ᠲᠥᠪ᠎ᠦ᠋ᠨ ᠷᠠᠳᠢᠤ᠋ ᠲᠧᠯᠸᠢᠰ᠎ᠦ᠋ᠨ ᠶᠡᠷᠦᠩᠬᠡᠢ ᠬᠣᠷᠢᠶ᠎ᠠ᠎ᠶᠢᠨ ᠲᠥᠪ ᠲᠧᠯᠸᠢᠰ᠎ᠦ᠋ᠨ ᠶᠡᠷᠦᠩᠬᠡᠢ ᠰᠤᠪᠠᠭ᠎ᠤᠨ 2026 ᠣᠨ᠎ᠤ᠋ ᠰᠣᠳᠣᠨ ᠫᠷᠤᠭ᠌ᠷᠠᠮ᠎ᠤ᠋ᠨ ᠭᠠᠷᠴᠠᠭ᠎ᠢ ᠨᠡᠢᠲᠡᠯᠡᠪᠡ !
2025-12-23

12 ᠳ᠋ᠤᠭ᠋ᠠᠷ ᠰᠠᠷ᠎ᠠ᠎ᠶᠢᠨ 6 ᠎ᠤ ᠡᠳᠥᠷ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ᠎ᠶ᠋ᠢᠨ ᠲᠥᠪ ᠲᠧᠯᠸᠢᠰ᠎ᠤᠨ ᠶᠡᠷᠦᠩᠬᠡᠢᠯᠡᠭ᠌ᠰᠡᠨ ᠰᠤᠪᠠᠭ᠎ᠤᠨ 2026 ᠣᠨ᠎ᠤ ᠰᠣᠳᠣᠨ ᠫᠷᠤᠭ᠌ᠷᠠᠮ᠎ᠤᠨ ᠭᠠᠷᠴᠠᠭ᠎ᠢ ᠨᠡᠢᠲᠡᠯᠡᠬᠦ᠌ ᠠᠵᠢᠯᠯᠠᠭ᠎ᠠ ᠪᠡᠭᠡᠵᠢᠩ᠎ᠳᠤ ᠶᠠᠪᠤᠭ᠍ᠳᠠᠵᠤ᠂ 60 ᠪᠥᠯᠥᠭ ᠭᠠᠷᠤᠢ ᠦᠵᠡᠯ ᠰᠠᠨᠠᠭᠠᠨ᠎ᠤ ᠭᠦᠨᠴᠡ᠂ ᠤᠷᠠᠯᠢᠭ᠎ᠤᠨ ᠦᠨᠳᠦᠷᠴᠡ ᠪᠠ ᠣᠷᠮ᠎ᠠ ᠰᠡᠳᠭᠢᠯᠭᠡ᠎ᠶᠢᠨ ᠳᠣᠯᠠᠭ᠋ᠠᠴᠠ ᠵᠡᠷᠭᠡ᠎ᠪᠡᠷ ᠪᠦᠷᠢᠯᠳᠦᠭᠰᠡᠨ ᠰᠣᠳᠣᠨ ᠪᠦᠲᠦᠭᠡᠯ ᠲᠤᠷᠪᠢᠯᠢᠭ ᠵᠤᠬᠢᠶᠠᠯ ᠲᠥᠪᠯᠡᠷᠡᠨ ᠢᠯᠡᠷᠡᠵᠦ᠍᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠤᠨ ᠰᠦᠷ ᠳᠠᠯᠠᠢᠴᠠᠲᠠᠢ ᠠᠭᠤᠷ ᠠᠮᠢᠰᠭᠤᠯ ᠪᠣᠯᠤᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠲᠥᠪ᠎ᠤᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠳᠠᠷᠤᠭ᠎ᠠ ᠱᠧᠨ ᠬᠠᠶ ᠱᠢᠶᠦ᠋ᠩ ᠣᠷᠣᠯᠴᠠᠭ᠍ᠰᠠᠨ ᠪᠥᠭᠡᠳ ᠪᠠᠢᠭᠠᠯᠢ᠎ᠶ᠋ᠢᠨ ᠡᠬᠢ ᠪᠠᠶᠠᠯᠢᠭ᠎ᠤᠨ ᠬᠡᠯᠲᠡᠰ᠎ᠦᠨ ᠳᠡᠳ᠋ ᠳᠠᠷᠣᠭ᠎ᠠ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠱᠢᠤᠢ ᠳ᠋ᠠ ᠴᠦᠨ᠂ ᠲᠠᠷᠢᠶᠠᠯᠠᠩ ᠬᠥᠳᠡᠭᠡ ᠲᠣᠰᠭᠤᠨ᠎ᠤ ᠬᠡᠯᠲᠡᠰ᠎ᠦᠨ ᠳᠡᠳ᠋ ᠳᠠᠷᠣᠭ᠎ᠠ ᠵᠢᠶᠠᠩ ᠸᠧᠨ ᠱᠧᠩ᠂ ᠬᠤᠳᠠᠯᠳᠤᠭᠠᠨ᠎ᠤ ᠶᠠᠪᠤᠳᠠᠯ᠎ᠤᠨ ᠬᠡᠯᠲᠡᠰ᠎ᠦᠨ ᠳᠡᠳ᠋ ᠳᠠᠷᠣᠭ᠎ᠠ ᠶᠠᠨ ᠳ᠋ᠦᠩ᠂ ᠤᠯᠤᠰ᠎ᠤᠨ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ ᠳᠠᠷᠤᠭ᠎ᠠ ᠯᠢᠦ ᠭᠦᠸᠧ ᠬᠤᠩ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠡᠯᠲᠡᠰ᠎ᠦᠨ ᠶᠡᠷᠦᠩᠬᠡᠶ ᠠᠵᠤ ᠠᠬᠤᠢᠴᠢ ᠭᠤᠤ ᠳ᠋ᠦᠩ ᠱᠧᠩ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠨᠠᠢᠷᠠᠭᠤᠯᠬᠤ ᠶᠠᠪᠤᠳᠠᠯ᠎ᠤᠨ ᠬᠤᠷᠠᠯ᠎ᠤᠨ ᠭᠡᠰᠢᠭᠦᠨ ᠯᠢ ᠲᠢᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠳᠣᠮᠳᠠᠲᠣ᠎ᠶᠢᠨ ᠪᠠᠷᠢᠯᠭ᠎ᠠ᠎ᠶᠢᠨ ᠮᠠᠲᠸᠷᠢᠶᠠᠯ᠎ᠤ᠋ᠨ ᠪᠦᠯᠦᠭ᠌ᠯᠡᠯ᠎ᠦ᠋ᠨ ᠲᠡᠷᠢᠭᠦᠨ ᠰᠢᠨᠵᠢᠯᠡᠬᠦ ᠤᠬᠠᠭᠠᠨᠲᠠᠨ ᠫᠧᠨ ᠱᠸᠦ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠳᠤᠮᠳᠠᠳᠤ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠠᠭᠠᠷ᠎ᠤᠨ ᠠᠶᠠᠯᠠᠯ᠎ᠤᠨ ᠪᠣᠳᠠᠰ ᠎ᠢ ᠬᠠᠢᠬᠤ ᠠᠯᠤᠰ ᠰᠡᠷᠡᠯ᠎ᠤᠨ ᠲᠥᠪ᠎ᠤᠨ ᠲᠡᠷᠢᠭᠦᠨ ᠱᠢᠨᠵᠢᠯᠡᠬᠦ᠌ ᠤᠬᠠᠭᠠᠨᠲᠠᠨ ᠱᠢᠶᠦ᠋ᠩ ᠱᠧᠩ ᠴᠢᠩ ᠵᠡᠷᠭᠡ᠎ᠲᠠᠢ ᠬᠠᠮᠲᠤ᠎ᠪᠠᠷ ᠶᠡᠷᠦᠩᠬᠡᠶ ᠲᠣᠪᠴᠢᠶ᠎ᠠ᠎ᠶ᠋ᠢᠨ ᠲᠥᠪ ᠲᠧᠯᠸᠢᠰ᠎ᠤᠨ ᠶᠡᠷᠦᠩᠬᠡᠢᠯᠡᠭ᠌ᠰᠡᠨ ᠰᠤᠪᠠᠭ᠎ᠤᠨ 2026 ᠣᠨ᠎ᠤ ᠰᠣᠳᠣᠨ ᠫᠷᠤᠭ᠌ᠷᠠᠮ᠎ᠤᠨ ᠭᠠᠷᠴᠠᠭ᠎ᠢ ᠨᠡᠢᠲᠡᠯᠡᠪᠡ᠃

ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠶᠡᠷᠦᠩᠬᠡᠶ ᠨᠠᠢᠷᠠᠭᠤᠯᠬᠤ ᠲᠠᠰᠤᠭ᠎ᠤᠨ ᠡᠷᠬᠢᠯᠡᠭ᠌ᠴᠢ ᠼᠠᠢ ᠵᠢᠶᠦ᠋ᠨ ᠪᠠᠶᠠᠷ᠎ᠤᠨ ᠦᠭᠡ᠎ᠳᠦ᠎ᠪᠡᠨ᠂ ᠲᠥᠪ ᠲᠧᠯᠸᠢᠰ᠎ᠤᠨ ᠶᠡᠷᠦᠩᠬᠡᠢᠯᠡᠭ᠌ᠰᠡᠨ ᠰᠤᠪᠠᠭ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠬᠤ᠎ᠶ᠋ᠢ ᠪᠠᠲᠤ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠦᠢᠯᠡᠳᠦᠯᠭᠡᠵᠢᠭᠦᠯᠵᠦ᠍᠂ 《 ᠲᠦᠷᠦᠭᠦᠴᠢ ᠭᠠᠯᠠᠭᠤ᠎ᠶ᠋ᠢᠨ ᠦᠢᠯᠡᠳᠦᠯ 》᠎ᠢ ᠭᠦᠢᠴᠡᠳ ᠪᠠᠳᠠᠷᠠᠭᠤᠯᠵᠤ᠂ 《 ᠦᠵᠡᠯ ᠰᠠᠨᠠᠭ᠎ᠠ + ᠤᠷᠠᠯᠢᠭ + ᠮᠡᠷᠭᠡᠵᠢᠯ 》᠎ᠢ ᠠᠭᠤᠰᠤᠯᠴᠠᠭᠤᠯᠤᠨ ᠤᠯᠠᠮᠵᠢᠯᠠᠬᠤ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ ᠨᠡᠩ ᠴᠢᠩᠭ᠎ᠠ ᠤᠯᠤᠰ ᠲᠦᠷᠦ᠍᠎ᠶ᠋ᠢᠨ ᠡᠭᠦᠷᠭᠡᠯᠡᠯ᠂ ᠨᠡᠩ ᠭᠦᠨ ᠰᠣᠶᠣᠯ᠎ᠤᠨ ᠤᠬᠠᠮᠰᠠᠷ ᠪᠣᠯᠤᠨ ᠨᠡᠩ ᠭᠦᠢᠴᠡᠳ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠢᠶᠠᠷ 《 ᠬᠤᠶᠠᠷ ᠦᠷ᠎ᠡ ᠠᠱᠢᠭ 》᠎ᠢ ᠦᠷᠭᠦᠯᠵᠢᠯᠡᠨ ᠱᠢᠨ᠎ᠡ ᠱᠢᠪᠲᠤᠯᠤᠯᠲᠠ᠎ᠲᠠᠢ ᠪᠣᠯᠭ᠋ᠠᠵᠣ᠂ ᠰᠢᠨ᠎ᠡ ᠡᠯᠪᠡᠭ ᠬᠤᠷᠢᠶᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃ ᠰᠤᠪᠠᠭ᠎ᠤᠨ ᠬᠦᠯᠢᠶᠡᠨ ᠠᠪᠴᠦ ᠦᠵᠡᠬᠦ ᠨᠤᠷᠮ᠎ᠠ 4 ᠵᠢᠯ ᠳᠠᠷᠠᠭᠠᠯᠠᠨ ᠳᠡᠭᠡᠭ᠌ᠰᠢᠯᠡᠵᠦ᠍᠂ ᠬᠦᠯᠢᠶᠡᠨ ᠠᠪᠴᠦ ᠦᠵᠡᠬᠦ ᠬᠤᠪᠢ᠎ᠶ᠋ᠢᠨ ᠲᠣᠭ᠎ᠠ 16 ᠵᠢᠯ ᠱᠢᠨ᠎ᠡ ᠲᠡᠮᠳᠡᠭ᠌ᠯᠡᠯ᠎ᠢ ᠡᠭᠦᠳᠴᠦ᠍᠂ ᠪᠥᠬᠥ᠌ ᠵᠢᠯ᠎ᠤᠨ᠎ᠦᠵᠡᠭ᠌ᠴᠢᠳ᠎ᠦᠨ ᠬᠡᠪᠴᠢᠶ᠎ᠡ ᠨᠡᠢᠲᠡ 10.61 ᠳ᠋ᠦᠩᠱᠢᠭᠤᠷ᠎ᠲᠤ ᠬᠦᠷᠪᠡ᠃ 2026 ᠣᠨ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠥᠯᠭᠡ᠎ᠶᠢᠨ ᠡᠬᠢᠯᠡᠯᠲᠡ᠎ᠶ᠋ᠢᠨ ᠵᠢᠯ ᠪᠣᠯᠤᠨ᠎ᠠ᠂ ᠶᠡᠷᠦᠩᠬᠡᠢᠯᠡᠭ᠌ᠰᠡᠨ ᠰᠤᠪᠠᠭ᠎ᠨᠢ ᠴᠠᠭ ᠦᠶ᠎ᠡ᠎ᠶ᠋ᠢᠨ ᠪᠠᠢᠷᠢᠱᠢᠯ᠎ᠳᠤ ᠰᠠᠭᠤᠷᠢᠯᠠᠵᠤ᠂ 《 ᠤᠯᠤᠰ᠎ᠤᠨ ᠶᠡᠭᠡ ᠶᠠᠪᠤᠳᠠᠯ 》᠎ᠳᠦ ᠠᠩᠬᠠᠷᠤᠯ᠎ᠢᠶᠠᠨ ᠲᠦᠪᠯᠡᠷᠡᠭᠦᠯᠦᠨ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢ ᠵᠢᠷᠤᠭ᠍ᠯᠠᠬᠤ ᠱᠢᠨ᠎ᠡ ᠵᠢᠷᠤᠭ ᠲᠥᠯᠥᠪᠯᠡᠭᠡ᠎ᠶ᠋ᠢᠨ ᠲᠣᠭᠤᠷᠢᠨ᠎ᠳᠤ ᠨᠡᠩ ᠤᠯᠠᠨ ᠬᠦᠴᠦᠷᠬᠡᠭ ᠶᠡᠭᠡ ᠦᠵᠡᠯ ᠰᠠᠨᠠᠭᠠᠨ᠎ᠤ ᠬᠦᠳᠦᠯᠦᠨ ᠳᠠᠭᠠᠭᠤᠯᠬᠤ ᠬᠦᠴᠦᠨ᠂ ᠤᠶᠤᠨ ᠰᠠᠨᠠᠭᠠᠨ᠎ᠤ ᠨᠢᠭ᠍ᠲᠠᠷᠠᠯ᠎ᠤᠨ ᠬᠦᠴᠦᠨ᠂ ᠦᠷᠳᠡᠭ᠎ᠤᠨ ᠢᠪᠡᠭᠡᠯᠲᠦ ᠬᠦᠴᠦᠨ᠂  ᠤᠯᠠᠨ ᠤᠯᠤᠰ᠎ᠤᠨ ᠨᠦᠯᠦᠭᠡᠯᠡᠬᠦ ᠬᠦᠴᠦᠨ ᠲᠠᠢ ᠰᠣᠳᠣᠨ ᠪᠦᠲᠦᠭᠡᠯ ᠲᠤᠷᠪᠢᠯᠢᠭ ᠵᠤᠬᠢᠶᠠᠯ ᠎ᠢ ᠡᠭᠦᠳᠴᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠰᠣᠶᠣᠯ᠎ᠤᠨ ᠰᠠᠭᠤᠷᠢ᠎ᠶ᠋ᠢ ᠪᠠᠬᠢᠵᠢᠭᠦᠯᠬᠦ᠌᠎ᠳᠤ ᠨᠡᠩ ᠶᠡᠭᠡ ᠬᠦᠴᠦᠨ ᠴᠢᠳᠠᠯ᠎ᠢᠶᠠᠨ ᠡᠷᠭᠦᠨ᠎ᠡ᠃

ᠨᠡᠢᠲᠡᠯᠡᠬᠦ᠌ ᠠᠵᠢᠯᠯᠠᠭ᠎ᠠ᠎ᠨᠢ  《 ᠪᠦᠲᠦᠨ ᠳᠡᠯᠭᠡᠴᠡ᠎ᠪᠠᠷ ᠰᠣᠳᠣᠨ ᠪᠦᠲᠦᠭᠡᠯ ᠭᠠᠷᠭᠠᠵᠤ ᠰᠢᠨ᠎ᠡ ᠬᠠᠭᠤᠳᠠᠰᠤ᠎ᠶ᠋ᠢ ᠪᠢᠴᠢᠭ᠌ᠯᠡᠬᠦ᠌ 》᠎ᠪᠠᠷ ᠭᠤᠤᠯ ᠰᠡᠳᠦᠪ ᠪᠣᠯᠭᠠᠵᠤ᠂ ᠳᠥᠷᠪᠡᠨ ᠶᠡᠭᠡ ᠪᠦᠯᠥᠭ ᠬᠤᠪᠢᠶᠠᠪᠠ᠃ 《 ᠲᠦᠮᠡᠨ ᠦᠵᠡᠮᠵᠢ ᠲᠡᠭᠦᠰ ᠪᠦᠷᠢᠳᠬᠦ 》 ᠪᠦᠯᠥᠭ᠎ᠨᠢ ᠴᠢᠨᠠᠷ ᠰᠠᠢᠲᠠᠶ ᠬᠥᠭ᠌ᠵᠢᠯᠲᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭ᠌ᠵᠢᠭᠦᠯᠬᠦ᠂ ᠣᠳᠣᠬᠢᠴᠢᠯᠠᠭ᠍ᠰᠠᠨ ᠠᠵᠤ ᠦᠢᠯᠡᠰ᠎ᠤᠨ ᠲᠣᠭᠲᠠᠯᠴᠠᠭ᠎ᠠ᠎ᠢ ᠪᠠᠢᠭᠤᠯᠬᠤ ᠵᠡᠷᠭᠡ ᠴᠢᠬᠤᠯᠠ ᠶᠡᠭᠡ ᠭᠤᠤᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠠᠭᠤᠤ ᠶᠡᠭᠡ ᠬᠤᠪᠢᠰᠤᠯᠲᠠ ᠪᠠ ᠬᠡᠷᠡᠯ ᠰᠠᠴᠤᠷᠠᠩᠭᠤᠶ ᠠᠮᠵᠢᠯᠲᠠ᠎ᠶ᠋ᠢ ᠢᠯᠡᠷᠡᠭᠦᠯᠪᠡ᠃ ᠲᠣᠮᠣ ᠬᠡᠯᠪᠡᠷᠢ᠎ᠶᠢᠨ ᠠᠵᠦ ᠤᠢ᠌ᠯᠡᠳᠪᠤᠷᠢ᠎ᠶᠢᠨ ᠰᠣᠶᠣᠯ᠎ᠤᠨ ᠫᠷᠣᠭ᠌ᠷᠠᠮ 《 ᠳᠣᠮᠳᠠᠲᠣ ᠣᠯᠣᠰ᠎ᠤᠨ ᠠᠵᠦ ᠤᠢ᠌ᠯᠡᠳᠪᠤᠷᠢ᠎ᠶᠢᠨ ᠰᠢᠯᠭ᠋ᠠᠯᠲᠠ᠎ᠶᠢᠨ ᠲᠡᠮᠲᠡᠭᠯᠡᠯ ( ᠬᠤᠶᠠᠳᠣᠭ᠋ᠠᠷ ᠣᠯᠠᠷᠢᠯ ) 》 ᠨᠢ ᠳᠣᠮᠲᠠᠲᠤ ᠣᠯᠣᠰ᠎ᠤᠨ ᠣᠳᠣ ᠪᠠᠢᠭ᠎ᠠ ᠬᠠᠮᠤᠭ᠎ᠤ᠋ᠨ ᠡᠷᠲᠡᠨ᠎ᠦ᠌ ᠭᠠᠷ ᠦᠢᠯᠡᠳᠪᠦᠷᠢ᠎ᠶᠢᠨ ᠮᠡᠷᠭᠡᠵᠢᠯ᠎ᠦ᠋ᠨ ᠲᠤᠰᠭᠠᠢ ᠪᠦᠲᠦᠭᠡᠯ 《 ᠠᠵᠤ ᠦᠢᠯᠡᠳᠪᠦᠷᠢ᠎ᠶᠢᠨ ᠰᠢᠯᠭ᠋ᠠᠯᠲᠠ᠎ᠶᠢᠨ ᠲᠡᠮᠳᠡᠭ᠌ᠯᠡᠯ》᠎ᠡᠴᠡ ᠡᠬᠢᠯᠡᠨ᠂ ᠲᠡᠦᠬᠡ᠎ᠪᠡᠷ ᠡᠬᠢ ᠰᠤᠷᠪᠤᠯᠵᠢ᠎ᠶᠢ ᠡᠷᠢᠵᠦ᠍᠂ ᠳᠡᠯᠡᠬᠡᠢ ᠳᠡᠭᠡᠷᠡᠬᠢ ᠬᠠᠮᠤᠭ᠎ᠤ᠋ᠨ ᠪᠦᠷᠢᠨ ᠪᠦᠲᠦᠨ ᠠᠵᠤ ᠦᠢᠯᠡᠳᠪᠦᠷᠢ᠎ᠶᠢᠨ ᠲᠣᠭᠲᠠᠯᠴᠠᠭ᠎ᠠ᠎ᠶᠢᠨ ᠠᠷᠤ᠎ᠳ᠋ᠠᠬᠢ ᠬᠦᠴᠦᠨ ᠴᠢᠳᠠᠯ᠎ᠤ᠋ᠨ ᠡᠬᠢ ᠰᠤᠷᠪᠤᠯᠵᠢ ᠪᠣᠯᠤᠨ ᠰᠣᠶᠣᠯ᠎ᠤ᠋ᠨ ᠰᠠᠭᠤᠷᠢ᠎ᠶᠢ ᠢᠯᠡᠷᠡᠭᠦᠯᠪᠡ; ᠰᠢᠷᠢᠰ ᠫᠷᠤᠭ᠌ᠷᠠᠮ 《 ᠭᠦᠨ ᠳᠠᠯᠠᠢ᠎ᠶᠢᠨ ᠲᠣᠨᠣᠭ ᠲᠥᠬᠥᠭᠡᠷᠦᠮᠵᠢ 》᠂ 《 ᠰᠠᠨᠰᠠᠷ᠎ᠤ᠋ᠨ ᠠᠶᠠᠯᠠᠯ᠎ᠤ᠋ᠨ ᠤᠶᠤᠨᠴᠢ ᠪᠦᠲᠦᠭᠡᠯ 》᠂ 《 ᠡᠨᠧᠷᠭᠢ᠎ᠶᠢᠨ ᠯᠤᠭ᠍ᠱᠢᠭᠤᠨ ᠰᠤᠳᠠᠰᠤ 》᠂ 《 ᠳᠤᠮᠳᠠᠳᠤ ᠤᠯᠤᠰ᠎ᠤ᠋ᠨ ᠰᠢᠨ᠎ᠡ ᠦᠨᠳᠦᠰᠦᠨ ᠪᠦᠲᠦᠭᠡᠨ ᠪᠠᠢᠭᠤᠯᠤᠯᠲᠠ 》 ᠭᠡᠬᠦ᠌ ᠪᠦᠬᠦ᠌ ᠦᠵᠡᠮᠵᠢ ᠨᠢ ᠤᠯᠤᠰ᠎ᠤ᠋ᠨ ᠡᠳ᠋ ᠬᠥᠷᠥᠩᠭᠡ᠎ᠶᠢᠨ ᠲᠥᠪ᠎ᠦ᠋ᠨ ᠠᠵᠤ ᠠᠬᠤᠢᠯᠠᠯ᠎ᠤ᠋ᠨ ᠤᠯᠤᠰ ᠠᠷᠠᠳ᠎ᠤ᠋ᠨ ᠠᠵᠤ ᠠᠬᠤᠢ᠎ᠶᠢᠨ ᠠᠮᠢᠨ ᠰᠤᠳᠠᠰᠤ ᠎ᠲᠠᠢ ᠬᠣᠯᠪᠣᠭ᠍ᠳᠠᠬᠤ ᠴᠢᠬᠤᠯᠠ ᠠᠵᠢᠯ ᠲᠥᠷᠥᠯ ᠪᠠ ᠵᠠᠩᠭᠢᠯᠠᠭ᠎ᠠ᠎ᠶᠢᠨ ᠬᠦᠷᠢᠶᠡᠨ᠎ᠳ᠋ᠡᠬᠢ ᠴᠢᠬᠤᠯᠠ ᠦᠢᠯᠡᠳᠦᠯ᠎ᠢ᠋ ᠢᠯᠡᠷᠡᠭᠦᠯᠪᠡ; ᠴᠠᠭᠠᠨ ᠰᠠᠷ᠎ᠠ᠎ᠶᠢᠨ ᠣᠨᠴᠠᠭᠠᠢ ᠫᠷᠣᠭ᠌ᠷᠠᠮ 《 ᠠᠪᠣᠨ ᠡᠬᠢᠯᠡᠮᠡᠭᠴᠡ ᠠᠮᠵᠢᠯᠲᠠ ᠣᠯᠬᠣ • ᠳᠤᠮᠳᠠᠳᠤ ᠤᠯᠤᠰ᠎ᠤ᠋ᠨ ᠣᠨ 》 ᠨᠢ 《 ᠢᠳᠡᠪᠬᠢᠲᠦ ᠵᠢᠯ᠎ᠦᠨ ᠵᠠᠩ ᠦᠢᠯᠡ᠎ᠶᠢᠨ ᠮᠦᠽᠸᠢ 》 ᠭᠡᠵᠦ ᠨᠡᠷᠡᠯᠡᠭᠳᠡᠭᠰᠡᠨ ᠭᠠᠨᠰᠦ᠎ᠶᠢᠨ ᠯᠦᠩ ᠨᠠᠨ ᠬᠣᠲᠠ᠎ᠳ᠋ᠤ ᠣᠷᠣᠵᠤ᠂ ᠦᠵᠡᠭ᠌ᠴᠢᠳ᠎ᠢ᠋ ᠳᠠᠭᠠᠭᠤᠯᠤᠨ ᠡᠯ᠎ᠡ ᠭᠠᠵᠠᠷ᠎ᠤ᠋ᠨ ᠴᠠᠭᠠᠨ ᠰᠠᠷ᠎ᠠ᠎ᠶᠢᠨ ᠵᠠᠩ ᠦᠢᠯᠡ᠎ᠶᠢ ᠤᠢ᠌ᠯᠠᠭ᠋ᠠᠭᠤᠯᠵᠤ᠂ ᠰᠣᠶᠣᠯ᠎ᠤ᠋ᠨ ᠠᠭᠤᠯᠭ᠎ᠠ ᠪᠢᠯᠬᠠᠭᠰᠠᠨ ᠰᠢᠨ᠎ᠡ ᠵᠢᠯ᠎ᠦ᠋ᠨ ᠢᠷᠦᠭᠡᠯ ᠳᠡᠪᠰᠢᠭᠦᠯᠪᠡ !      《2026 ᠣᠨ᠎ᠤ ᠬᠣᠲᠠ᠎ᠶᠢᠨ ᠴᠣᠭ ᠪᠢᠯᠢᠭ᠎ᠤᠨ ᠲᠡᠮᠲᠡᠭᠯᠡᠯ 》᠂ 《 ᠭᠤᠷᠪᠠᠨ ᠬᠣᠭᠣᠯᠠ ᠳᠥᠷᠪᠡᠨ ᠤᠯᠠᠷᠢᠯ ( ᠳᠥᠷᠪᠡᠳᠦᠭᠡᠷ ᠤᠯᠠᠷᠢᠯ ) 》᠂   《 ᠰᠦᠨᠢ ᠦᠳᠡᠰᠢᠯᠡᠭᠡᠳᠦᠢ 》᠂ 《 ᠡᠬᠢ ᠪᠠᠶᠠᠯᠢᠭ᠎ᠠᠴᠠ ᠰᠣᠷᠭᠣᠭ ᠢᠳᠡᠰᠢ ᠡᠷᠢᠬᠦ ( ᠬᠤᠶᠠᠳᠣᠭ᠋ᠠᠷ ᠣᠯᠠᠷᠢᠯ )》 ᠵᠡᠷᠭᠡ ᠨᠡᠷᠡᠲᠦ ᠲᠡᠮᠳᠡᠭ᠎ᠦ᠋ᠨ ᠫᠷᠤᠭ᠌ᠷᠠᠮ ᠨᠢ ᠦᠷᠭᠦᠯᠵᠢᠯᠡᠨ ᠰᠢᠨ᠎ᠡ᠎ᠪᠡᠷ ᠨᠡᠮᠡᠭ᠌ᠳᠡᠵᠦ᠍᠂ ᠬᠣᠲᠠ᠎ᠶᠢᠨ ᠵᠠᠰᠠᠯᠲᠠ᠎ᠶᠢᠨ ᠣᠶᠤᠨ ᠤᠬᠠᠭᠠᠨ᠎ᠢ᠋ ᠬᠠᠢᠨ ᠰᠦᠪᠡᠭ᠌ᠴᠢᠯᠡᠵᠦ᠍᠂ ᠬᠥᠮᠦᠨ᠎ᠦ᠌ ᠠᠮᠢᠳᠣᠷᠠᠯ᠎ᠤᠨ ᠠᠭᠣᠷ ᠠᠮᠢᠰᠬᠤᠯ ᠪᠠ ᠰᠠᠢᠨ ᠰᠠᠢᠬᠠᠨ ᠠᠮᠢᠳᠤᠷᠠᠯ᠎ᠢ᠋ ᠳᠡᠯᠭᠡᠨ ᠦᠵᠡᠭᠦᠯᠵᠦ᠍᠂ ᠢᠳᠡᠭᠡᠨ᠎ᠦ᠌ ᠠᠷᠤ᠎ᠳ᠋ᠠᠬᠢ ᠪᠠᠢᠭᠠᠯᠢ᠎ᠶᠢᠨ ᠭᠧᠨ ᠪᠣᠯᠤᠨ ᠬᠦᠮᠦᠨ ᠰᠣᠶᠣᠯ᠎ᠤᠨ ᠦᠯᠢᠭᠡᠷ᠎ᠢ ᠬᠠᠢᠨ ᠰᠦᠪᠡᠭ᠌ᠴᠢᠯᠡᠵᠡᠢ᠃

《 ᠪᠣᠯᠪᠠᠰᠤᠨ᠎ᠤ ᠢᠷᠠᠭᠤ ᠬᠠᠭᠤᠳᠠᠰᠤ 》᠎ᠶ᠋ᠢᠨ ᠪᠦᠯᠥᠭ᠎ᠨᠢ ᠳᠤᠮᠳᠠᠳᠤ ᠤᠯᠤᠰ᠎ᠤᠨ ᠵᠠᠭᠤᠨ ᠲᠦᠮᠡᠨ ᠵᠢᠯ᠎ᠤᠨ ᠬᠥᠮᠦᠨ ᠲᠥᠷᠥᠯᠬᠢᠲᠡᠨ᠎ᠤ ᠲᠡᠤᠬᠡ᠂ ᠲᠦᠮᠡᠨ ᠵᠢᠯ᠎ᠤᠨ ᠰᠣᠶᠣᠯ᠎ᠤᠨ ᠲᠡᠤᠬᠡ᠂ ᠲᠠᠪᠤᠨ ᠮᠢᠩᠭ᠎ᠠ ᠭᠠᠷᠤᠶ ᠵᠢᠯ᠎ᠤᠨ ᠪᠣᠯᠪᠠᠰᠤᠨ᠎ᠤ ᠲᠡᠤᠬᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ ᠬᠡᠮᠵᠢᠯ᠎ᠡᠴᠡ ᠳᠤᠮᠳᠠᠳᠤ᠎ᠶ᠋ᠢᠨ ᠪᠣᠯᠪᠠᠰᠤᠨ᠎ᠤ ᠭᠦᠨ ᠵᠤᠵᠠᠭᠠᠨ ᠠᠭᠤᠯᠤᠭ᠍ᠳᠠᠬᠤᠨ ᠪᠣᠯᠣᠨ ᠥᠨᠢ ᠤᠳᠠᠭᠠᠨ᠎ᠤ ᠱᠢᠨ᠎ᠡ ᠴᠠᠭ ᠦᠶ᠎ᠡ᠎ᠶ᠋ᠢᠨ ᠦᠨ᠎ᠡ ᠥᠷᠲᠡᠭ᠎ᠢ ᠣᠯᠠᠨ ᠲᠠᠯ᠎ᠠ᠎ᠪᠠᠷ ᠢᠯᠡᠷᠡᠭᠦᠯᠪᠡ᠃ 《 ᠳᠤᠮᠳᠠᠳᠤ᠎ᠶ᠋ᠢᠨ ᠢᠳᠡᠭᠡᠨ ᠤᠮᠳᠠᠭᠠᠨ᠎ᠤ ᠣᠢᠯᠠᠯᠭ᠎ᠠ 》᠎ᠨᠢ ᠣᠯᠠᠨ ᠦᠶ᠎ᠡ᠎ᠶ᠋ᠢᠨ 《 ᠢᠳᠡᠭᠡᠨ ᠤᠮᠳᠠᠭᠠᠨ᠎ᠤ ᠣᠢᠯᠠᠯᠭ᠎ᠠ 》᠎ᠶ᠋ᠢᠨ ᠰᠤᠳᠠᠰᠤ ᠶᠣᠰᠣᠭᠠᠷ᠂ ᠨᠡᠢᠭᠡᠮ ᠠᠵᠤ ᠠᠬᠤᠶ᠎ᠶ᠋ᠢᠨ ᠬᠠᠷᠠᠭᠠᠰᠤ᠎ᠠᠴᠠ ᠳᠤᠮᠳᠠᠳᠤ᠎ᠶ᠋ᠢᠨ ᠪᠣᠯᠪᠠᠰᠤᠨ᠎ᠢ ᠲᠠᠢᠯᠪᠤᠷᠢᠯᠠᠵᠤ᠂ ᠨᠢᠭᠡ ᠤᠳᠠᠭᠠᠨ᠎ᠤ ᠡᠷᠲᠡ ᠡᠳᠦᠭᠡ᠎ᠳᠤ ᠨᠡᠪᠲᠡᠷᠡᠬᠦ᠌ ᠰᠣᠶᠣᠯ᠎ᠤᠨ ᠬᠠᠢᠨ ᠰᠦᠪᠡᠭ᠌ᠴᠢᠯᠡᠯᠲᠡ᠎ᠶ᠋ᠢ ᠡᠬᠢᠯᠡᠭᠦᠯᠪᠡ; 《 ᠬᠦᠷᠡᠯ ᠴᠢᠯᠠᠭᠤᠨ᠎ᠤ ᠪᠣᠯᠪᠠᠰᠤᠨ᠎ᠢ ᠬᠠᠢᠨ ᠰᠦᠪᠡᠭ᠌ᠴᠢᠯᠡᠬᠦ᠌ 》 ᠨᠢ 《 ᠬᠦᠷᠡᠯ ᠴᠢᠯᠠᠭᠤ 》᠎ᠪᠠᠷ ᠲᠦᠯᠬᠢᠭᠦᠷ ᠪᠣᠯᠭᠠᠵᠤ᠂ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠪᠠ ᠲᠡᠦᠬᠡ᠎ᠶ᠋ᠢᠨ ᠰᠤᠳᠤᠯᠭᠠᠨ᠎ᠤ ᠬᠠᠮᠤᠭ᠎ᠤᠨ ᠱᠢᠨ᠎ᠡ ᠦᠷ᠎ᠡ ᠪᠦᠲᠦᠭᠡᠯ᠎ᠲᠠᠢ ᠤᠶᠠᠯᠳᠤᠭᠤᠯᠤᠨ᠂ ᠡᠷᠲᠡᠨ᠎ᠤ ᠳᠤᠮᠳᠠᠳᠤ ᠤᠯᠤᠰ ᠬᠢᠭᠡᠳ ᠣᠳᠣ ᠦᠶ᠎ᠡ᠎ᠶ᠋ᠢᠨ ᠳᠤᠮᠳᠠᠳᠤ ᠤᠯᠤᠰ᠎ᠤᠨ ᠬᠤᠯᠪᠣᠯᠳᠤᠭ᠍ᠰᠠᠨ ᠨᠢᠭᠤᠴᠠ ᠲᠡᠮᠲᠡᠭ᠎ᠢ ᠲᠠᠢᠯᠪᠠ; 《 ᠬᠦᠨᠳᠦᠲᠦ ᠪᠠᠭᠰᠢ᠎ᠶᠢᠨ ᠰᠣᠯᠠ ᠨᠠᠮᠳᠡᠷ • ᠤᠷᠢᠳ ᠴᠢᠨ᠎ᠤ ᠣᠯᠠᠨ ᠡᠷᠳᠡᠮᠲᠡᠳ 》 ᠨᠢ 《 ᠨᠢᠭᠡ ᠦᠶ᠎ᠡ᠎ᠶ᠋ᠢᠨ ᠪᠠᠭ᠍ᠰᠢ᠎ᠶ᠋ᠢ ᠰᠤᠷᠪᠤᠯᠵᠢᠯᠠᠵᠤ᠂ ᠮᠢᠩᠭᠠᠨ ᠣᠨ᠎ᠤ ᠰᠣᠶᠣᠯ᠎ᠤᠨ ᠰᠤᠳᠠᠰᠤ᠎ᠶ᠋ᠢ ᠡᠷᠢᠯᠬᠢᠯᠡᠬᠦ᠌ 》 ᠭᠤᠣᠯ ᠰᠡᠳᠦᠪ᠎ᠢ ᠪᠠᠷᠢᠮᠲᠠᠯᠠᠵᠤ᠂ ᠺᠦᠩᠽᠢ᠂ ᠯᠣᠣᠽᠢ ᠵᠡᠷᠭᠡ ᠤᠷᠢᠳ ᠴᠢᠨ ᠤᠯᠤᠰ᠎ᠤᠨ ᠦᠶ᠎ᠡ᠎ᠶ᠋ᠢᠨ ᠡᠷᠳᠡᠮᠲᠡᠳ 《 ᠨᠢᠭᠡ ᠲᠠᠢᠰᠠᠨ ᠳᠡᠭᠡᠷ᠎ᠡ ᠥᠭᠦᠯᠡᠨ ᠶᠠᠷᠢᠬᠤ 》 ᠂ 《 ᠦᠢ ᠤᠯᠠᠨ ᠡᠷᠳᠡᠮᠲᠡᠨ᠎ᠢ  ᠴᠢᠯᠥᠭᠡᠲᠡᠢ ᠶᠠᠷᠢᠯᠴᠠᠭᠤᠯᠬᠤ》 ᠰᠣᠶᠣᠯ᠎ᠤᠨ ᠭᠠᠢᠬᠠᠮᠱᠢᠭ᠎ᠢ ᠴᠣ ᠱᠢᠨ᠎ᠡ ᠳᠡᠯᠭᠡᠨ ᠦᠵᠡᠭᠦᠯᠪᠡ; 《 ᠪᠣᠳᠠᠰ᠎ᠤᠨ ᠪᠤᠰᠤ ᠰᠣᠶᠣᠯ᠎ᠤᠨ ᠥᠪ᠎ᠤᠨ ᠳᠤᠮᠳᠠᠳᠤ ᠤᠯᠤᠰ ( ᠲᠠᠪᠤᠳᠤᠭᠠᠷ ᠤᠯᠠᠷᠢᠯ )》᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠱᠢᠨ᠎ᠡ᠎ᠶ᠋ᠢ ᠡᠭᠦᠳᠬᠦ᠌ ᠬᠡᠷᠡᠭ᠌ᠯᠡᠭᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ ᠰᠢᠨ᠎ᠡ ᠪᠠᠢᠳᠠᠯ᠎ᠢ ᠢᠯᠡᠷᠡᠭᠦᠯᠪᠡ; 《 2026 ᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠳᠡᠱᠢᠯᠡᠭᠡ 》᠎ᠨᠢ 《 ᠵᠡᠪᠰᠡᠭ᠎ᠤᠨ ᠡᠷᠳᠡᠮ᠎ᠤᠨ ᠨᠤᠲᠤᠭ 》 ᠾᠧᠪᠸᠢ᠎ᠶ᠋ᠢᠨ ᠼᠠᠩᠵᠧᠤ᠎ᠳᠤ ᠡᠮᠦᠨ᠎ᠡ ᠤᠮᠠᠷ᠎ᠠ᠎ᠶ᠋ᠢ ᠨᠡᠪᠲᠡᠷᠡᠭᠦᠯᠬᠦ᠂ ᠡᠷᠲᠡ ᠡᠳᠦᠭᠡ᠎ᠶ᠋ᠢ ᠠᠭᠤᠰᠤᠯᠴᠠᠭᠤᠯᠬᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠪᠡᠳᠡᠭ᠌ᠰᠢ ᠨᠠᠢᠷ᠎ᠢ ᠪᠠᠢᠭᠤᠯᠬᠤ ᠪᠣᠯᠤᠨ᠎ᠠ᠃ ᠱᠢᠷᠢᠰ ᠫᠷᠤᠭ᠌ᠷᠠᠮ 《 ᠡᠮᠦᠨᠡᠳᠤ ᠭᠣᠸᠠᠩᠳᠦ᠋ᠩ᠎ᠤᠨ ᠲᠡᠮᠳᠡᠭ᠌ᠯᠡᠯ 》᠂ 《 ᠬᠤᠨᠠᠨ᠎ᠤ ᠲᠡᠮᠳᠡᠭ᠌ᠯᠡᠯ 》᠂ 《 ᠬᠦᠷᠡᠯ᠎ᠤᠨ ᠲᠡᠮᠳᠡᠭ᠌ᠯᠡᠯ 》᠂ 《 ᠲᠠᠯᠠᠢ᠎ᠶ᠋ᠢᠨ ᠠᠷᠠᠯ᠎ᠠᠴᠠ ᠬᠤᠩᠬᠢᠶ᠎ᠠ᠎ᠶᠢᠨ ᠡᠬᠢ ᠰᠤᠷᠪᠤᠯᠵᠢ᠎ᠶ᠋ᠢ ᠡᠷᠢᠬᠦ᠌ ᠲᠤᠪᠤᠴᠠᠭ ᠲᠣᠪᠣ》 ᠵᠡᠷᠭᠡ ᠬᠠᠭᠤᠴᠢ ᠰᠤᠳᠤᠯᠤᠯ᠎ᠤᠨ ᠱᠢᠨ᠎ᠡ ᠢᠯᠡᠷᠡᠭᠦᠯᠦᠯᠲᠡ᠎ᠳᠤ ᠲᠦᠱᠢᠭ᠌ᠯᠡᠨ ᠳᠤᠮᠳᠠᠳᠤ᠎ᠶ᠋ᠢᠨ ᠪᠤᠯᠪᠠᠰᠤᠨ᠎ᠤ ᠤᠯᠠᠨ ᠡᠱᠢᠳᠦ ᠨᠢᠭᠡ ᠴᠤᠭ᠍ᠴᠠ᠎ᠶ᠋ᠢᠨ ᠪᠠᠢᠷᠢᠱᠢᠯ᠎ᠢ ᠬᠠᠢ᠌ᠪᠠ; ᠱᠢᠷᠢᠰ ᠫᠷᠤᠭ᠌ᠷᠠᠮ 《 ᠲᠦᠮᠡᠨ ᠭᠤᠳᠤᠮᠵᠢ᠎ᠶ᠋ᠢᠨ ᠱᠢᠨᠡᠴᠢᠯᠡᠯᠲᠡ 》᠂ 《  ᠭᠦ᠋ ᠳ᠋ᠦ᠋᠎ᠶᠢᠨ ᠱᠢᠨ᠎ᠡ ᠬᠤᠲᠠ 》᠂ 《 ᠬᠤᠳᠠᠯᠳᠤᠭᠠᠨ᠎ᠤ ᠵᠠᠮ ᠲᠦᠮᠡᠨ ᠭᠠᠵᠠᠷ 》᠂ 《 ᠡᠷᠲᠡᠨ᠎ᠤ ᠵᠠᠮ᠎ᠤᠨ ᠴᠢᠪᠬᠠᠳᠠᠰᠤ᠎ᠶ᠋ᠢᠨ ᠳᠠᠭᠤᠤ 》᠎ᠨᠢ ᠲᠡᠦᠬᠡ ᠰᠣᠶᠣᠯ᠎ᠤᠨ ᠵᠡᠭᠡᠯᠢ ᠲᠣᠭᠤᠷᠢᠭ᠂ ᠡᠷᠲᠡᠨ᠎ᠤ ᠬᠤᠳᠠᠯᠳᠤᠭᠠᠨ᠎ᠤ ᠵᠠᠮ᠂ ᠡᠷᠲᠡᠨ᠎ᠤ ᠵᠠᠮ ᠵᠡᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠷᠲᠡ ᠡᠳᠦᠭᠡ᠎ᠶᠢᠨ ᠠᠭᠤᠰᠤᠯᠴᠠᠯ᠂ ᠱᠢᠨ᠎ᠡ ᠬᠠᠭᠤᠴᠢᠨ ᠬᠠᠮᠲᠤ᠎ᠪᠠᠷ ᠣᠷᠣᠱᠢᠬᠤ ᠬᠤᠲᠠ᠎ᠶ᠋ᠢᠨ ᠷᠢᠳᠢ ᠱᠢᠳᠢ᠎ᠶ᠋ᠢ ᠢᠯᠡᠷᠡᠭᠦᠯᠪᠡ᠃ 《 ᠰᠤᠳᠤᠷ ᠪᠢᠴᠢᠭ᠎ᠲᠠᠬᠢ ᠳᠤᠮᠳᠠᠳᠤ ᠤᠯᠤᠰ ( ᠭᠤᠷᠪᠠᠳᠤᠭᠠᠷ ᠤᠯᠠᠷᠢᠯ ) 》᠂ 《 ᠣᠳᠣᠨ ᠣᠭ᠍ᠲᠠᠷᠭᠤᠢ ᠳᠣᠣᠷᠠᠬᠢ ᠪᠣᠯᠪᠠᠰᠣᠨ》᠂ 《 ᠲᠡᠣᠬᠡ ᠱᠠᠰᠳᠢᠷᠲᠦ ᠳᠤᠮᠳᠠᠳᠤ 》 ᠂ 《 ᠮᠦᠽᠧᠢ᠎ᠳᠤ ᠬᠠᠳᠠᠭᠠᠯᠠᠵᠤ ᠪᠠᠢᠭ᠎ᠠ ᠳᠤᠮᠳᠠᠳᠤ 》 ᠵᠡᠷᠭᠡ ᠫᠷᠣᠭ᠌ᠷᠠᠮ᠎ᠨᠢ ᠠᠳᠠᠯᠢ ᠪᠤᠰᠤ ᠭᠤᠣᠯ ᠰᠡᠳᠦᠪ᠎ᠤᠨ ᠲᠣᠭᠤᠷᠢᠨ᠎ᠳᠤ ᠥᠨᠢ ᠤᠳᠠᠭᠠᠨ ᠤᠯᠠᠮᠵᠢᠯᠠᠯ᠎ᠲᠠᠢ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ᠎ᠶ᠋ᠢᠨ ᠪᠣᠯᠪᠠᠰᠤᠨ᠎ᠢ ᠢᠯᠡᠷᠡᠭᠦᠯᠵᠡᠢ᠃

《ᠦᠵᠡᠰᠭᠦᠯᠡᠩᠲᠦ ᠰᠠᠢᠬᠠᠨ ᠳᠤᠮᠳᠠᠳᠤ ᠤᠯᠤᠰ 》 ᠭᠡᠬᠦ᠌ ᠪᠦᠯᠦᠭ ᠨᠢ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠭᠡᠷᠡᠯ ᠰᠠᠴᠤᠷᠠᠩᠭᠤᠢ ᠠᠮᠵᠢᠯᠲᠠ᠎ᠶ᠋ᠢ ᠲᠡᠮᠳᠡᠭ᠌ᠯᠡᠵᠦ᠍᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠦᠵᠡᠰᠭᠦᠯᠡᠩᠲᠦ ᠰᠠᠢᠬᠠᠨ ᠬᠠᠭᠤᠳᠠᠰᠤ᠎ᠶ᠋ᠢ ᠵᠢᠷᠤᠭ᠍ᠯᠠᠪᠠ᠃ ᠲᠣᠮᠣ ᠬᠡᠯᠪᠡᠷᠢ᠎ᠶ᠋ᠢᠨ ᠰᠣᠶᠣᠯ ᠵᠢᠭᠤᠯᠴᠢᠯᠠᠯ᠎ᠢ ᠰᠤᠷᠪᠤᠯᠵᠢᠯᠠᠬᠤ ᠫᠷᠣᠭ᠌ᠷᠠᠮ    《ᠠᠭᠤᠯᠠ ᠤᠰᠤᠨ᠎ᠤ ᠬᠤᠭᠤᠷᠣᠨᠳᠣᠬᠢ ᠬᠡᠷ ᠪᠦᠯᠢ ( ᠲᠠᠪᠤᠳᠤᠭᠠᠷ ᠤᠯᠠᠷᠢᠯ ) 》᠎ᠶ᠋ᠢᠨ ᠪᠥᠬᠦ᠌ ᠲᠠᠯ᠎ᠠ᠎ᠪᠠᠷ ᠡᠬᠢᠯᠡᠭᠦᠯᠵᠦ᠍᠂ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭᠯᠡᠪᠡ; ᠲᠣᠮᠣ ᠬᠡᠯᠪᠡᠷᠢ᠎ᠶ᠋ᠢᠨ ᠪᠠᠷᠢᠮᠲᠠᠲᠤ ᠺᠢᠨᠣ᠋  《 ᠠᠶᠠᠨ ᠵᠠᠮ᠎ᠳᠠᠬᠢ ᠦᠵᠡᠰᠭᠦᠯᠡᠩᠲᠦ ᠰᠠᠢᠬᠠᠨ ᠳᠤᠮᠳᠠᠳᠤ ᠤᠯᠤᠰ 》᠎ᠨᠢ           《ᠦᠵᠡᠰᠭᠦᠯᠡᠩᠲᠦ ᠰᠠᠢᠬᠠᠨ ᠳᠠᠯᠠᠢ᠎ᠶ᠋ᠢᠨ ᠪᠤᠯᠤᠩ 》᠂ 《 ᠦᠵᠡᠰᠭᠦᠯᠡᠩᠲᠦ ᠰᠠᠢᠬᠠᠨ ᠭᠤᠤᠯ ᠮᠥᠷᠡᠨ ᠨᠠᠭᠤᠷ ᠴᠥᠭᠦᠷᠥᠮ 》᠂ 《 ᠦᠵᠡᠰᠭᠦᠯᠡᠩᠲᠦ ᠰᠠᠢᠬᠠᠨ ᠠᠭᠤᠯᠠ ᠤᠰᠤ 》ᠵᠡᠷᠭᠡ ᠭᠤᠷᠪᠠᠨ ᠱᠢᠷᠢᠰ᠎ᠢᠶᠠᠷ ᠳᠠᠮᠵᠢᠭᠤᠯᠤᠨ᠂ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠥᠬᠦ᠌ ᠲᠠᠯ᠎ᠠ᠎ᠪᠠᠷ ᠪᠣᠬᠢᠷᠲᠤᠯ ᠥᠬᠡᠶ ᠬᠡᠯᠪᠡᠷᠢ᠎ᠪᠠᠨ ᠬᠤᠪᠢᠷᠠᠭᠤᠯᠤᠭ᠍ᠰᠠᠨ ᠠᠮᠢᠳᠤᠯᠢᠭ ᠦᠢᠯᠡᠳᠦᠯᠭᠡ᠎ᠶ᠋ᠢ ᠲᠡᠮᠳᠡᠭ᠌ᠯᠡᠪᠡ; 《 ᠣᠶᠤᠨᠴᠢ ᠠᠭᠤᠯᠠ ᠤᠰᠤ᠎ᠶᠢᠨ ᠵᠢᠷᠤᠭ᠍ᠯᠠᠯ 》᠎ᠨᠢ ᠳ᠋ᠢᠭᠢᠲᠴᠢᠯᠡᠭᠰᠡᠨ ᠮᠡᠷᠭᠡᠵᠢᠯ᠎ᠢ ᠠᠱᠢᠭ᠍ᠯᠠᠨ᠂ ᠨᠢᠭᠡᠨ ᠬᠥᠳᠡᠯᠦᠯ ᠪᠠᠢᠳᠠᠯ᠂ ᠪᠣᠰᠤᠭ᠎ᠠ ᠴᠣᠭ᠍ᠴᠠᠲᠤ 《 ᠳ᠋ᠢᠭᠢᠲᠴᠢᠯᠠᠭ᠌ᠰᠡᠨ ᠳᠤᠮᠳᠠᠳᠤ ᠤᠯᠤᠰ 》 ᠎ᠤᠨ ᠱᠢᠨ᠎ᠡ ᠵᠢᠷᠤᠭ᠎ᠢ ᠵᠢᠷᠤᠪᠠ; 《 ᠠᠭᠤᠯᠠ ᠤᠰᠤᠨ᠎ᠤ ᠢᠨᠵᠧᠨᠧᠷᠢᠩ 》᠎ᠤᠨ ᠪᠥᠬᠦ᠌ ᠦᠵᠡᠮᠵᠢ᠎ᠪᠠᠷ ᠳᠤᠮᠳᠠᠳᠤ ᠤᠯᠤᠰ᠎ᠤᠨ ᠠᠮᠢ ᠠᠬᠤᠶ᠎ᠶ᠋ᠢᠨ ᠱᠢᠰᠲ᠋ᠧᠮ᠎ᠢ ᠰᠡᠷᠭᠦᠭᠡᠬᠦ᠌ ᠢᠨᠵᠧᠨᠧᠷᠢᠩ᠎ᠢ ᠳᠡᠯᠭᠡᠨ ᠦᠵᠡᠭᠦᠯᠪᠡ; 《 ᠡᠬᠡ ᠭᠠᠵᠠᠷ᠎ᠤᠨ ᠦᠨᠡᠲᠦ ᠡᠷᠳᠡᠨᠢ 》 ᠎ᠨᠢ ᠳᠤᠮᠳᠠᠳᠤ ᠤᠯᠤᠰ᠎ᠤᠨ ᠡᠯᠪᠡᠭ ᠪᠠᠶᠠᠯᠢᠭ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ ᠪᠣᠯᠣᠨ ᠦᠨᠡᠲᠦ ᠰᠠᠢᠬᠠᠨ ᠭᠠᠵᠠᠷ ᠱᠢᠨᠵᠢᠯᠡᠭᠡᠨ᠎ᠤ ᠡᠷᠳᠡᠨᠢ᠎ᠶ᠋ᠢᠨ ᠰᠠᠢᠬᠠᠨ᠎ᠢ ᠬᠠᠷᠠᠭᠣᠯᠪᠠ; 《 ᠳᠦᠯᠭᠢᠭᠡᠨ᠎ᠤ ᠤᠢ ᠱᠢᠭᠤᠢ 》᠎ᠨᠢ ᠤᠯᠠᠭᠠᠨ ᠤᠢ ᠱᠢᠭᠤᠢ᠎ᠶᠢᠨ 《 ᠳᠠᠯᠠᠢ᠎ᠶ᠋ᠢᠨ ᠡᠷᠬᠢ᠎ᠶ᠋ᠢᠨ ᠬᠠᠮᠠᠭᠠᠯᠠᠭ᠍ᠴᠢ 》 ᠪᠣᠯᠣᠭᠰᠠᠨ᠎ᠤ ᠬᠤᠪᠢ᠎ᠳᠡᠬᠢ ᠠᠮᠢ ᠠᠬᠤᠢ᠎ᠶ᠋ᠢᠨ ᠦᠷᠳᠡᠭ᠎ᠢ ᠢᠯᠡᠷᠡᠭᠦᠯᠪᠡ᠃ 《 2026 ᠣᠨ ᠴᠡᠴᠡᠭ ᠳᠡᠯᠭᠡᠷᠡᠬᠦ ᠳᠤᠮᠳᠠᠳᠤ ᠤᠯᠤᠰ 》᠎ᠤᠨ ᠴᠡᠴᠡᠭ ᠬᠤᠸᠠᠷ᠎ᠤᠨ ᠰᠣᠶᠣᠯ ᠵᠢᠭᠤᠯᠴᠢᠯᠠᠯ᠎ᠢ ᠪᠡᠶᠡᠴᠢᠯᠡᠨ ᠣᠢᠯᠠᠭᠠᠬᠤ᠎ᠳᠦ ᠰᠢᠷᠭᠤᠨ ᠣᠷᠣᠵᠣ᠂ ᠡᠯ᠎ᠡ ᠭᠠᠵᠠᠷ᠎ᠤᠨ ᠤᠨᠴᠠᠯᠢᠬ᠍ᠳᠤ ᠴᠡᠴᠡᠷᠯᠢᠭ᠎ᠢ ᠰᠤᠷᠪᠤᠯᠵᠢᠯᠠᠵᠤ᠂ ᠬᠤᠸᠠᠷ ᠴᠡᠴᠡᠭ ᠬᠢᠭᠡᠳ ᠳᠤᠮᠳᠠᠳᠤ᠎ᠶ᠋ᠢᠨ ᠰᠣᠶᠣᠯ᠂ ᠰᠠᠢᠨ ᠰᠠᠢᠬᠠᠨ ᠠᠮᠢᠳᠤᠷᠠᠯ᠎ᠤᠨ ᠨᠢᠭ᠍ᠲᠠ ᠬᠠᠷᠢᠯᠴᠠᠭ᠎ᠠ᠎ᠶ᠋ᠢ ᠢᠯᠡᠷᠡᠭᠦᠯᠪᠡ᠃  《 ᠭᠦᠨ ᠳᠠᠯᠠᠢ᠎ᠶᠢᠨ ᠠᠶᠠᠨ ᠲᠡᠢᠨ 》᠂ 《 ᠴᠠᠰᠤᠲᠤ ᠳᠠᠪᠠᠭᠠᠨ᠎ᠤ᠋ ᠤᠯᠠ ᠮᠥᠷ 》᠂ 《 ᠳᠤᠮᠳᠠᠳᠤ ᠤᠯᠤᠰ᠎ᠤ᠋ᠨ ᠭᠠᠵᠠᠷ ᠰᠢᠨᠵᠢᠯᠡᠭᠡᠨ᠎ᠦ᠌ ᠭᠠᠢ᠌ᠬᠠᠮᠰᠢᠭᠲᠤ ᠦᠵᠡᠮᠵᠢ 》᠂ 《 ᠦᠵᠡᠰᠭᠦᠯᠡᠩᠲᠦ ᠰᠠᠢᠬᠠᠨ ᠳᠠᠯᠠᠢ᠎ᠶᠢᠨ ᠪᠤᠯᠤᠩ 》 ᠵᠡᠷᠭᠡ ᠠᠮᠢ ᠠᠬᠤᠢ᠎ᠶᠢᠨ ᠪᠣᠯᠪᠠᠰᠤᠨ᠎ᠤ᠋ ᠭᠣᠣᠯ ᠰᠡᠳᠦᠪᠲᠦ ᠫᠷᠣᠭ᠌ᠷᠠᠮ ᠨᠢ ᠦᠵᠡᠭ᠌ᠴᠢᠳ᠎ᠲᠡᠢ ᠬᠠᠮᠲᠤ ᠬᠥᠬᠡᠮᠳᠦᠭ ᠠᠭᠤᠯᠠ᠎ᠶᠢᠨ ᠭᠤᠸ᠎ᠠ ᠰᠠᠢᠬᠠᠨ᠎ᠢ᠋ ᠪᠠᠷᠠᠯᠠᠵᠤ᠂ ᠭᠣᠣᠯ ᠮᠥᠷᠡᠨ᠎ᠦ᠌ ᠰᠦᠷᠯᠢᠭ ᠠᠭᠣᠳᠠᠮ᠎ᠢ ᠬᠠᠢᠨ ᠰᠦᠪᠡᠭ᠌ᠴᠢᠯᠡᠵᠦ᠍᠂ ᠬᠦᠮᠦᠨ ᠪᠣᠯᠤᠨ ᠪᠠᠢᠭᠠᠯᠢ ᠡᠶ᠎ᠡ ᠵᠣᠬᠢᠴᠠᠯ᠎ᠲᠠᠢ ᠬᠠᠮᠲᠤ ᠣᠷᠣᠰᠢᠭᠰᠠᠨ ᠳᠤᠮᠳᠠᠳᠤ ᠤᠯᠤᠰ᠎ᠤ᠋ᠨ ᠬᠠᠷᠢᠭᠤᠯᠲᠠ᠎ᠶᠢᠨ ᠬᠠᠭᠤᠳᠠᠰᠤ ᠎ᠶᠢ  ᠭᠡᠷᠡᠴᠢᠯᠡᠨ᠎ᠡ᠃

《 ᠰᠣᠳᠣᠨ ᠪᠦᠲᠦᠭᠡᠯ᠎ᠦᠨ ᠬᠤᠷᠠᠨ ᠴᠤᠭ᠍ᠯᠠᠭᠠᠨ 》 ᠪᠦᠯᠦᠭ ᠨᠢ ᠶᠡᠷᠦᠩᠬᠡᠶ ᠲᠧᠯᠸᠢᠰ ᠵᠦᠴᠦᠭᠡ᠂ ᠲᠣᠮᠣ ᠬᠡᠯᠪᠡᠷᠢ᠎ᠶ᠋ᠢᠨ ᠦᠳᠡᠱᠢᠯᠡᠭᠡ᠂ ᠪᠠᠷᠢᠮᠲᠠᠲᠤ ᠺᠢᠨᠣ᠋᠂ ᠴᠢᠬᠤᠯᠠ ᠶᠡᠭᠡ ᠤᠷᠤᠯᠳᠤᠭᠠᠨ ᠵᠡᠷᠭᠡ ᠡᠯ᠎ᠡ ᠲᠥᠷᠥᠯ᠎ᠤᠨ ᠫᠷᠤᠭ᠌ᠷᠠᠮ᠎ᠢ ᠬᠤᠷᠠᠨ ᠴᠤᠭ᠍ᠯᠠᠷᠠᠭᠤᠯᠵᠤ᠂ ᠪᠦᠲᠦᠨ ᠳᠡᠯᠭᠡᠴᠡ᠎ᠪᠠᠷ ᠱᠢᠯᠢᠳᠡᠭ ᠪᠦᠲᠦᠭᠡᠯ᠎ᠢᠶᠠᠷ ᠲᠤᠭ᠍ᠴᠢ ᠰᠤᠪᠠᠭ᠎ᠢᠶᠠᠷ ᠬᠠᠷᠢᠭᠤᠴᠠᠯᠭ᠎ᠠ ᠡᠭᠦᠷᠭᠡᠯᠡᠬᠦ᠌᠎ᠶ᠋ᠢ ᠢᠯᠡᠷᠡᠭᠦᠯᠪᠡ᠃ ᠶᠡᠷᠦᠩᠬᠡᠶ ᠬᠤᠷᠢᠶ᠎ᠠ᠎ᠶ᠋ᠢᠨ ᠠᠩᠬᠠᠳᠠᠭ᠍ᠴᠢ ᠠᠩᠬ᠎ᠠ ᠤᠳᠠᠭ᠎ᠠ ᠵᠣᠬᠢᠶᠠᠨ ᠪᠦᠲᠦᠭᠡᠭ᠌ᠰᠡᠨ ᠰᠣᠳᠣᠨ ᠣᠬᠤᠷ ᠵᠦᠴᠦᠭᠡ᠎ᠶ᠋ᠢᠨ ᠲᠡᠭᠦᠪᠦᠷᠢ                《 ᠭᠠᠢᠬᠠᠮᠱᠢᠭ》 ᠨᠢ ᠱᠧᠨᠵᠧᠨ᠎ᠤ ᠠᠵᠤ ᠠᠬᠤᠶ᠎ᠶ᠋ᠢᠨ ᠣᠨᠴᠠᠭᠠᠶ ᠣᠷᠣᠨ ᠪᠠᠢᠭᠤᠯᠤᠭ᠍ᠳᠠᠭ᠍ᠰᠠᠨ᠎ᠠᠴᠠ ᠨᠠᠭ᠋ᠠᠰᠢᠬᠢ ᠰᠦᠷ ᠳᠠᠯᠠᠢᠴᠠᠲᠠᠶ ᠬᠥᠭ᠌ᠵᠢᠯᠲᠡ᠎ᠶ᠋ᠢᠨ ᠥᠩᠭᠡᠷᠡᠯᠲᠡ᠎ᠶ᠋ᠢ ᠳᠡᠯᠭᠡᠨ ᠦᠵᠡᠭᠦᠯᠪᠡ; ᠠᠩᠬ᠎ᠠ ᠤᠳᠠᠭ᠎ᠠ ᠭᠠᠷᠭᠠᠭ᠍ᠰᠠᠨ ᠤᠳᠭ᠎ᠠ ᠤᠷᠠᠯᠢᠭ᠎ᠤᠨ ᠰᠤᠷᠪᠤᠯᠵᠢᠯᠠᠨ ᠶᠠᠷᠢᠯᠴᠠᠬᠤ ᠫᠷᠣᠭ᠌ᠷᠠᠮ 《 ᠵᠦᠴᠦᠭᠡ ᠦᠵᠡᠬᠦ᠎ᠳᠦ ᠰᠠᠢ᠌ᠨ 》᠎ᠨᠢ ᠱᠢᠨ᠎ᠡ᠎ᠶ᠋ᠢ ᠡᠭᠦᠳᠬᠦ᠌ ᠬᠡᠯᠪᠡᠷᠢ᠎ᠪᠠᠷ ᠶᠡᠷᠦᠩᠬᠡᠶ ᠲᠠᠪᠴᠠᠩ᠎ᠤᠨ ᠲᠣᠮᠣ ᠵᠦᠴᠦᠭᠡ᠎ᠶ᠋ᠢ ᠲᠠᠨᠢᠯᠴᠠᠭᠤᠯᠵᠤ᠂ ᠵᠣᠬᠢᠶᠠᠯ ᠤᠷᠠᠯᠢᠭ᠎ᠤᠨ ᠦᠨ᠎ᠡ ᠥᠷᠲᠡᠭ ᠪᠣᠯᠤᠨ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠠᠢᠯᠪᠤᠷᠢᠯᠠᠪᠠ; 《 ᠹᠧᠩ ᠭᠤᠸᠠᠨ᠎ᠤ ᠳᠣᠮᠣᠭ ᠦᠯᠢᠭᠡᠷ 》᠂ 《 ᠨᠢᠩ ᠰᠢᠶᠠᠩ ᠯᠢᠩ 》᠂ 《 ᠧ ᠮᠧᠢ 》᠂ 《 ᠦᠵᠡᠮᠵᠢ ᠰᠣᠨᠢᠷᠬᠠᠬᠤ ᠴᠣᠩᠬᠤ 》 ᠵᠡᠷᠭᠡ ᠱᠢᠷᠢᠰ ᠰᠣᠶᠣᠯ᠎ᠤᠨ ᠪᠢᠴᠢᠯ ᠣᠬᠤᠷ ᠵᠦᠴᠦᠭᠡ᠎ᠨᠢ ᠲᠣᠰ ᠲᠣᠰ ᠮᠢᠩ ᠤᠯᠤᠰ᠎ᠤᠨ ᠦᠶ᠎ᠡ᠎ᠶ᠋ᠢᠨ ᠣᠷᠳᠣᠨ᠎ᠤ ᠳᠣᠮᠣᠭ᠂ ᠬᠢᠲᠠᠳ ᠡᠮᠨᠡᠯᠭᠡ᠎ᠶ᠋ᠢᠨ ᠰᠣᠶᠣᠯ᠎ᠤᠨ ᠤᠯᠠᠮᠵᠢᠯᠠᠯ᠂ ᠧ ᠮᠧᠢ ᠱᠠᠨ ᠠᠭᠤᠯᠠ ᠪᠠ ᠬᠠᠶ ᠳ᠋ᠣᠣ ᠠᠷᠠᠯ᠎ᠤᠨ ᠰᠢᠯᠥᠭ᠎ᠤᠨ ᠰᠠᠨᠠᠭ᠎ᠠ ᠠᠬᠤᠢ᠎ᠶ᠋ᠢ ᠰᠠᠬᠢᠨ ᠬᠠᠮᠠᠭᠠᠯᠠᠬᠤ ᠵᠡᠷᠭᠡ ᠭᠤᠤᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠵᠡᠢ᠃ 2026 ᠣᠨ᠎ᠤ ᠶᠡᠷᠦᠩᠬᠡᠢᠯᠡᠭ᠌ᠰᠡᠨ ᠰᠤᠪᠠᠭ᠎ᠲᠤ ᠪᠠᠰᠠ 《 ᠠᠮᠢ ᠨᠠᠰᠤᠨ᠎ᠤ  ᠮᠣᠳᠣ 》᠂ 《 ᠡᠩᠬᠡ ᠲᠠᠢ᠌ᠪᠤᠩ ᠣᠨ 》᠂ 《 ᠭᠤᠤᠯ ᠳᠦᠷᠢ 》᠂ 《 ᠰᠠᠢᠨ ᠴᠠᠭ ᠦᠶ᠎ᠡ 》᠂    《ᠠᠭᠤᠤ ᠶᠡᠭᠡ ᠣᠷᠳᠣ ᠵᠠᠮ᠎ᠤᠨ ᠠᠶᠠᠨ ᠲᠠᠢᠨ 》 ᠵᠡᠷᠭᠡ ᠲᠧᠯᠸᠢᠰ ᠵᠦᠴᠦᠭᠡ᠎ᠶ᠋ᠢ ᠨᠡᠪᠲᠡᠷᠡᠭᠦᠯᠵᠦ᠍᠂ ᠤᠷᠠᠨ ᠳᠠᠷᠬᠠᠨ᠎ᠤ ᠰᠡᠳᠭᠢᠯ᠎ᠢᠶᠠᠷ ᠵᠣᠬᠢᠶᠠᠭ᠍ᠰᠠᠨ ᠰᠣᠳᠣᠨ ᠵᠦᠴᠦᠭᠡ᠎ᠶ᠋ᠢᠨ ᠲᠡᠭᠦᠪᠦᠷᠢ ᠎ᠨᠢ ᠦᠵᠡᠭ᠌ᠴᠢᠳ᠎ᠲᠤ ᠦᠷᠭᠦᠯᠵᠢᠯᠡᠨ ᠥᠨᠳᠥᠷ ᠶᠠᠰᠤ ᠴᠢᠨᠠᠷ᠎ᠲᠠᠢ ᠵᠦᠴᠦᠭᠡ᠎ᠶ᠋ᠢᠨ ᠪᠡᠶᠡᠴᠢ ᠣᠢ᠌ᠯᠠᠭ᠋ᠠᠯᠲᠠ᠎ᠶ᠋ᠢ ᠠᠪᠴᠢᠷᠠᠬᠤ ᠪᠣᠯᠤᠨ᠎ᠠ᠃ 《 2026 ᠣᠨ᠎ᠤ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ᠎ᠶ᠋ᠢᠨ ᠴᠠᠭᠠᠨ ᠰᠠᠷ᠎ᠠ᠎ᠶ᠋ᠢᠨ ᠨᠠᠢ᠌ᠷ᠎ᠤᠨ ᠦᠳᠡᠱᠢᠯᠡᠭᠡ 》᠂ 《 2026 ᠣᠨ᠎ᠤ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ᠎ᠶ᠋ᠢᠨ ᠪᠠᠭᠠᠴᠤᠳ ᠬᠡᠦᠬᠡᠳ᠎ᠤᠨ ᠴᠠᠭᠠᠨ ᠰᠠᠷ᠎ᠠ᠎ᠶ᠋ᠢᠨ ᠦᠳᠡᠱᠢᠯᠡᠭᠡ 》 ᠵᠡᠷᠭᠡ ᠲᠣᠮᠣ ᠬᠡᠯᠪᠡᠷᠢ᠎ᠶ᠋ᠢᠨ ᠦᠳᠡᠱᠢᠯᠡᠭᠡ ᠦᠷᠭᠦᠯᠵᠢᠯᠡᠨ ᠦᠵᠡᠭ᠌ᠴᠢᠳ᠎ᠲᠤ ᠪᠠᠷ᠎ᠠ ᠪᠣᠯᠵᠤ ᠪᠠᠶᠠᠷ᠎ᠤᠨ ᠡᠳᠥᠷ᠎ᠢ ᠨᠠᠷᠭᠢᠨ ᠪᠡᠯᠭᠡᠯᠡᠬᠦ ᠪᠣᠯᠣᠨ᠎ᠠ᠂ 《 CMG ᠲᠧᠯᠸᠢᠰ ᠵᠦᠴᠦᠭᠡ᠎ᠶ᠋ᠢᠨ ᠦᠪᠡᠳᠡᠭ᠌ᠰᠢ ᠶᠣᠰᠣᠯᠠᠯ 》᠂  《 2026 ᠣᠨ᠎ᠤ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠦᠪᠡᠳᠡᠭ᠌ᠰᠢ ᠶᠣᠰᠣᠯᠠᠯ 》᠂ 《 CMG ᠪᠡᠶ᠎ᠡ ᠲᠠᠮᠢᠷ᠎ᠤᠨ ᠲᠠᠪᠴᠠᠩ᠎ᠤᠨ ᠦᠪᠡᠳᠡᠭ᠌ᠰᠢ ᠶᠣᠰᠣᠯᠠᠯ 》ᠵᠡᠷᠭᠡ ᠣᠨ᠎ᠤ ᠦᠪᠡᠳᠡᠭ᠌ᠰᠢ ᠶᠣᠰᠣᠯᠠᠯ ᠭᠤᠢᠳᠠ ᠰᠠᠢᠬᠠᠨ ᠶᠠᠪᠣᠭᠳᠠᠨ᠎ᠠ; ᠪᠡᠶ᠎ᠡ᠎ᠶᠢᠨ ᠲᠠᠮᠢᠷ᠎ᠤ᠋ᠨ ᠤᠷᠤᠯᠳᠤᠭᠠᠨ᠎ᠤ᠋ ᠲᠠᠯᠠᠪᠠᠢ ᠨᠢ ᠠᠳᠠᠯᠢᠬᠠᠨ᠎ᠢᠶᠠᠷ ᠬᠥᠮᠦᠰ᠎ᠢ᠋ ᠬᠦᠰᠡᠨ ᠬᠦᠯᠢᠶᠡᠯᠭᠡᠵᠦ᠂ 2026 ᠣᠨ᠎ᠤ ᠮᠢ ᠯᠠᠨ᠎ᠤ᠋ ᠡᠪᠦᠯ᠎ᠦ᠋ᠨ ᠤᠯᠠᠷᠢᠯ᠎ᠤ᠋ᠨ ᠤᠯᠢᠮᠫᠢᠺ᠎ᠤ᠋ᠨ ᠲᠠᠮᠢᠷ᠎ᠤ᠋ᠨ ᠴᠤᠭ᠍ᠯᠠᠭᠠᠨ᠂ 2026 ᠣᠨ᠎ᠤ ᠠᠮᠧᠷᠢᠺᠠ᠎ᠶᠢᠨ ᠮᠸᠢ ᠵᠢᠶᠠ ᠮᠦᠸᠸ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ᠵᠡᠷᠭᠡ ᠣᠯᠠᠨ ᠤᠯᠤᠰ᠎ᠤ᠋ᠨ ᠲᠡᠷᠢᠭᠦᠨ ᠳᠡᠰ᠎ᠦ᠋ᠨ ᠤᠷᠤᠯᠳᠤᠭᠠᠨ ᠨᠢ ᠣᠷᠭᠢᠯᠤᠮ᠎ᠠ ᠬᠠᠯᠠᠭᠤᠨ ᠰᠡᠳᠭᠢᠯᠭᠡ᠎ᠲᠡᠢ ᠤᠷᠤᠯᠳᠤᠭᠠᠨ᠎ᠤ᠋ ᠦᠪᠡᠳᠡᠭ᠌ᠱᠢ ᠳᠠᠢᠯᠠᠯᠭ᠎ᠠ ᠠᠪᠴᠢᠷᠠᠬᠤ ᠪᠣᠯᠤᠨ᠎ᠠ᠃

ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠤᠬᠠᠭᠤᠯᠭ᠎ᠠ ᠬᠥᠮᠦᠵᠢᠯ᠎ᠤᠨ ᠲᠥᠪ᠎ᠤᠨ ᠡᠷᠬᠢᠯᠡᠭ᠌ᠴᠢ ᠱᠢᠶᠠ ᠵᠢᠶᠦ᠋ᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠬᠡᠮᠵᠢᠨ ᠵᠢᠷᠤᠭ᠍ᠯᠠᠬᠤ ᠵᠤᠷᠭᠠᠨ᠎ᠤ ᠳᠠᠷᠤᠭ᠎ᠠ ᠴᠧᠨ ᠵᠢᠶᠦ᠋ᠨ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠡᠯᠲᠡᠰ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠵᠤᠷᠭᠠᠨ᠎ᠤ ᠳᠠᠷᠤᠭ᠎ᠠ ᠴᠧᠨ ᠱᠣᠤ ᠫᠧᠩ᠂ ᠲᠠᠷᠢᠶᠠᠯᠠᠩ ᠬᠥᠳᠡᠭᠡ ᠲᠣᠰᠭᠤᠨ᠎ᠤ ᠬᠡᠯᠲᠡᠰ᠎ᠦᠨ ᠬᠥᠳᠡᠭᠡ ᠲᠣᠰᠭᠤᠨ᠎ᠤ ᠨᠡᠢᠭᠡᠮ᠎ᠤᠨ ᠦᠢᠯᠡᠰ᠎ᠢ ᠠᠬᠢᠭᠤᠯᠬᠤ ᠵᠤᠷᠭᠠᠨ᠎ᠤ ᠳᠠᠷᠤᠭ᠎ᠠ ᠲᠠᠩ ᠺᠸ᠂  ᠬᠣᠳᠠᠯᠳᠣᠭ᠋ᠠᠨ᠎ᠤ ᠶᠠᠪᠣᠳᠠᠯ᠎ᠤᠨ ᠬᠡᠯᠲᠡᠰ᠎ᠦᠨ ᠬᠣᠪᠴᠠᠰᠣ ᠠᠷᠠᠯᠵᠢᠶᠠᠨ᠎ᠤ ᠵᠣᠷᠭ᠋ᠠᠨ᠎ᠤ ᠳᠠᠷᠣᠭ᠎ᠠ ᠺᠦᠩ ᠳ᠋ᠸ ᠵᠢᠶᠦ᠋ᠨ᠂ ᠤᠯᠤᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠦᠢᠯᠡᠳᠪᠦᠷᠢ᠎ᠶ᠋ᠢᠨ ᠲᠣᠪᠴᠢᠶ᠎ᠠ᠎ᠶ᠋ᠢᠨ ᠰᠣᠨᠢᠨ ᠮᠡᠳᠡᠭᠡ ᠤᠬᠠᠭᠤᠯᠭ᠎ᠠ᠎ᠶ᠋ᠢᠨ ᠠᠯᠪᠠᠨ ᠬᠡᠷ᠎ᠤᠨ ᠡᠷᠬᠢᠯᠡᠭ᠌ᠴᠢ ᠵᠠᠩ ᠲᠤᠤ᠂ ᠣᠯᠣᠰ᠎ᠤᠨ ᠣᠢ ᠰᠢᠭᠤᠢ ᠪᠠ ᠨᠣᠲᠣᠭ ᠪᠡᠯᠴᠢᠭᠡᠷ᠎ᠦᠨ ᠲᠣᠪᠴᠢᠶ᠎ᠠ᠎ᠶᠢᠨ ᠠᠯᠪᠠᠨ ᠭᠡᠷ᠎ᠦᠨ ᠡᠷᠬᠢᠯᠡᠭᠴᠢ ᠬᠤᠤ ᠢᠤᠢ ᠵᠢᠶᠦ᠋ᠨ᠂ ᠤᠯᠤᠰ᠎ᠤᠨ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ ᠤᠬᠠᠭᠤᠯᠬᠤ ᠲᠥᠪ᠎ᠤᠨ ᠡᠷᠬᠢᠯᠡᠭ᠌ᠴᠢ ᠸᠠᠩ ᠵᠧᠨ᠂ ᠤᠯᠤᠰ᠎ᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠲᠣᠪᠴᠢᠶ᠎ᠠ᠎ᠶ᠋ᠢᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠵᠤᠷᠭᠠᠨ᠎ᠤ ᠳᠠᠷᠤᠭ᠎ᠠ᠎ᠶ᠋ᠢᠨ ᠷᠦᠢ ᠭᠦᠸᠧ᠂ ᠳᠤᠮᠳᠠᠳᠤ᠎ᠶ᠋ᠢᠨ ᠨᠣᠮ᠎ᠤᠨ ᠲᠣᠪᠴᠢᠶ᠎ᠠ᠎ᠶ᠋ᠢᠨ ᠶᠡᠷᠦᠩᠬᠡᠶ ᠨᠠᠢᠷᠠᠭᠤᠯᠤᠭ᠍ᠴᠢ ᠶᠢᠨ ᠲᠤᠤ᠂ ᠳᠣᠮᠲᠠᠲᠣ ᠣᠯᠣᠰ᠎ᠤᠨ ᠵᠢᠭᠤᠯᠴᠢᠯᠠᠯ᠎ᠤᠨ ᠨᠡᠢ᠌ᠭᠡᠮᠯᠢᠭ᠎ᠦᠨ ᠨᠠᠷᠢᠨ ᠪᠢᠴᠢᠭ᠎ᠦᠨ ᠳᠠᠷᠣᠭ᠎ᠠ ᠭᠧ ᠯᠸᠢ᠂ ᠬᠠᠷᠪᠢᠨ᠎ᠤ ᠢᠨᠵᠧᠨᠧᠷᠢᠩ᠎ᠤᠨ ᠶᠡᠭᠡ ᠰᠤᠷᠭᠠᠭᠤᠯᠢ᠎ᠶ᠋ᠢᠨ ᠵᠠᠬᠢᠷᠤᠯ ᠶᠢᠨ ᠵᠢᠩ ᠸᠧᠶ᠂ ᠳᠤᠮᠳᠠᠳᠤ ᠤᠯᠤᠰ᠎ᠤᠨ ᠬᠠᠭᠣᠴᠢ ᠰᠣᠳᠣᠯᠣᠯ᠎ᠤᠨ ᠨᠡᠢᠭᠡᠮᠯᠢᠭ᠎ᠤᠨ ᠬᠡᠷᠡᠭ ᠡᠷᠬᠢᠯᠡᠭ᠌ᠴᠢ᠂ ᠪᠡᠭᠡᠵᠢᠩ᠎ᠤᠨ ᠬᠠᠮᠲᠤᠷᠠᠭ᠍ᠰᠠᠨ ᠶᠡᠭᠡ ᠰᠤᠷᠭᠠᠭᠤᠯᠢ᠎ᠶ᠋ᠢᠨ ᠵᠠᠬᠢᠷᠤᠯ ᠯᠸᠢ ᠱᠢᠩ ᠱᠠᠨ᠂ ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶ᠋ᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠠᠯᠪᠠᠨ ᠬᠡᠷ᠎ᠤᠨ ᠳᠡᠳ᠋ ᠡᠷᠬᠢᠯᠡᠭ᠌ᠴᠢ ᠵᠠᠩ ᠬᠠᠶ ᠲᠤᠤ ᠠᠵᠢᠯᠯᠠᠭ᠎ᠠ᠎ᠳᠤ ᠣᠷᠣᠯᠴᠠᠵᠠᠶ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠡᠯᠲᠡᠰ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠡᠯᠲᠡᠰ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠦᠳ᠂ ᠯᠢᠶᠣᠤᠨᠢᠩ᠂ ᠹᠦᠵᠢᠶᠠᠨ᠂ ᠬᠤᠨᠠᠨ᠂ ᠭᠤᠸᠠᠩᠳᠦ᠋ᠩ᠂ ᠱᠠᠨᠰᠢ ᠵᠡᠷᠭᠡ ᠭᠠᠵᠠᠷ᠎ᠤᠨ ᠬᠠᠮᠢᠶ᠎ᠠ ᠪᠥᠬᠦᠶ ᠨᠢᠭᠡᠴᠢ᠎ᠶ᠋ᠢᠨ ᠲᠥᠯᠥᠭᠡᠯᠡᠭ᠌ᠴᠢ᠂ ᠫᠷᠤᠭ᠌ᠷᠠᠮ᠎ᠤᠨ ᠭᠤᠤᠯ ᠡᠭᠦᠳᠦᠨ ᠪᠦᠲᠦᠭᠡᠬᠦ ᠪᠦᠯᠬᠦᠮ ᠨᠡᠢ᠌ᠲᠡ ᠪᠠ ᠠᠵᠤ ᠠᠬᠤᠢᠯᠠᠯ᠎ᠤᠨ ᠬᠡᠷᠡᠭ᠌ᠯᠡᠭ᠌ᠴᠢᠳ᠎ᠤᠨ ᠲᠥᠯᠥᠭᠡᠯᠡᠭ᠌ᠴᠢ ᠨᠡᠷ ᠣᠷᠣᠯᠴᠠᠵᠠᠶ᠃

ᠢᠷᠡᠯᠲᠡ᠄ ᠷᠠᠳᠢᠣ᠋ ᠲᠧᠯᠸᠢᠰ᠎ᠤᠨ ᠠᠵᠢᠯ ᠲᠥᠷᠥᠯ᠎ᠦᠨ ᠳᠣᠲᠣᠭ᠋ᠠᠳᠣᠬᠢ