠨ ᠨᠡᠢᠭᠡᠮᠯᠢᠭ ᠪᠠ ᠮᠠᠯᠠᠢᠱᠢᠶ᠎ᠠ — ᠳᠤᠮᠳᠠᠳᠤ ᠤᠯᠤᠰ᠎ᠤᠨ ᠨᠥᠬᠥᠷᠰᠡᠭ ᠨᠡᠢᠭᠡᠮᠯᠢᠭ ᠬᠠᠮᠲᠤ ᠪᠠᠷ ᠭᠣᠣᠯᠯᠠᠨ ᠡᠷᠬᠢᠯᠡᠵᠡᠶ᠃ ᠮᠠᠯᠠᠢᠱᠢᠶ᠎ᠠ᠎ᠶ᠋ᠢᠨ ᠶᠡᠷᠦᠩᠬᠡᠢ ᠰᠠᠢᠳ ᠠᠸᠠᠷ ᠠᠵᠢᠯᠯᠠᠭ᠎ᠠ᠎ᠳᠤ ᠵᠠᠬᠢᠳᠠᠯ ᠢᠯᠡᠭᠡᠵᠦ᠍ ᠪᠠᠶᠠᠷ ᠬᠦᠷᠭᠡᠭᠰᠡᠨ᠎ᠢᠶᠡᠨ ᠢᠯᠡᠳᠬᠡᠪᠡ᠃ ᠲᠡᠭᠦᠰᠭᠦ ᠶᠣᠰᠣᠯᠠᠯ ᠳᠡᠭᠡᠷ᠎ᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠬᠤᠯᠪᠣᠭ᠎ᠠ᠎ᠶ᠋ᠢᠨ ᠰᠣᠶᠣᠯ ᠢᠷᠭᠡᠨᠱᠢᠯ᠎ᠤᠨ ᠰᠣᠯᠢᠯᠴᠠᠭᠠᠨ᠎ᠤ ᠣᠨ᠎ᠤ ᠬᠠᠮᠤᠭ᠎ᠤᠨ ᠱᠢᠯᠢᠳᠡᠭ ᠵᠣᠬᠢᠶᠠᠨ ᠪᠠᠢᠭᠤᠯᠤᠯᠲᠠ᠎ᠶ᠋ᠢᠨ ᠱᠠᠩᠨᠠᠯ᠎ᠢ ᠭᠥᠷᠳᠡᠵᠦ᠍᠂ ᠮᠡᠩ ᠭᠦᠸᠧ TV ᠶᠡᠷᠦᠩᠬᠡᠢᠯᠡᠭ᠌ᠰᠡᠨ ᠤᠷᠠᠯᠢᠭ᠎ᠤᠨ ᠫᠷᠣᠭ᠌ᠷᠠᠮ 《 ᠴᠡᠴᠡᠭ ᠪᠠ ᠪᠠᠭᠠᠴᠤᠳ• ᠰᠠᠢᠨ ᠨᠠᠢᠵᠠ᠎ᠶ᠋ᠢᠨ ᠲᠡᠮᠳᠡᠭ᠌ᠯᠡᠯ 》᠎ᠨᠢ ᠰᠣᠶᠣᠯ ᠢᠷᠭᠡᠨᠱᠢᠯ᠎ᠤᠨ ᠰᠣᠯᠢᠯᠴᠠᠭᠠᠨ᠎ᠤ ᠣᠨ᠎ᠤ 《 ᠠᠷᠪᠠᠨ ᠶᠡᠭᠡ ᠲᠥᠷᠥᠯ ᠵᠦᠢᠯ 》 ᠳᠤ ᠰᠣᠩᠭᠤᠭ᠍ᠳᠠᠪᠠ᠃
ᠲᠤᠰ ᠬᠤᠭᠤᠴᠠᠭᠠᠨ᠎ᠤ᠋ ᠰᠣᠯᠢᠯᠴᠠᠭᠠᠨᠤ᠋ ᠣᠨ 26 ᠳ᠋ᠤᠭᠠᠷ ᠤᠳᠠᠭᠠᠨ᠎ᠤ᠋ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶᠢᠨ ᠬᠣᠯᠪᠣᠭᠠᠨᠤ᠋ ᠤᠳᠤᠷᠢᠳᠭᠤ ᠬᠥᠮᠦᠰ᠎ᠦ᠋ᠨ ᠬᠤᠷᠠᠯ ᠳᠡᠭᠡᠷ᠎ᠡ ᠲᠣᠭ᠍ᠲᠠᠭᠠᠬᠤ᠎ᠪᠠᠷ ᠨᠡᠢ᠌ᠲᠡᠯᠡᠪᠡ᠃ ᠬᠣᠶᠠᠷ ᠵᠢᠯ᠎ᠦᠨ ᠲᠤᠷᠰᠢ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠼᠢᠶ᠎ᠠ᠎ᠶ᠋ᠢᠨ ᠬᠣᠯᠪᠣᠭᠠᠨ᠎ᠤ ᠡᠯ᠎ᠡ ᠡᠲᠡᠭᠡᠳ᠎ᠦᠨ᠎ᠬᠢᠨ ᠬᠣᠶᠠᠷ ᠲᠠᠯ᠎ᠠ᠎ᠪᠠᠷ᠎ᠢᠶᠠᠨ 200 ᠭᠠᠷᠤᠢ ᠤᠳᠠᠭ᠋ᠠᠨ᠎ᠤ ᠦᠨᠳᠦᠷ ᠲᠦᠪᠰᠢᠨ ᠲᠠᠢ᠂ ᠦᠨᠳᠦᠷ ᠦᠷ᠎ᠡ ᠪᠦᠲᠦᠭᠡᠯ ᠲᠠᠢ᠂ ᠦᠨᠳᠦᠷ ᠬᠦᠮᠦᠨ᠎ᠦ ᠬᠦᠷᠢᠶᠡᠯᠡᠯ ᠲᠠᠢ ᠬᠦᠮᠦᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠶᠠᠪᠤᠭᠤᠯᠵᠤ᠂ ᠬᠤᠶᠠᠷ ᠲᠠᠯ᠎ᠠ᠎ᠶᠢᠨ ᠠᠷᠠᠳ ᠣᠯᠠᠨ᠎ᠤ ᠰᠤᠶᠤᠯ ᠢᠷᠭᠡᠨᠱᠢᠯ᠎ᠦᠨ ᠬᠠᠷᠢᠯᠴᠠᠭ᠎ᠠ᠎ᠶ᠋ᠢ ᠠᠬᠢᠭᠤᠯᠵᠤ᠂ ᠠᠷᠠᠳ᠎ᠤᠨ ᠰᠡᠳᠭᠢᠯ ᠬᠠᠷᠢᠯᠴᠠᠨ ᠨᠡᠪᠲᠡᠷᠡᠵᠦ ᠨᠡᠢᠭᠡᠮ᠎ᠦᠨ ᠥᠷᠭᠡᠨ ᠨᠥᠯᠦᠭᠡᠯᠡᠯᠢ ᠪᠦᠷᠢᠯᠳᠦᠭᠦᠯᠵᠦ᠍᠂ 《 ᠲᠠᠪᠤᠨ ᠶᠡᠬᠡ ᠭᠡᠷ ᠣᠷᠣᠨ 》᠎ᠢ ᠪᠠᠢᠭᠤᠯᠬᠤ᠎ᠳᠤ ᠨᠡᠢᠭᠡᠮ᠎ᠦᠨ ᠪᠠᠲᠤ ᠪᠡᠬᠢ ᠰᠠᠭᠤᠷᠢ᠎ᠶ᠋ᠢ ᠲᠠᠯᠪᠢᠵᠠᠢ᠃