ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠪᠢᠴᠢᠯ ᠣᠬᠤᠷ ᠵᠦᠴᠦᠭᠡ᠎ᠶ᠋ᠢᠨ 《 ᠬᠤᠶᠠᠷ ᠴᠢᠳᠠᠪᠤᠷᠢᠲᠠᠨ 》 ᠎ᠤ ᠭᠤᠤᠯ ᠰᠡᠳᠦᠪᠲᠦ ᠴᠢᠳᠠᠪᠤᠷᠢᠲᠠᠨ᠎ᠢ ᠬᠦᠴᠦᠷᠬᠡᠭᠵᠢᠭᠦᠯᠬᠦ᠎ᠠᠵᠢᠯᠯᠠᠭ᠎ᠠ ᠥᠷᠨᠢᠭᠦᠯᠪᠡ
2025-12-19

12 ᠳ᠋ᠤᠭ᠋ᠠᠷ ᠰᠠᠷ᠎ᠠ᠎ᠶ᠋ᠢᠨ 8 ᠎ᠤ ᠡᠳᠦᠷ᠎ᠠᠴᠠ 12 ᠎ᠤᠨ ᠡᠳᠦᠷ ᠪᠣᠯᠲᠠᠯ᠎ᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ 《 ᠬᠤᠶᠠᠷ ᠴᠢᠳᠠᠪᠤᠷᠢᠲᠠᠨ》᠎ᠤ ᠴᠢᠳᠠᠪᠤᠷᠢᠲᠠᠨ᠎ᠢ ᠬᠦᠴᠦᠷᠬᠡᠭᠵᠢᠭᠦᠯᠬᠦ ᠠᠵᠢᠯᠯᠠᠭ᠋ᠠᠨ᠎ᠤ 《 ᠥᠯᠢᠭᠡᠷ᠎ᠢ ᠰᠠᠢ᠌ᠲᠤᠷ ᠶᠠᠷᠢᠵᠤ • ᠡᠯ᠎ᠡ ᠵᠤᠢ᠌ᠯ᠎ᠤᠨ ᠠᠵᠢᠯ ᠤᠢ᠌ᠯᠡᠰ᠎ᠲᠤ ᠬᠦᠴᠦᠨ ᠨᠡᠮᠡᠷᠢᠯᠡᠬᠦ 》 ᠪᠢᠴᠢᠯ ᠣᠬᠤᠷ ᠵᠦᠴᠦᠭᠡ᠎ᠶ᠋ᠢᠨ ᠴᠡᠴᠡᠭ᠌ᠯᠡᠯ ᠬᠥᠭ᠌ᠵᠢᠯ ᠵᠣᠬᠢᠶᠠᠨ ᠪᠦᠲᠦᠭᠡᠬᠦ᠌ ᠠᠵᠢᠯᠯᠠᠭ᠎ᠠ ᠱᠠᠨᠰᠢ᠎ᠶ᠋ᠢᠨ ᠰᠢ ᠠᠨ᠎ᠳᠤ ᠶᠠᠪᠤᠭ᠍ᠳᠠᠪᠠ᠃ ᠲᠣᠰ ᠤᠳᠠᠭᠠᠨ᠎ᠤ ᠠᠵᠢᠯᠯᠠᠭ᠎ᠠ᠎ᠶ᠋ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠠᠵᠢᠯᠲᠠᠨ᠎ᠤ ᠶᠠᠪᠤᠳᠠᠯ᠎ᠤᠨ ᠵᠤᠷᠭᠠᠨ᠎ᠠᠴᠠ ᠭᠤᠤᠯᠯᠠᠨ ᠡᠷᠭᠢᠯᠡᠵᠦ᠍᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠰᠤᠳᠤᠯᠤᠨ ᠰᠤᠷᠤᠯᠴᠠᠬᠤ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠍᠂ ᠱᠠᠨᠰᠢ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠬᠠᠮᠵᠢᠯᠴᠠᠨ ᠡᠷᠭᠢᠯᠡᠬᠦ᠌᠎ᠶ᠋ᠢ ᠳᠡᠮᠵᠢᠵᠦ᠍᠂ ᠪᠢᠴᠢᠯ ᠣᠬᠤᠷ ᠵᠦᠴᠦᠭᠡ᠎ᠶ᠋ᠢᠨ ᠰᠣᠳᠣᠨ ᠪᠦᠲᠦᠭᠡᠯ ᠵᠣᠬᠢᠶᠠᠨ ᠪᠦᠲᠦᠭᠡᠬᠦ᠂ ᠡᠯ᠎ᠡ ᠵᠤᠢ᠌ᠯ᠎ᠤᠨ ᠠᠵᠢᠯ ᠲᠦᠷᠦᠯ᠎ᠳᠦ ᠬᠦᠴᠦᠨ ᠨᠡᠮᠡᠷᠢᠯᠡᠬᠦ᠂ ᠰᠠᠢᠨ ᠰᠠᠢᠬᠠᠨ ᠵᠣᠬᠢᠶᠠᠨ ᠪᠦᠲᠦᠭᠡᠬᠦ᠌ ᠠᠮᠢ ᠠᠬᠤᠶ᠎ᠶ᠋ᠢ ᠪᠣᠶ ᠪᠣᠯᠭᠠᠬᠤ ᠵᠡᠷᠭᠡ ᠠᠵᠢᠯ ᠲᠥᠷᠥᠯ᠎ᠤᠨ ᠵᠠᠩᠭᠢᠯᠠᠭ᠎ᠠ᠎ᠶ᠋ᠢᠨ ᠠᠰᠠᠭᠤᠳᠠᠯ᠎ᠤᠨ ᠲᠣᠭᠤᠷᠢᠨ᠎ᠳᠤ᠂ 《 ᠬᠤᠶᠠᠷ ᠴᠢᠳᠠᠪᠤᠷᠢᠲᠠᠨ 》᠎ᠤ ᠢᠨᠵᠧᠨᠧᠷᠢᠩ᠎ᠤᠨ ᠰᠣᠩᠭᠤᠭ᠍ᠳᠠᠭ᠍ᠰᠠᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠦᠵᠡᠭᠦᠯᠬᠦ᠌ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠤ ᠬᠥᠲᠥᠯᠦᠨ ᠳᠠᠭᠠᠭᠤᠯᠬᠤ ᠪᠠ ᠵᠢᠱ᠌ᠢᠶ᠎ᠡ ᠦᠵᠡᠭᠦᠯᠬᠦ᠌ ᠦᠢᠯᠡᠳᠦᠯ᠎ᠢ ᠭᠦᠢᠴᠡᠳ ᠪᠠᠳᠠᠷᠠᠭᠤᠯᠬᠤ᠎ᠶ᠋ᠢᠨ ᠲᠥᠯᠥᠭᠡ ᠶᠤᠮ᠃ ᠪᠦᠬᠦ᠌ ᠤᠯᠤᠰ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠥᠷᠥᠯ᠎ᠤᠨ 26 ᠨᠡᠷᠡᠰ ᠳᠠᠭᠠᠭᠤᠯᠤᠭ᠍ᠴᠢ ᠴᠢᠳᠠᠪᠤᠷᠢᠲᠠᠨ ᠠᠵᠢᠯᠯᠠᠭ᠎ᠠ᠎ᠳᠤ ᠣᠷᠣᠯᠴᠠᠪᠠ᠃

ᠠᠵᠢᠯᠯᠠᠭ᠎ᠠ᠎ᠨᠢ ᠦᠷ᠎ᠡ ᠪᠦᠲᠦᠭᠡᠯ ᠭᠠᠷᠭᠠᠬᠤ ᠪᠠ ᠴᠢᠳᠠᠪᠤᠷᠢᠲᠠᠨ ᠭᠠᠷᠭᠠᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠥᠪ᠎ᠤᠨ ᠠᠵᠢᠯ᠎ᠲᠠᠢ ᠨᠢᠭ᠍ᠲᠠ ᠤᠶᠠᠯᠳᠤᠭᠤᠯᠤᠨ᠂ ᠪᠢᠴᠢᠯ ᠣᠬᠤᠷ ᠵᠦᠴᠦᠭᠡ᠎ᠶ᠋ᠢᠨ ᠠᠵᠢᠯ ᠲᠥᠷᠥᠯ᠎ᠤᠨ᠎ᠬᠢᠨ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠢᠵᠢ ᠪᠥᠷᠢᠳᠦᠭᠦᠯᠬᠦ᠌ ᠦᠢᠯᠡᠴᠢᠯᠡᠭᠡ᠂ ᠣᠢ᠌ᠯᠡᠳᠪᠤᠷᠢᠯᠡᠯ ᠪᠠ ᠵᠢᠭ᠋ᠠᠬᠤ᠎ᠶᠢᠨ ᠠᠭᠤᠰᠤᠯᠴᠠᠯ᠂ ᠥᠭᠡᠷᠡᠴᠢᠯᠡᠯᠲᠡ᠎ᠶ᠋ᠢᠨ ᠬᠡᠯᠪᠡᠷᠢ᠎ᠪᠠᠨ ᠬᠤᠪᠢᠷᠠᠭᠤᠯᠬᠤ᠂ ᠵᠠᠭ᠍ᠪᠤᠷ᠎ᠤᠨ ᠱᠢᠨ᠎ᠡ᠎ᠶ᠋ᠢ ᠡᠭᠦᠳᠬᠦ᠌ ᠵᠡᠷᠭᠡ ᠲᠠᠯ᠎ᠠ᠎ᠪᠠᠷ᠎ᠬᠢ ᠱᠢᠯᠢᠳᠡᠭ ᠦᠢᠯᠡᠳᠦᠯᠭᠡ᠎ᠶ᠋ᠢᠨ ᠬᠡᠷᠡᠭ᠎ᠤᠨ ᠵᠢᠱ᠌ᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠷᠠᠭᠤᠨ ᠣᠷᠣᠨ᠎ᠤ ᠺᠢᠨᠣ᠋᠎ᠶ᠋ᠢᠨ ᠪᠦᠯᠦᠭ᠌ᠯᠡᠯ᠂ ᠴᠢᠦᠢ ᠵᠢᠶᠠᠩ ᠺᠢᠨᠣ᠋ ᠲᠧᠯᠸᠢᠰ᠂ ᠹᠧᠩ ᠬᠠᠩ  ᠰᠤᠶᠤᠯ᠂  ᠵᠦᠸᠸᠢ ᠶᠤᠸᠠᠨ ᠺᠢᠨᠣ᠋ ᠲᠧᠯᠸᠢᠰ᠂  ᠦᠨ ᠡᠦ ᠵᠠᠭᠣᠴᠢᠯᠠᠭᠣᠷ᠂ ᠱᠢᠩ ᠭᠤᠸᠠᠩ ᠶᠢᠩ ᠮᠧᠶ᠂ ᠱᠠᠨᠰᠢ᠎ᠶ᠋ᠢᠨ ᠮᠡᠩ ᠭᠦᠸᠧ ᠺᠢᠨᠣ᠋ ᠲᠧᠯᠸᠢᠰ ᠵᠡᠷᠭᠡ ᠤᠯᠤᠰ᠎ᠤᠨ ᠳᠣᠲᠣᠭᠠᠳᠤ᠎ᠶ᠋ᠢᠨ ᠲᠣᠯᠣᠭ᠋ᠠᠢ᠌ᠯᠠᠭᠴᠢ ᠪᠢᠴᠢᠯ ᠣᠬᠤᠷ ᠵᠦᠴᠦᠭᠡ ᠺᠢᠨᠣ᠋ ᠲᠧᠯᠸᠢᠰ᠎ᠤᠨ ᠤᠢ᠌ᠯᠡᠳᠬᠦ ᠪᠠᠢᠭᠤᠯᠤᠮᠵᠢ᠎ᠳᠦ ᠰᠣᠭᠲᠣᠭᠣᠷᠠᠬᠣ ᠮᠠᠶᠢᠭ᠎ᠤᠨ ᠪᠠᠢᠴᠠᠭᠠᠨ ᠰᠤᠳᠤᠯᠬᠤ᠎ᠪᠠᠷ ᠳᠠᠮᠵᠢᠭᠤᠯᠤᠨ᠂ ᠸᠧᠢ ᠨᠠᠨ᠎ᠦ ᠲᠣᠭᠣᠷ᠎ᠤᠨ ᠬᠦᠷᠢᠶᠡᠯᠡᠩ᠂  ᠠᠷᠪᠠᠨ ᠭᠠᠵᠠᠷ᠎ᠤᠨ ᠹᠧᠩ ᠾᠧ ᠭᠤᠤᠯ᠂ ᠵᠡᠭᠦᠳᠦ ᠪᠦᠲᠦᠭᠡᠬᠦ᠌ ᠦᠢᠯᠡᠳᠪᠦᠷᠢ ᠵᠡᠷᠭᠡ ᠪᠢᠴᠢᠯ ᠣᠬᠤᠷ ᠵᠦᠴᠦᠭᠡ ᠺᠢᠨᠣ᠋ ᠲᠧᠯᠸᠢᠰ᠎ᠤᠨ ᠰᠡᠭᠦᠳᠡᠷᠯᠡᠬᠦ᠌ ᠰᠠᠭᠤᠷᠢᠨ ᠭᠠᠵᠠᠷ᠎ᠢ ᠣᠢ᠌ᠷ᠎ᠠ ᠵᠠᠢ᠎ᠠᠴᠠ ᠱᠢᠨᠵᠢᠯᠡᠨ ᠪᠠᠢᠴᠠᠭᠠᠵᠤ᠂ ᠱᠠᠨᠰᠢ᠎ᠶ᠋ᠢᠨ ᠡᠯ᠎ᠡ ᠱᠠᠲᠤᠨ᠎ᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠤᠯᠪᠣᠭ᠍ᠳᠠᠯ ᠪᠦᠬᠦᠢ ᠨᠥᠬᠦᠳ᠂ ᠠᠵᠢᠯ ᠲᠦᠷᠦᠯ᠎ᠤᠨ ᠲᠤᠰᠭᠠᠢ ᠮᠡᠷᠭᠡᠵᠢᠯᠲᠡᠨ᠂ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠨᠢᠭᠡᠴᠢ ᠪᠠ ᠲᠣᠯᠣᠭ᠋ᠠᠢ᠌ᠯᠠᠭᠴᠢ ᠪᠢᠴᠢᠯ ᠣᠬᠤᠷ ᠵᠦᠴᠦᠭᠡ᠎ᠶ᠋ᠢᠨ ᠠᠵᠢᠯ ᠲᠦᠷᠦᠯ᠎ᠤᠨ ᠬᠠᠷᠢᠭᠣᠴᠠᠯᠭ᠋ᠠᠳᠠᠨ᠂ ᠭᠣᠣᠯᠯᠠᠨ ᠵᠣᠬᠢᠶᠠᠨ ᠪᠦᠲᠦᠭᠡᠬᠦ ᠲᠦᠯᠦᠭᠡᠯᠡᠭᠴᠢ᠂ ᠪᠢᠴᠢᠯ ᠣᠬᠣᠷ ᠵᠦᠴᠦᠭᠡ᠎ᠶᠢᠨ ᠠᠵᠢᠯ ᠲᠦᠷᠦᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠤᠣᠯ ᠰᠡᠳᠦᠪ᠎ᠤᠨ ᠲᠣᠭᠤᠷᠢᠨ᠎ᠳᠤ ᠶᠠᠷᠢᠯᠴᠠᠨ ᠰᠣᠯᠢᠯᠴᠠᠵᠤ᠂ ᠴᠢᠳᠠᠪᠤᠷᠢᠲᠠᠨ ᠪᠣᠯᠤᠨ ᠠᠵᠢᠯ ᠲᠦᠷᠦᠯ᠎ᠳᠤ ᠮᠡᠳᠡᠭᠡ ᠵᠠᠩᠭᠢ ᠨᠡᠪᠲᠡᠷᠡᠯᠴᠡᠬᠦ᠂ ᠰᠡᠳᠭᠢᠬᠦᠢ ᠬᠤᠯᠪᠣᠯᠳᠤᠭ᠍ᠰᠠᠨ᠂ ᠡᠬᠢ ᠪᠠᠶᠠᠯᠢᠭ ᠬᠠᠷᠢᠯᠴᠠᠨ ᠨᠡᠪᠲᠡᠷᠡᠯᠴᠡᠬᠦ᠌ ᠲᠠᠪᠴᠠᠩ᠎ᠤᠨ ᠬᠥᠭᠦᠷᠭᠡ ᠪᠠᠢᠭᠤᠯᠵᠤ᠂ ᠴᠢᠳᠠᠪᠤᠷᠢᠲᠠᠨ᠎ᠤ ᠬᠥᠳᠡᠯᠭᠡᠭᠦᠷ ᠴᠢᠳᠠᠪᠤᠷᠢ᠎ᠶ᠋ᠢ ᠬᠥᠭ᠌ᠵᠢᠭᠡᠵᠦ᠍᠂ ᠴᠢᠳᠠᠪᠤᠷᠢᠲᠠᠨ᠎ᠤ ᠤᠯᠤᠰ ᠲᠦᠷᠦ᠍᠎ᠶ᠋ᠢᠨ ᠲᠣᠭ᠍ᠲᠠᠯ ᠬᠦᠴᠦᠨ᠎ᠢ ᠨᠡᠩ ᠴᠢᠩᠭ᠎ᠠ᠂ ᠬᠡᠯᠪᠡᠷᠢ᠎ᠪᠠᠨ ᠬᠤᠪᠢᠷᠠᠭᠤᠯᠬᠤ ᠴᠢᠳᠠᠪᠤᠷᠢ᠎ᠶ᠋ᠢ ᠨᠡᠩ ᠴᠢᠩᠭ᠎ᠠ᠂ ᠱᠢᠨ᠎ᠡ᠎ᠶ᠋ᠢ ᠡᠭᠦᠳᠬᠦ᠌ ᠬᠡᠪ ᠪᠣᠯᠪᠠᠰᠤᠷᠠᠯ᠎ᠢ ᠨᠡᠩ ᠴᠢᠩᠭ᠎ᠠ ᠪᠣᠯᠭᠠᠪᠠ᠃ 

ᠠᠵᠢᠯ ᠲᠥᠷᠥᠯ᠎ᠤᠨ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠤ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠵᠤ᠂ ᠪᠢᠴᠢᠯ ᠣᠬᠤᠷ ᠵᠦᠴᠦᠭᠡ᠎ᠶ᠋ᠢᠨ ᠠᠵᠤ ᠦᠢᠯᠡᠰ᠎ᠲᠠᠢ ᠬᠤᠤᠰ ᠴᠢᠭ᠌ᠯᠡᠯ᠎ᠢᠶᠠᠷ ᠬᠦᠴᠦᠨ ᠨᠡᠮᠡᠷᠢᠯᠡᠬᠦ᠎ᠶᠢ ᠪᠡᠶᠡᠯᠡᠭᠦᠯᠬᠦ᠌᠎ᠶ᠋ᠢᠨ ᠲᠥᠯᠥᠭᠡ᠂ ᠠᠵᠢᠯᠯᠠᠭ᠎ᠠ᠎ᠨᠢ ᠴᠢᠳᠠᠪᠤᠷᠢᠲᠠᠨ᠎ᠤ ᠬᠠᠷᠢᠶ᠎ᠠ ᠡᠲᠡᠭᠡᠳ᠎ᠤᠨ ᠢᠯᠭᠠᠯ ᠪᠠ ᠲᠤᠰᠭᠠᠶ ᠮᠡᠷᠭᠡᠵᠢᠯ᠎ᠤᠨ ᠬᠦᠷᠢᠶ᠎ᠡ᠎ᠶ᠋ᠢ ᠦᠨᠳᠦᠰᠦᠯᠡᠨ᠂ ᠪᠢᠴᠢᠯ ᠵᠦᠴᠦᠭᠡ᠎ᠶ᠋ᠢᠨ ᠠᠭᠤᠯᠭ᠎ᠠ᠎ᠶ᠋ᠢ ᠵᠣᠬᠢᠶᠠᠨ ᠪᠦᠲᠦᠭᠡᠬᠦ᠂ ᠡᠵᠡᠩᠨᠡᠯᠲᠡ᠎ᠶ᠋ᠢᠨ ᠱᠢᠨ᠎ᠡ᠎ᠶ᠋ᠢ ᠡᠭᠦᠳᠬᠦ᠂  ᠡᠯ᠎ᠡ ᠵᠤᠢ᠌ᠯ᠎ᠤᠨ ᠠᠵᠢᠯ ᠲᠦᠷᠤᠯ᠎ᠳᠤ ᠬᠦᠴᠦᠨ ᠨᠡᠮᠡᠷᠢᠯᠡᠬᠦ ᠭᠤᠷᠪᠠᠨ ᠶᠡᠭᠡ ᠭᠤᠤᠯ ᠰᠡᠳᠦᠪ᠎ᠤᠨ ᠲᠣᠭᠤᠷᠢᠨ᠎ᠳᠤ᠂ ᠳᠠᠭ᠋ᠠᠭᠣᠯᠣᠭᠴᠢ ᠴᠢᠳᠠᠪᠤᠷᠢᠲᠠᠨ᠎ᠢ ᠵᠣᠬᠢᠶᠠᠨ ᠪᠠᠢᠭᠤᠯᠤᠨ ᠣᠯᠤᠯᠲᠠ᠎ᠲᠠᠢ ᠤᠶᠠᠯᠳᠤᠭᠤᠯᠤᠨ ᠪᠠᠢᠴᠠᠭᠠᠨ ᠰᠤᠳᠤᠯᠤᠯᠲᠠ᠎ᠶ᠋ᠢᠨ ᠲᠣᠪᠴᠢ ᠮᠡᠳᠡᠭᠡ᠎ᠶ᠋ᠢ ᠪᠡᠶᠡᠯᠡᠭᠦᠯᠵᠦ᠍᠂ ᠪᠢᠴᠢᠯ ᠣᠬᠤᠷ ᠵᠦᠴᠦᠭᠡ᠎ᠶ᠋ᠢᠨ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠱᠢᠢᠳᠪᠦᠷᠢᠲᠦ ᠪᠣᠳᠣᠯᠭ᠎ᠠ᠎ᠶ᠋ᠢᠨ ᠯᠠᠪᠯᠠᠯᠲᠠ ᠬᠠᠩᠭᠠᠪᠠ᠃ ᠠᠵᠢᠯᠯᠠᠭ᠎ᠠ᠎ᠳᠤ ᠣᠷᠣᠯᠴᠠᠭ᠍ᠰᠠᠨ ᠴᠢᠳᠠᠪᠤᠷᠢᠲᠠᠨ ᠰᠠᠨᠠᠯ ᠨᠢᠭᠡᠲᠡᠶ ᠎ᠪᠡᠷ᠂ ᠲᠣᠰ ᠤᠳᠠᠭᠠᠨ᠎ᠤ 《 ᠪᠢᠯᠵᠤᠤᠬᠠᠢ᠎ᠶᠢᠨ ᠳᠣᠶᠠᠯᠲᠠ 》 ᠮᠠᠶᠢᠭ᠎ᠤᠨ ᠪᠠᠢᠴᠠᠭᠠᠨ ᠰᠤᠳᠤᠯᠤᠯᠲᠠ᠎ᠶ᠋ᠢᠨ ᠠᠵᠢᠯᠯᠠᠭ᠎ᠠ᠎ᠪᠠᠷ ᠳᠠᠮᠵᠢᠭᠤᠯᠤᠨ᠂ ᠪᠢᠴᠢᠯ ᠣᠬᠤᠷ ᠵᠦᠴᠦᠭᠡ᠎ᠶ᠋ᠢᠨ ᠠᠵᠢᠯ ᠲᠥᠷᠥᠯ᠎ᠤᠨ ᠠᠮᠢ ᠠᠬᠤᠶ᠎ᠶ᠋ᠢ ᠳᠦᠷᠰᠦᠯᠢᠭ ᠪᠥᠬᠦ᠌ ᠲᠠᠯ᠎ᠠ᠎ᠪᠠᠷ ᠣᠢᠯᠠᠭᠠᠵᠤ᠂ ᠭᠤᠤᠯ ᠬᠦᠴᠦᠨ᠎ᠤ ᠴᠡᠷᠢᠭ᠎ᠢ ᠭᠤᠤᠯ ᠲᠡᠢᠨ᠎ᠤ ᠲᠠᠯᠠᠪᠤᠷ᠎ᠲᠤ ᠳᠠᠭᠠᠷᠢᠨ ᠣᠷᠣᠭᠤᠯᠵᠤ᠂ ᠭᠤᠤᠯ ᠵᠠᠭᠤᠴᠢᠯᠠᠭᠤᠷ᠎ᠤᠨ ᠱᠢᠰᠲ᠋ᠧᠮᠲᠦ ᠴᠢᠨᠠᠷᠲᠠᠶ ᠥᠭᠡᠷᠡᠴᠢᠯᠡᠯᠲᠡ᠎ᠶ᠋ᠢ ᠠᠬᠢᠭᠤᠯᠤᠨ᠂ ᠷᠠᠳᠢᠣ᠋ ᠲᠧᠯᠸᠢᠰ᠎ᠤᠨ ᠳᠠᠪᠠᠭᠤᠯᠢᠭ᠎ᠢ ᠪᠠᠳᠠᠷᠠᠭᠤᠯᠵᠤ᠂ ᠪᠢᠴᠢᠯ ᠣᠬᠤᠷ ᠵᠦᠴᠦᠭᠡ ᠭᠡᠬᠦ᠌ ᠡᠨᠡ ᠬᠦ᠌ ᠣᠯᠠᠨ ᠲᠦᠮᠡᠨ᠎ᠤ ᠤᠳᠭ᠎ᠠ ᠤᠷᠠᠯᠢᠭ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠲᠣᠰ ᠪᠡᠶ᠎ᠡ᠎ᠶ᠋ᠢᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠳᠤ ᠬᠦᠴᠦᠨ ᠨᠡᠮᠡᠷᠢᠯᠡᠵᠦ᠍᠂ ᠬᠤᠤᠰ ᠴᠢᠭ᠌ᠯᠡᠯ᠎ᠢᠶᠠᠷ ᠬᠦᠴᠦᠨ ᠨᠡᠮᠡᠷᠢᠯᠡᠬᠦ᠎ᠶ᠋ᠢ ᠪᠡᠶᠡᠯᠡᠭᠦᠯᠵᠦ᠂ ᠰᠢᠨ᠎ᠡ ᠪᠣᠳᠣᠯᠬᠢᠯᠠᠯ᠎ᠲᠠᠢ ᠪᠣᠯᠭᠠᠵᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠦᠶ᠋ᠯᠡᠳᠬᠦᠨ ᠨᠢ ᠠᠵᠤ ᠠᠬᠤᠶ᠎ᠶ᠋ᠢᠨ ᠠᠵᠤ ᠦᠶ᠋ᠯᠡᠰ᠎ᠤᠨ ᠬᠥᠭ᠌ᠵᠢᠯᠲᠡ᠎ᠳᠤ ᠬᠡᠷᠬᠢᠨ ᠬᠦᠴᠦᠨ ᠨᠡᠮᠡᠷᠢᠯᠡᠬᠦ᠂ ᠠᠱᠢᠭ᠍ᠲᠠᠶ ᠰᠡᠳᠭᠢᠮᠵᠢ᠎ᠶ᠋ᠢ ᠰᠡᠩᠬᠡᠷᠡᠭᠦᠯᠪᠡ ᠭᠡᠵᠦ ᠢᠯᠡᠷᠬᠡᠢ᠌ᠯᠡᠪᠡ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ