ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠱᠢᠶᠠᠮᠧᠨ᠎ᠳᠤ 2025 ᠣᠨ᠎ᠤ ᠪᠥᠬᠦ᠌ ᠤᠯᠤᠰ᠎ᠤᠨ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠶ᠋ᠢᠨ ᠠᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠪᠣᠯᠪᠠᠰᠤᠷᠠᠯ᠎ᠤᠨ ᠠᠩᠭᠢ ᠡᠷᠭᠢᠯᠡᠪᠡ
2025-12-25

12 ᠳ᠋ᠤᠭ᠋ᠠᠷ ᠰᠠᠷ᠎ᠠ᠎ᠶ᠋ᠢᠨ 14 ᠎ᠤ ᠡᠳᠥᠷ᠎ᠡᠴᠡ 17 ᠎ᠤ ᠡᠳᠦᠷ ᠪᠣᠯᠲᠠᠯ᠎ᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠹᠦᠵᠢᠶᠠᠨ᠎ᠤ ᠱᠢᠶᠠᠮᠧᠨ᠎ᠳᠤ 2025 ᠣᠨ᠎ᠤ ᠪᠥᠬᠦ᠌ ᠤᠯᠤᠰ᠎ᠤᠨ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠶ᠋ᠢᠨ ᠠᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠪᠣᠯᠪᠠᠰᠤᠷᠠᠯ᠎ᠤᠨ ᠠᠩᠭᠢ ᠡᠷᠭᠢᠯᠡᠪᠡ᠃ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠲᠧᠯᠸᠢᠰ ᠵᠦᠴᠦᠭᠡ᠎ᠶ᠋ᠢᠨ ᠵᠤᠷᠭᠠᠨ᠎ᠤ ᠭᠤᠣᠯ ᠬᠠᠷᠢᠭᠤᠴᠠᠯᠭᠠᠲᠠᠨ ᠨᠦᠭᠦᠳ 《 ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠠ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠣᠭᠣᠰᠢᠯᠠᠭᠣᠯᠵᠣ᠂ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠶ᠋ᠢᠨ ᠠᠭᠤᠯᠭ᠎ᠠ᠎ᠶ᠋ᠢᠨ ᠬᠠᠮᠢᠶᠠᠷᠤᠯᠲᠠ᠎ᠶᠢᠨ ᠦᠢᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠦᠶ᠎ᠡ 》 ᠭᠡᠬᠦ᠌ ᠰᠡᠳᠦᠪ᠎ᠢᠶᠠᠷ ᠬᠢᠴᠢᠶᠡᠯ ᠡᠬᠢᠯᠡᠪᠡ᠃

ᠪᠣᠯᠪᠠᠰᠤᠷᠠᠯ᠎ᠤᠨ ᠠᠩᠭᠢ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ᠂ ᠳᠣᠲᠣᠭᠠᠳᠤ᠎ᠶ᠋ᠢ ᠬᠠᠮᠠᠭᠠᠯᠠᠬᠤ ᠬᠡᠯᠲᠡᠰ᠎ᠦᠨ ᠰᠣᠨᠢᠨ ᠮᠡᠳᠡᠭᠡᠨ᠎ᠤ ᠤᠬᠠᠭᠤᠯᠭ᠎ᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠨᠥᠬᠦᠳ᠎ᠢ ᠣᠷᠢᠵᠣ ᠳᠣᠲᠣᠭᠠᠳᠤ᠎ᠶ᠋ᠢ ᠬᠠᠮᠠᠭᠠᠯᠠᠬᠤ ᠪᠠᠢ᠌ᠴᠠᠭ᠋ᠠᠨ ᠱᠢᠭᠦᠬᠦ᠌ ᠰᠡᠳᠦᠪ᠎ᠤᠨ ᠵᠣᠬᠢᠶᠠᠨ ᠪᠦᠲᠦᠭᠡᠯᠭᠡ᠎ᠶᠢᠨ ᠬᠠᠮᠢᠶᠠᠷᠤᠯᠲᠠ᠎ᠶ᠋ᠢᠨ ᠲᠠᠯ᠎ᠠ᠎ᠪᠠᠷ ᠬᠤᠯᠪᠣᠭ᠍ᠳᠠᠯ ᠪᠥᠬᠦᠶ ᠡᠷᠳᠡᠮᠲᠡᠳ ᠱᠢᠨ᠎ᠡ ᠣᠯᠠᠨ ᠲᠦᠮᠡᠨᠴᠢ ᠤᠳᠭ᠎ᠠ ᠤᠷᠠᠯᠢᠭ᠎ᠤᠨ ᠶᠠᠷᠢᠶ᠎ᠠ ᠬᠡᠯᠡᠯᠴᠡᠭᠡᠨ᠎ᠤ ᠱᠢᠨᠵᠢ ᠴᠢᠨᠠᠷ᠂ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠤᠯᠠᠮᠵᠢᠯᠠᠬᠤ ᠲᠣᠭ᠍ᠲᠠᠴᠠ᠎ᠶ᠋ᠢᠨ ᠲᠣᠭᠤᠷᠢᠨ᠎ᠳᠤ ᠬᠢᠴᠢᠶᠡᠯᠯᠡᠭᠦᠯᠪᠡ; ᠬᠣᠯᠪᠤᠭ᠍ᠳᠠᠯ ᠪᠦᠬᠦᠢ ᠵᠦᠴᠦᠭᠡ᠎ᠶ᠋ᠢᠨ ᠲᠡᠭᠦᠪᠦᠷᠢ᠎ᠶᠢᠨ ᠭᠣᠣᠯ ᠡᠭᠦᠳᠦᠨ ᠪᠦᠲᠦᠭᠡᠭᠴᠢ ᠨᠢ ᠲᠡᠦᠬᠡ᠂ ᠳᠣᠲᠤᠭᠠᠳᠤ᠎ᠶ᠋ᠢ ᠬᠠᠮᠠᠭᠠᠯᠠᠬᠤ ᠵᠡᠷᠭᠡ ᠰᠡᠳ᠋ᠦᠪ᠎ᠢ ᠵᠣᠬᠢᠶᠠᠨ ᠪᠦᠲᠦᠭᠡᠬᠦ᠌ ᠦᠢᠯᠡᠳ᠋ᠦᠯᠭᠡ ᠬᠢᠭᠡᠳ ᠠᠵᠢᠯ ᠲᠥᠷᠥᠯ᠎ᠦᠨ ᠪᠣᠳᠣᠯᠬᠢᠯᠠᠯ᠎ᠢ ᠬᠤᠪᠢᠶᠠᠯᠴᠠᠨ ᠡᠳ᠋ᠯᠡᠵᠦ᠍᠂ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ᠎ᠶ᠋ᠢᠨ ᠬᠢᠨᠠᠨ ᠪᠠᠢᠴᠠᠭᠠᠬᠤ ᠺᠤᠮᠢᠰ᠎ᠤᠨ ᠲᠤᠰᠭᠠᠢ ᠮᠡᠷᠭᠡᠵᠢᠯᠲᠡᠨ ᠬᠡᠷᠡᠭ᠎ᠲᠤ ᠬᠣᠯᠪᠤᠭ᠍ᠳᠠᠬᠤ᠂ ᠬᠤᠪᠢᠰᠭᠠᠯ᠂ ᠴᠡᠷᠢᠭ᠎ᠦᠨ ᠶᠠᠪᠤᠳᠠᠯ ᠵᠡᠷᠭᠡ ᠣᠨᠴᠠᠭᠠᠢ ᠰᠡᠳ᠋ᠦᠪ᠎ᠦᠨ ᠲᠣᠬᠠᠢ ᠠᠵᠢᠯ᠎ᠤᠨ ᠲᠣᠷᠱᠢᠯᠭ᠎ᠠ᠎ᠪᠠᠨ ᠬᠤᠪᠢᠶᠠᠯᠴᠠᠪᠠ; ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠧᠯᠸᠢᠰ ᠵᠦᠴᠦᠭᠡ᠎ᠶ᠋ᠢᠨ ᠰᠡᠭᠦᠯᠴᠢ᠎ᠶ᠋ᠢᠨ ᠬᠤᠭᠤᠴᠠᠭᠠᠨ᠎ᠳᠤ ᠦᠢ᠍ᠯᠡᠳᠴᠦ ᠰᠤᠳᠤᠯᠤᠨ ᠨᠡᠭᠡᠭᠡᠬᠦ ᠬᠡᠷᠡᠭᠯᠡᠭᠡᠨ᠎ᠦ ᠲᠤᠷᠱᠢᠯᠲᠠ᠎ᠶ᠋ᠢᠨ ᠲᠠᠰᠤᠭ᠎ᠤᠨ ᠬᠤᠯᠪᠣᠭ᠍ᠳᠠᠯ ᠪᠦᠬᠦᠢ ᠨᠥᠬᠦᠳ ᠬᠡᠲᠦ ᠥᠨᠳᠥᠷ ᠳᠣᠲᠣᠷᠠᠴᠠᠲᠣ ᠲᠧᠯᠸᠢᠰ ᠵᠦᠴᠦᠭᠡ ( ᠰᠦᠯᠵᠢᠶᠡᠨ᠎ᠤ      ᠵᠦᠴᠦᠭᠡ )᠎ᠶᠢ ᠰᠡᠭᠦᠳᠡᠷᠯᠡᠨ ᠦᠶ᠋ᠯᠡᠳᠬᠦ᠌ ᠮᠡᠷᠭᠡᠵᠢᠯ᠎ᠢ ᠨᠠᠷᠢᠨ ᠲᠠᠢᠯᠪᠤᠷᠢᠯᠠᠪᠠ᠃ ᠪᠣᠯᠪᠠᠰᠤᠷᠠᠯ᠎ᠤᠨ ᠬᠤᠭᠤᠴᠠᠭᠠᠨ᠎ᠳᠤ᠂ ᠲᠸᠯᠸᠢᠰ ᠵᠦᠴᠦᠭᠡ ᠨᠡᠪᠲᠡᠷᠡᠯᠴᠡᠬᠦ᠌ ᠬᠤᠷᠠᠯ ᠵᠢᠴᠢ ᠵᠣᠬᠢᠶᠠᠨ ᠪᠦᠲᠦᠭᠡᠬᠦ᠌᠎ᠶ᠋ᠢ ᠤᠳᠤᠷᠢᠳᠭᠤ ᠲᠣᠭᠲᠠᠮᠠᠯ ᠬᠤᠷᠠᠯ ᠬᠤᠷᠠᠯᠳᠤᠪᠠ᠃ ᠪᠥᠬᠦ᠌ ᠤᠯᠤᠰ᠎ᠤᠨ ᠡᠯ᠎ᠡ ᠮᠤᠵᠢ ( ᠣᠷᠣᠨ᠂ ᠬᠤᠲᠠ )᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠶ᠋ᠢᠨ ᠠᠭᠤᠯᠭ᠎ᠠ᠎ᠶ᠋ᠢᠨ ᠡᠭᠦᠷᠭᠡ ᠴᠢᠳᠠᠪᠤᠷᠢ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠦᠭᠦᠳ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠵᠡᠷᠭᠡ ᠨᠢᠭᠡᠴᠢ᠎ᠶ᠋ᠢᠨ ᠬᠠᠮᠢᠶ᠎ᠠ ᠪᠥᠬᠦᠶ ᠠᠵᠢᠯᠲᠠᠨ ᠵᠢᠴᠢ ᠳᠤᠮᠳᠠᠳᠤ ᠤᠯᠤᠰ᠎ᠤᠨ ᠲᠧᠯᠸᠢᠰ ᠵᠦᠴᠦᠭᠡ ᠦᠶ᠋ᠯᠡᠳᠬᠦ᠌ ᠠᠵᠤ ᠦᠢᠯᠡᠰ᠎ᠤᠨ ᠨᠡᠢᠭᠡᠮᠯᠢᠭ᠎ᠤᠨ ᠲᠥᠯᠥᠭᠡᠯᠡᠭ᠌ᠴᠢ ᠨᠡᠢᠲᠡ 180 ᠬᠥᠮᠦᠨ ᠪᠣᠯᠪᠠᠰᠣᠷᠠᠯ᠎ᠳᠤ ᠣᠷᠣᠯᠴᠠᠪᠠ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ