12 ᠳ᠋ᠤᠭ᠋ᠠᠷ ᠰᠠᠷ᠎ᠠ᠎ᠶ᠋ᠢᠨ 20 ᠤ ᠡᠳᠦᠷ᠂ 2025 ᠣᠨ᠎ᠤ 《 ᠳᠤᠮᠳᠠᠳᠤ ᠤᠯᠤᠰ᠎ᠦᠨ ᠦᠵᠡᠵᠦ ᠰᠣᠨᠣᠰᠬᠣ 》 ᠱᠢᠯᠢᠳᠡᠭ ᠣᠬᠤᠷ ᠸᠢᠳᠢᠣ᠋ ᠡᠯᠰᠡᠵᠦ ᠳᠡᠯᠭᠡᠨ ᠦᠵᠡᠭᠦᠯᠬᠦ᠌ ᠱᠢᠷᠢᠰ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ ᠨᠡᠢᠲᠡᠯᠡᠬᠦ᠌ ᠶᠣᠰᠣᠯᠠᠯ ᠵᠢᠴᠢ 《 ᠳᠤᠮᠳᠠᠳᠤ ᠤᠯᠤᠰ᠎ᠤᠨ ᠦᠵᠡᠵᠦ ᠰᠣᠨᠣᠰᠬᠣ — ᠮᠥᠰᠥ᠍ ᠴᠠᠰᠤᠨ᠎ᠳᠤ ᠬᠤᠴᠢᠭᠳᠠᠭᠰᠠᠨ ᠮᠦᠩᠬᠦᠨ ᠴᠠᠭ᠋ᠠᠨ ᠳᠡᠯᠡᠬᠡᠢ ᠪᠠᠰᠠ ᠴᠦ᠍ ᠠᠯᠲᠠ ᠮᠥᠩᠭᠦᠨ ᠠᠭᠤᠯᠠ ᠮᠥᠨ 》 ᠭᠡᠬᠦ᠌ ᠣᠬᠤᠷ ᠸᠢᠳᠢᠣ᠋ ᠡᠯᠰᠡᠬᠦ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠯᠢᠶᠣᠤᠨᠢᠩ᠎ᠤᠨ ᠱᠸᠨᠶᠠᠩᠳᠤ ᠶᠠᠪᠤᠭ᠍ᠳᠠᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ᠂ ᠯᠢᠶᠣᠤᠨᠢᠩ ᠮᠤᠵᠢ᠎ᠶ᠋ᠢᠨ ᠨᠠᠮ᠎ᠤᠨ ᠬᠤᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠵᠣᠣ ᠴᠧᠩ᠂ ᠯᠢᠶᠣᠤᠨᠢᠩ ᠮᠤᠵᠢ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠮᠤᠵᠢ᠎ᠶ᠋ᠢᠨ ᠳᠠᠷᠤᠭ᠎ᠠ ᠴᠦ᠍ ᠲᠢᠶᠠᠨ ᠶᠦᠨ ᠬᠤᠷᠠᠯ᠎ᠳᠤ ᠣᠷᠣᠯᠴᠠᠪᠠ᠃
2025 ᠣᠨ᠎ᠳᠤ 《 ᠳᠤᠮᠳᠠᠳᠤ ᠤᠯᠤᠰ᠎ᠦᠨ ᠦᠵᠡᠵᠦ ᠰᠣᠨᠣᠰᠬᠣ 》 ᠱᠢᠯᠢᠳᠡᠭ ᠣᠬᠤᠷ ᠸᠢᠳᠢᠣ᠋᠎ᠶ᠋ᠢ ᠡᠯᠰᠡᠵᠦ ᠳᠡᠯᠭᠡᠨ ᠦᠵᠡᠭᠦᠯᠬᠦ᠌ ᠱᠢᠷᠢᠰ ᠠᠵᠢᠯᠯᠠᠭ᠎ᠠ᠎ᠨᠢ ᠨᠡᠢᠲᠡ 2 ᠲᠦᠮᠡ ᠭᠠᠷᠤᠶ ᠬᠤᠪᠢ ᠣᠬᠤᠷ ᠸᠢᠳᠢᠣ᠋᠎ᠶ᠋ᠢᠨ ᠪᠦᠲᠦᠭᠡᠯ᠎ᠢ ᠭᠥᠯᠢᠶᠡᠨ ᠠᠪᠴᠤ᠌᠂ ᠠᠭᠤᠯᠭ᠎ᠠ᠎ᠨᠢ ᠦᠨᠳᠦᠰᠦᠲᠡᠨ᠎ᠤ ᠪᠦᠯᠬᠦᠮᠳᠡᠯ᠂ ᠠᠮᠢ ᠠᠬᠤᠶ᠎ᠶ᠋ᠢᠨ ᠪᠣᠯᠪᠠᠰᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠂ ᠣᠯᠠᠨ ᠤᠯᠤᠰ᠎ᠤᠨ ᠳᠠᠮᠵᠢᠭᠤᠯᠭ᠎ᠠ ᠵᠡᠷᠭᠡ ᠲᠠᠯ᠎ᠠ᠎ᠶ᠋ᠢ ᠬᠠᠮᠤᠷᠴᠤ᠌᠂ ᠠᠰᠣᠷᠣ ᠰᠠᠢᠨ ᠳᠠᠮᠵᠢᠭᠤᠯᠭ᠎ᠠ᠎ᠶ᠋ᠢᠨ ᠦᠷ᠎ᠡ ᠪᠦᠲᠦᠮᠵᠢ ᠤᠯᠪᠠ᠃ ᠨᠢᠭᠡ᠎ᠳᠤ᠂ ᠱᠢᠨ᠎ᠡ ᠴᠠᠭ ᠦᠶ᠎ᠡ᠎ᠶ᠋ᠢᠨ ᠴᠤᠭ ᠪᠠᠳᠠᠷᠠᠩᠭᠤᠢ ᠭᠤᠣᠯ ᠬᠦᠭ ᠠᠶᠠᠰ᠎ᠢ ᠴᠢᠪᠬᠠᠳᠠᠵᠤ᠂ ᠴᠢᠬᠤᠯᠠ ᠶᠡᠭᠡ ᠭᠤᠣᠯ ᠰᠡᠳᠦᠪ ᠪᠠ ᠴᠢᠬᠤᠯᠠ ᠵᠠᠩᠭᠢᠯᠠᠭ᠎ᠠ᠎ᠶ᠋ᠢᠨ ᠴᠡᠭ᠎ᠤᠨ ᠲᠣᠭᠤᠷᠢᠨ᠎ᠳᠤ ᠨᠡᠩ ᠤᠯᠠᠨ ᠱᠢᠯᠢᠳᠡᠭ ᠭᠤᠣᠯ ᠰᠡᠳᠦᠪᠲᠦ ᠣᠬᠤᠷ ᠸᠢᠳᠢᠣ᠋ ᠪᠦᠲᠦᠭᠡᠯ᠎ᠢ ᠵᠣᠬᠢᠶᠠᠨ ᠪᠦᠲᠦᠭᠡᠵᠦ ᠭᠠᠷᠭ᠋ᠠᠪᠠ᠃ ᠬᠤᠶᠠᠷ᠎ᠲᠤ᠌᠂ ᠳᠤᠮᠳᠠᠳᠤ ᠤᠯᠤᠰ᠎ᠤᠨ ᠠᠮᠢᠳᠤᠯᠢᠭ ᠦᠯᠢᠭᠡᠷ᠎ᠢ ᠰᠠᠢᠲᠤᠷ ᠶᠠᠷᠢᠵᠤ᠂ ᠴᠠᠭ ᠦᠶ᠎ᠡ᠎ᠶ᠋ᠢᠨ ᠬᠤᠪᠢᠷᠠᠯᠲᠠ᠂ ᠳᠤᠮᠳᠠᠳᠤ ᠤᠯᠤᠰ᠎ᠤᠨ ᠲᠠᠪᠱᠢᠯᠳᠠ᠂ ᠠᠷᠠᠳ ᠲᠦᠮᠡᠨ᠎ᠤ ᠬᠦᠰᠡᠯ ᠱᠠᠭᠠᠷᠳᠠᠯᠭ᠎ᠠ ᠳᠣᠮᠲᠠ᠎ᠠᠴᠠ ᠰᠡᠳᠣᠪ ᠰᠣᠩᠭᠣᠨ ᠴᠣᠭᠯᠠᠭᠣᠯᠵᠣ᠂ ᠣᠬᠤᠷ ᠸᠢᠳᠢᠣ᠋᠎ᠶ᠋ᠢ ᠣᠷᠣᠰᠬᠠᠯ᠎ᠤᠨ ᠬᠡᠮᠵᠢᠶ᠎ᠡ ᠲᠠᠢ ᠪᠦᠭᠡᠳ ᠨᠡᠩ ᠴᠢᠨᠠᠷ ᠰᠠᠢᠲᠠᠢ ᠪᠣᠯᠭᠠᠵᠤ᠂ ᠬᠥᠮᠦᠰ᠎ᠤᠨ ᠬᠦᠷᠢᠶᠡᠯᠡᠯ᠎ᠢ ᠤᠯᠤᠭᠰᠠᠨ ᠪᠦᠭᠡᠳ ᠬᠦᠮᠣᠰ᠎ᠤᠨ ᠰᠡᠳᠭᠢᠯ᠎ᠢ ᠨᠡᠩ ᠨᠢᠭᠲᠠᠷᠠᠭᠣᠯᠪᠠ᠃ ᠭᠤᠷᠪᠠ᠎ᠳᠤ᠂ ᠤᠯᠠᠨ ᠠᠵᠢᠯ ᠲᠦᠷᠦᠯ᠎ᠳᠤ ᠬᠦᠴᠦᠨ ᠨᠡᠮᠡᠷᠢᠯᠡᠵᠦ᠂ 《 ᠮᠡᠷᠭᠡᠵᠢᠯ + ᠤᠷᠠᠯᠢᠭ 》᠎ᠢ ᠪᠠᠷᠢᠮᠲᠠᠯᠠᠨ᠂ ᠢᠯᠡᠳᠭᠡᠬᠦ᠌ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠳᠤᠮᠳᠠ ᠨᠡᠩ ᠶᠡᠭᠡ ᠵᠢᠳᠬᠦᠯ ᠴᠢᠷᠮᠠᠢᠯᠭ᠎ᠠ ᠭᠠᠷᠭ᠋ᠠᠪᠠ᠃ ᠨᠡᠢᠲᠡᠯᠡᠬᠦ᠌ ᠶᠣᠰᠣᠯᠠᠯ᠎ᠤᠨ ᠳᠠᠷᠠᠭ᠎ᠠ᠂ ᠯᠢᠶᠣᠤᠨᠢᠩ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠰᠣᠶᠣᠯ ᠵᠢᠭᠤᠯᠴᠢᠯᠠᠯ᠎ᠤᠨ ᠲᠢᠩᠬᠢᠮ᠂ ᠪᠡᠶ᠎ᠡ ᠲᠠᠮᠢᠷ᠎ᠤᠨ ᠲᠣᠪᠴᠢᠶ᠎ᠠ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠂ ᠭᠢᠷᠢᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠬᠠᠷᠠᠮᠥ᠋ᠷᠡᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠵᠢᠶᠠᠩᠰᠦ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠵᠧᠵᠢᠶᠠᠩ ᠮᠤᠵᠢ᠎ᠶ᠋ᠢᠨ ᠰᠣᠶᠣᠯ ᠵᠢᠭᠤᠯᠴᠢᠯᠠᠯ᠎ᠤᠨ ᠲᠢᠩᠬᠢᠮ᠂ ᠬᠤᠨᠠᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠎ᠲᠠᠢ ᠬᠠᠮᠲᠤᠷᠠᠨ ᠡᠷᠭᠢᠯᠡᠭ᠌ᠰᠡᠨ 《 ᠳᠤᠮᠳᠠᠳᠤ ᠤᠯᠤᠰ — ᠮᠥᠰᠥ᠍ ᠴᠠᠰᠤᠨ᠎ᠳᠤ ᠬᠣᠴᠢᠭᠳᠠᠭᠰᠠᠨ ᠮᠦᠩᠬᠦᠨ ᠴᠠᠭ᠋ᠠᠨ ᠳᠡᠯᠡᠬᠡᠢ ᠪᠠᠰᠠ ᠴᠦ᠍ ᠠᠯᠲᠠ ᠮᠥᠩᠭᠦᠨ ᠠᠭᠤᠯᠠ ᠮᠥᠨ 》 ᠭᠡᠬᠦ᠌ ᠣᠬᠤᠷ ᠸᠢᠳᠢᠣ᠋ ᠡᠯᠰᠡᠬᠦ᠌ ᠠᠵᠢᠯᠯᠠᠭ᠎ᠠ᠎ᠶ᠋ᠢ ᠵᠢᠩᠬᠢᠨᠢ᠎ᠪᠠᠷ ᠡᠬᠢᠯᠡᠭᠦᠯᠪᠡ᠃
ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭᠠᠨ᠎ᠤ ᠬᠦᠷᠢᠶᠡᠯᠡᠩ᠂ ᠠᠷᠠᠳ᠎ᠤᠨ ᠡᠳᠦᠷ᠎ᠤᠨ ᠰᠣᠨᠢᠨ᠎ᠤ ᠬᠤᠷᠢᠶ᠎ᠠ᠂ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠤ ᠲᠣᠪᠴᠢᠶ᠎ᠠ᠎ᠶ᠋ᠢᠨ ᠬᠤᠯᠪᠣᠭ᠍ᠳᠠᠯ ᠪᠥᠬᠦᠶ ᠨᠢᠭᠡᠴᠢ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠤᠯᠪᠣᠭ᠍ᠳᠠᠯ ᠪᠥᠬᠦᠶ ᠨᠢᠭᠡᠴᠢ᠂ ᠳᠤᠮᠳᠠᠳᠤ ᠤᠯᠤᠰ᠎ᠤᠨ ᠰᠦᠯᠵᠢᠶᠡᠨ᠎ᠤ ᠦᠵᠡᠵᠦ᠍ ᠰᠣᠨᠣᠰᠭᠤ ᠨᠡᠢᠭᠡᠮᠯᠢᠭ᠂ ᠾᠧᠪᠸᠢ᠂ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ᠂ ᠵᠢᠶᠠᠩᠰᠦ᠂ ᠵᠧᠵᠢᠶᠠᠩ᠂ ᠠᠨᠾᠦ᠋ᠢ᠂ ᠹᠦᠵᠢᠶᠠᠨ᠂ ᠱᠠᠨᠳᠦ᠋ᠩ᠂ ᠬᠤᠪᠧᠶ᠂ ᠬᠤᠨᠠᠨ᠂ ᠭᠤᠸᠠᠩᠰᠢ᠂ ᠴᠦᠩᠴᠢᠩ᠂ ᠰᠧᠴᠤᠸᠠᠨ ᠵᠡᠷᠭᠡ ᠮᠤᠵᠢ ( ᠣᠷᠣᠨ᠂ ᠬᠤᠲᠠ )᠎ᠶᠢᠨ ᠷᠠᠳᠢᠣ᠋ ᠲᠧᠯᠸᠢᠰ᠎ᠤᠨ ᠲᠣᠪᠴᠢᠶ᠎ᠠ᠂ ᠯᠢᠶᠣᠤᠨᠢᠩ ᠮᠤᠵᠢ᠎ᠶ᠋ᠢᠨ ᠱᠢᠭᠤᠳ ᠬᠠᠷᠢᠶ᠎ᠠ ᠨᠢᠭᠡᠴᠢ᠂ ᠡᠯ᠎ᠡ ᠭᠠᠵᠠᠷ᠎ᠤᠨ ᠬᠤᠲᠠ᠎ᠶ᠋ᠢᠨ ᠬᠤᠯᠪᠣᠭ᠍ᠳᠠᠯ ᠪᠥᠬᠦᠶ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ᠂ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠤᠨ ᠲᠥᠯᠥᠭᠡᠯᠡᠭ᠌ᠴᠢ᠂ ᠬᠠᠮᠢᠶ᠎ᠠ ᠪᠥᠬᠦᠶ ᠵᠠᠭᠤᠴᠢᠯᠠᠭᠤᠷ᠎ᠤᠨ ᠲᠥᠯᠥᠭᠡᠯᠡᠭ᠌ᠴᠢ ᠠᠵᠢᠯᠯᠠᠭ᠎ᠠ᠎ᠳᠤ ᠣᠷᠣᠯᠴᠠᠪᠠ᠃