ᠰᠦᠯᠵᠢᠶᠡᠨ᠎ᠤ ᠨᠡᠷᠡᠲᠦ ᠬᠦᠮᠦᠰ᠎ᠦᠨ ᠳᠠᠩᠰᠠᠨ ᠨᠣᠮᠧᠷ᠎ᠤᠨ ᠦᠢᠯᠡ ᠠᠵᠢᠯᠯᠠᠭ᠎ᠠ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠬᠤ ᠲᠤᠬᠠᠶ ᠮᠡᠳᠡᠭ᠌ᠳᠡᠯ
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠣᠳ ᠬᠠᠷᠢᠶ᠎ᠠ ᠬᠣᠲᠠ᠎ᠶᠢᠨ ᠨᠠᠮ᠎ᠤ᠋ᠨ ᠬᠣᠷᠢᠶ᠎ᠠ᠎ᠶᠢᠨ ᠢᠨᠲ᠋ᠧᠷ ᠰᠦᠯᠵᠢᠶᠡᠨ᠎ᠦ᠌ ᠮᠡᠳᠡᠭᠡ ᠵᠠᠩᠭᠢ᠎ᠶᠢᠨ ᠠᠯᠪᠠᠨ ᠭᠡᠷ᠂ ᠰᠢᠨᠵᠢᠶᠠᠩ᠎ᠤ᠋ᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨᠤ᠋ ᠨᠠᠮ᠎ᠤ᠋ᠨ ᠬᠣᠷᠢᠶ᠎ᠠ᠎ᠶᠢᠨ ᠢᠨᠲ᠋ᠧᠷ ᠰᠦᠯᠵᠢᠶᠡᠨ᠎ᠦ᠌ ᠮᠡᠳᠡᠭᠡ ᠵᠠᠩᠭᠢ᠎ᠶᠢᠨ ᠠᠯᠪᠠᠨ ᠭᠡᠷ᠎ᠲᠦ ᠄
ᠰᠦᠯᠵᠢᠶᠡᠨ᠎ᠤ ᠨᠠᠷᠠᠲᠤ ᠬᠦᠮᠦᠰ᠎ᠦᠨ ᠲᠠᠩᠰᠠᠨ ᠨᠣᠮᠸᠷ᠎ᠤᠨ ᠪᠠᠬᠠᠷᠣᠭᠰᠠᠳᠤᠨ ᠲᠤᠭ᠎ᠠ᠎ᠨᠢ ᠠᠷᠪᠢᠨ᠂ ᠨᠡᠢᠭᠡᠮ᠎ᠤᠨ ᠠᠩᠬᠠᠷᠤᠯ᠎ᠤᠨ ᠬᠡᠮᠵᠢᠶ᠎ᠡ᠎ᠨᠢ ᠥᠨᠳᠥᠷ ᠪᠠᠢ᠌ᠵᠤ᠂ ᠢᠨᠲ᠋ᠧᠷ ᠰᠦᠯᠵᠢᠶᠡᠨ ᠳᠡᠭᠡᠷ᠎ᠡ ᠨᠡᠯᠢᠶᠡᠳ ᠴᠢᠩᠭ᠎ᠠ ᠨᠥᠯᠥᠭᠡᠯᠡᠬᠦ᠌ ᠬᠦᠴᠦᠨ ᠪᠠ ᠵᠢᠱ᠌ᠢᠶ᠎ᠡ ᠦᠵᠡᠭᠦᠯᠬᠦ᠌ ᠦᠢᠯᠡᠳᠦᠯ᠎ᠲᠠᠢ᠃ ᠰᠦᠯᠵᠢᠶᠡᠨ᠎ᠤ ᠨᠠᠷᠠᠲᠤ ᠬᠦᠮᠦᠰ᠎ᠦᠨ ᠲᠠᠩᠰᠠᠨ ᠨᠣᠮᠧᠷ᠎ᠤᠨ ᠬᠡᠪᠱᠢᠭ᠌ᠰᠡᠨ ᠬᠠᠮᠢᠶᠠᠷᠤᠯᠲᠠ᠎ᠶ᠋ᠢ ᠴᠢᠩᠭᠠᠳᠭᠠᠵᠤ᠂ ᠲᠡᠭᠦᠨ᠎ᠢ ᠬᠥᠲᠥᠯᠦᠨ ᠵᠢᠯᠣᠭᠤᠳᠴᠤ᠌ ᠪᠠᠢᠭᠠᠳ ᠰᠦᠯᠵᠢᠶᠡᠨ ᠳᠡᠭᠡᠷᠡᠬᠢ ᠦᠢᠯᠡ ᠠᠵᠢᠯᠯᠠᠭ᠎ᠠ᠎ᠶ᠋ᠢ ᠤᠬᠠᠮᠰᠠᠷ᠎ᠠᠴᠠ᠎ᠪᠠᠨ ᠵᠢᠷᠤᠮᠵᠢᠭᠤᠯᠵᠤ᠂ ᠵᠦᠶ ᠵᠣᠬᠢᠰ ᠥᠬᠡᠶ ᠰᠦᠯᠵᠢᠶᠡᠨ᠎ᠤ ᠦᠭᠡ ᠶᠠᠷᠢᠶ᠎ᠠ ᠦᠶ᠋ᠯᠡ ᠠᠵᠢᠯᠯᠠᠭ᠎ᠠ᠎ᠳᠤ ᠨᠠᠵᠠᠭᠠᠶ ᠨᠥᠯᠥᠭᠡ ᠦᠵᠡᠭᠦᠯᠬᠦ᠌᠎ᠶ᠋ᠢ ᠰᠡᠷᠭᠡᠢᠯᠡᠬᠦ᠌᠎ᠶ᠋ᠢᠨ ᠲᠥᠯᠥᠭᠡ᠂ ᠮᠠᠨ᠎ᠤ ᠠᠯᠪᠠᠨ ᠬᠡᠷ᠎ᠠᠴᠠ ᠰᠦᠯᠵᠢᠶᠡᠨ᠎ᠤ ᠨᠠᠷᠠᠲᠤ ᠬᠦᠮᠦᠰ᠎ᠦᠨ ᠲᠠᠩᠰᠠᠨ ᠨᠣᠮᠧᠷ᠎ᠤᠨ ᠦᠶ᠋ᠯᠡ ᠠᠵᠢᠯᠯᠠᠭ᠎ᠠ᠎ᠶ᠋ᠢᠨ ᠨᠠᠵᠠᠭᠠᠶ ᠲᠠᠯ᠎ᠠ᠎ᠶ᠋ᠢᠨ ᠨᠠᠷᠢᠨ ᠳᠠᠩᠰᠠ᠎ᠶ᠋ᠢ ᠲᠣᠭ᠍ᠲᠠᠭᠠᠵᠤ᠂ ᠦᠶ᠋ᠯᠡ ᠠᠵᠢᠯᠯᠠᠭ᠎ᠠ᠎ᠶ᠋ᠢᠨ ᠵᠠᠭᠠᠭ ᠱᠤᠭᠤᠮ᠎ᠳᠤ ᠲᠣᠳᠣᠷᠬᠠᠶ ᠲᠣᠭ᠍ᠲᠠᠭᠠᠯ ᠭᠠᠷᠭᠠᠪᠠ᠃
ᠡᠯ᠎ᠡ ᠰᠦᠯᠵᠢᠶᠡᠨ᠎ᠤ ᠥᠷᠲᠡᠭᠡ᠎ᠶ᠋ᠢᠨ ᠲᠠᠪᠴᠠᠩ᠎ᠨᠢ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠠᠭᠠᠷᠳᠠᠯᠭ᠎ᠠ ᠵᠢᠴᠢ 《 ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠭᠤᠯᠭ᠎ᠠ᠎ᠶ᠋ᠢᠨ ᠠᠮᠢ ᠠᠬᠤᠶ᠎ᠶ᠋ᠢᠨ ᠵᠠᠰᠠᠯᠲᠠ᠎ᠶ᠋ᠢᠨ ᠲᠣᠭ᠍ᠲᠠᠭᠠᠯ 》 《 ᠢᠨᠲ᠋ᠧᠷ ᠰᠦᠯᠵᠢᠶᠡᠨ᠎ᠤ ᠬᠡᠷᠡᠭ᠌ᠯᠡᠭ᠌ᠴᠢ᠎ᠶ᠋ᠢᠨ ᠲᠠᠩᠰᠠᠨ ᠨᠣᠮᠧᠷ᠎ᠤᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠮᠡᠳᠡᠭ᠌ᠳᠡᠯ 》 《 〈 ᠬᠤᠪᠢ᠎ᠶᠢᠨ ᠵᠠᠭᠣᠴᠢᠯᠠᠭᠣᠷ 〉᠎ᠤᠨ ᠬᠠᠮᠢᠶᠠᠷᠣᠯᠲᠠ᠎ᠶᠢ ᠴᠢᠩᠭ᠋ᠠᠳᠬᠠᠬᠣ ᠲᠣᠬᠠᠢ ᠮᠡᠳᠡᠭᠳᠡᠯ 》 ᠵᠡᠷᠭᠡ ᠬᠠᠮᠢᠶ᠎ᠠ ᠪᠥᠬᠦᠶ ᠲᠣᠭ᠍ᠲᠠᠭᠠᠯ᠎ᠢ ᠬᠢᠨᠠᠮᠠᠭᠠᠶ ᠨᠠᠢᠳᠠᠪᠤᠷᠢᠵᠢᠭᠤᠯᠵᠤ᠂ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠎ᠲᠠᠢ ᠬᠠᠷᠢᠴᠠᠭᠤᠯᠤᠨ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠰᠦᠯᠵᠢᠶᠡᠨ᠎ᠤ ᠨᠠᠷᠠᠲᠤ ᠬᠥᠮᠦᠰ᠎ᠤᠨ ᠲᠠᠩᠰᠠᠨ ᠨᠣᠮᠧᠷ᠎ᠤᠨ ᠬᠠᠮᠢᠶᠠᠷᠤᠯᠲᠠ᠎ᠳᠤ ᠬᠤᠯᠪᠣᠭ᠍ᠳᠠᠬᠤ ᠨᠡᠢᠭᠡᠮ ᠲᠣᠭᠤᠷᠢᠭ᠎ᠤᠨ ᠲᠦᠷᠢᠮ᠂ ᠬᠡᠷᠡᠭ᠌ᠯᠡᠭ᠌ᠴᠢ᠎ᠶ᠋ᠢᠨ ᠬᠡᠯᠡᠯᠴᠡᠭᠡᠷ᠎ᠢ ᠤᠯᠠᠮ ᠨᠢᠭᠡ ᠠᠯᠬᠤᠮ ᠪᠦᠷᠢᠨᠱᠢᠬᠦᠯᠵᠦ᠍᠂ ᠬᠠᠤᠯᠢ ᠶᠣᠰᠣᠭᠠᠷ ᠪᠣᠯᠵᠤᠭ᠎ᠠ ᠶᠣᠰᠣᠭᠠᠷ ᠰᠦᠯᠵᠢᠶᠡᠨ᠎ᠤ ᠨᠠᠷᠠᠲᠤ ᠬᠥᠮᠦᠰ᠎ᠤᠨ ᠲᠠᠩᠰᠠᠨ ᠨᠣᠮᠧᠷ᠎ᠤᠨ ᠮᠡᠳᠡᠭᠡ ᠵᠠᠩᠭᠢ᠎ᠶ᠋ᠢ ᠨᠡᠢᠲᠡᠯᠡᠬᠦ᠂ ᠱᠢᠭᠤᠳ ᠨᠡᠪᠲᠡᠷᠡᠭᠦᠯᠭᠡ᠎ᠪᠠᠷ ᠬᠠᠷᠢᠯᠴᠠᠨ ᠬᠥᠳᠡᠯᠦᠯᠴᠡᠬᠦ᠂ ᠶᠠᠷᠢᠶᠠᠨ᠎ᠤ ᠰᠡᠳᠦᠪ ᠨᠡᠭᠡᠭᠡᠬᠦ᠌ ᠵᠡᠷᠭᠡ ᠦᠢᠯᠡ ᠠᠵᠢᠯᠯᠠᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠰᠦᠯᠵᠢᠶᠡᠨ᠎ᠤ ᠨᠠᠷᠠᠲᠤ ᠬᠥᠮᠦᠰ᠎ᠤᠨ ᠲᠠᠩᠰᠠᠨ ᠨᠣᠮᠧᠷ᠎ᠤᠨ ᠡᠵᠡᠩᠨᠡᠭ᠌ᠴᠢ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠨᠥᠯᠥᠭᠡᠯᠡᠬᠦ᠌ ᠬᠦᠴᠦᠨ᠎ᠢ ᠵᠦᠶ ᠵᠣᠬᠢᠰᠲᠠᠶ ᠬᠡᠷᠡᠭ᠌ᠯᠡᠭᠦᠯᠵᠦ᠍᠂ ᠰᠦᠯᠵᠢᠶᠡᠨ ᠳᠡᠭᠡᠷᠡᠬᠢ ᠦᠭᠡ ᠶᠠᠷᠢᠶ᠎ᠠ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ ᠬᠡᠷᠡᠭ᠌ᠲᠡᠶ᠃ ᠡᠯ᠎ᠡ ᠭᠠᠵᠠᠷ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠰᠠᠯᠠᠭ᠎ᠠ ᠮᠥᠴᠢᠷ᠎ᠤᠳ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠵᠢᠭᠠᠨ ᠵᠢᠯᠣᠭᠤᠳᠴᠤ᠌ ᠬᠢᠨᠠᠨ ᠬᠠᠮᠢᠶᠠᠷᠬᠤ᠎ᠪᠠᠨ ᠴᠢᠩᠭᠠᠷᠠᠭᠤᠯᠤᠨ᠂ ᠬᠠᠮᠢᠶ᠎ᠠ ᠪᠦᠬᠦᠢ ᠰᠦᠯᠵᠢᠶᠡᠨ ᠥᠷᠲᠡᠭᠡ᠎ᠶ᠋ᠢᠨ ᠲᠠᠪᠴᠠᠩ᠎ᠢ ᠱᠢᠮᠳᠠᠭᠤᠯᠵᠤ ᠪᠠᠢᠭᠠᠳ ᠰᠦᠯᠵᠢᠶᠡᠨ᠎ᠤ ᠨᠡᠷᠡᠲᠦ ᠬᠥᠮᠦᠰ᠎ᠤᠨ ᠲᠠᠩᠰᠠᠨ ᠨᠣᠮᠧᠷ᠎ᠤᠨ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ ᠬᠠᠮᠢᠶᠠᠷᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃
ᠳᠠᠭᠠᠯᠳᠤᠭᠤᠯᠤᠯ᠄ ᠰᠦᠯᠵᠢᠶᠡᠨ᠎ᠤ ᠨᠡᠷᠡᠲᠦ ᠬᠥᠮᠦᠰ᠎ᠤᠨ ᠳᠠᠩᠰᠠᠨ ᠨᠣᠮᠸᠷ᠎ᠤᠨ ᠣᠢ᠌ᠯᠡ ᠠᠵᠢᠯᠯᠠᠭ᠎ᠠ᠎ᠶ᠋ᠢᠨ ᠨᠠᠵᠠᠭᠠᠢ ᠲᠠᠯ᠎ᠠ᠎ᠶ᠋ᠢᠨ ᠨᠠᠷᠢᠨ ᠳᠠᠩᠰᠠ
ᠲᠦᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠭᠡᠷ᠎ᠤᠨ ᠨᠠᠷᠢᠨ ᠪᠢᠴᠢᠭᠡᠴᠢ᠎ᠶ᠋ᠢᠨ ᠲᠤᠪᠴᠢᠶ᠎ᠠ
2025 ᠣᠨ᠎ᠤ 12 ᠳ᠋ᠤᠭ᠋ᠠᠷ ᠰᠠᠷ᠎ᠠ᠎ᠶ᠋ᠢᠨ 25᠎ᠤ ᠡᠳᠦᠷ
ᠰᠦᠯᠵᠢᠶᠡᠨ᠎ᠤ ᠨᠡᠷᠡᠲᠦ ᠬᠥᠮᠦᠰ᠎ᠤᠨ ᠳᠠᠩᠰᠠᠨ ᠨᠣᠮᠸᠷ᠎ᠤᠨ ᠣᠢ᠌ᠯᠡ ᠠᠵᠢᠯᠯᠠᠭ᠎ᠠ᠎ᠶ᠋ᠢᠨ ᠨᠠᠵᠠᠭᠠᠢ ᠲᠠᠯ᠎ᠠ᠎ᠶ᠋ᠢᠨ ᠨᠠᠷᠢᠨ ᠳᠠᠩᠰᠠ
( ᠨᠢᠭᠡ ) ᠪᠤᠯᠬᠢ ᠪᠦᠳᠦᠭᠦᠯᠢᠭ᠌ ᠠᠭᠣᠯᠭ᠎ᠠ᠎ᠶᠢ ᠲᠠᠷᠬᠠᠭ᠋ᠠᠨ᠎ᠠ᠃ ᠵᠣᠷᠢᠭᠤᠲᠠ ᠦᠭᠡ ᠬᠡᠯᠡ ᠦᠰᠦᠭ ᠪᠢᠴᠢᠭ᠌᠎ᠢ ᠳᠦᠷᠢᠮᠵᠢᠭᠦᠨ ᠬᠡᠷᠡᠭ᠌ᠯᠡᠬᠦ᠌ ᠦᠭᠡᠢ᠂ ᠨᠢᠭᠤᠴᠠ ᠦᠭᠡ ᠢᠯᠵᠠᠷᠠᠮᠠᠯ ᠵᠣᠷᠢᠭᠣᠳᠠ ᠦᠭᠡ ᠨᠠᠢ᠌ᠷᠠᠭᠣᠯᠣᠨ ᠵᠣᠬᠢᠶᠠᠬᠣ᠂ ᠪᠤᠵᠠᠷ ᠪᠣᠷᠳᠣᠭ ᠦᠭᠡ ᠶᠠᠷᠢᠶ᠎ᠠ ᠬᠡᠷᠡᠭ᠌ᠯᠡᠵᠦ᠍᠂ ᠪᠦᠳᠦᠭᠦᠯᠢᠭ ᠢᠯᠡᠳᠭᠡᠨ᠂ ᠵᠠᠬ᠎ᠠ᠎ᠶᠢᠨ ᠪᠥᠮᠪᠥᠭᠡ ᠴᠣᠬᠢᠬᠣ᠂ ᠪᠢᠲᠡᠭᠦᠦ ᠦᠭᠡ ᠬᠡᠷᠡᠭ᠌ᠯᠡᠬᠦ᠌ ᠵᠡᠷᠭᠡ ᠠᠷᠭ᠎ᠠ᠎ᠪᠠᠷ ᠵᠥᠭᠡᠯᠡᠨ ᠱᠠᠯᠢᠭ ᠵᠠᠪᠠᠬᠠᠢ᠂ ᠪᠡᠯᠭᠡ᠎ᠶᠢᠨ ᠳᠠᠯᠳᠠ ᠳᠣᠬᠢᠶ᠎ᠠ ᠥᠭ᠌ᠬᠦ ᠵᠡᠷᠭᠡ ᠪᠣᠯᠬᠢ ᠪᠦᠳᠦᠭᠦᠯᠢᠭ ᠪᠢᠯᠳᠠᠤᠴᠢᠯᠠᠨ ᠲᠣᠯᠳᠣᠢ᠌ᠳᠬᠣ ᠠᠭᠤᠯᠭ᠎ᠠ᠎ᠶᠢ ᠲᠠᠷᠬᠠᠭ᠋ᠠᠨ᠎ᠠ᠃
( ᠬᠤᠶᠠᠷ ) ᠡᠷᠡᠭᠦᠯ ᠪᠤᠰᠤ ᠥᠷᠲᠡᠭᠦ᠋ᠨ ᠤᠳᠤᠷᠢᠳᠤᠮᠵᠢ᠎ᠶᠢ ᠣᠬᠠᠭᠣᠯᠣᠨᠠ᠃ ᠶᠠᠷᠢᠶᠠᠨ᠎ᠤ ᠬᠡᠯᠡᠨ᠎ᠤ ᠱᠢᠰᠲ᠋ᠧᠮ᠎ᠢ ᠨᠠᠢᠷᠠᠭᠤᠯᠤᠨ ᠵᠣᠬᠢᠶᠠᠵᠤ᠂ 《 ᠨᠠᠵᠠᠭ᠋ᠠᠢ ᠬᠠᠨᠳᠣᠬᠣ 》 《 ᠳᠣᠷᠣᠢ᠌ᠲᠠᠵᠣ ᠶᠢᠷᠲᠢᠨᠴᠦ᠍᠎ᠶ᠋ᠢ ᠵᠢᠭ᠌ᠰᠢᠬᠦ᠌ 》 《 ᠪᠠᠶᠠᠨ᠎ᠢᠶᠠᠨ ᠭᠠᠢ᠌ᠬᠠᠭᠣᠯᠵᠣ ᠮᠦᠩᠬᠦᠨ᠎ᠳᠦ ᠰᠢᠨᠣᠬᠠᠢ᠌ᠷᠠᠬᠣ 》 ᠵᠡᠷᠭᠡ ᠨᠡᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ᠎ᠠᠴᠠ ᠲᠡᠷᠰᠯᠡᠭ᠌ᠰᠡᠨ ᠮᠠᠭᠤ ᠦᠵᠡᠯ ᠰᠠᠨᠠᠭ᠎ᠠ᠎ᠶ᠋ᠢ ᠤᠬᠠᠭᠤᠯᠵᠤ᠂ ᠭᠡᠳᠣ ᠬᠡᠲᠣᠷᠡᠮᠡᠭᠡᠢ ᠣᠷᠮ᠎ᠠ ᠶ᠋ᠢ ᠬᠥᠭ᠌ᠵᠢᠭᠡᠵᠦ᠍᠂ ᠭᠤᠣᠯ ᠤᠷᠤᠰᠭᠠᠯ᠎ᠤᠨ ᠦᠷᠲᠡᠭ᠎ᠢ ᠡᠯᠡᠭᠯᠡᠨ ᠱᠣᠣᠯᠠᠨ ᠨᠠᠭ᠋ᠠᠳᠴᠣ᠂ ᠵᠣᠪᠠᠨᠢᠯ᠎ᠢ ᠣᠢ᠌ᠯᠡᠳᠴᠣ ᠫᠠᠨᠽᠠᠯᠠᠨᠠ᠃
( ᠭᠤᠷᠪᠠ ) ᠮᠠᠭᠣᠬᠠᠢ᠎ᠶᠢ ᠰᠣᠨᠢᠷᠬᠠᠵᠣ ᠮᠠᠭᠣ ᠬᠦᠮᠦᠨ᠎ᠦ ᠪᠠᠢ᠌ᠭᠣᠯᠣᠯᠲᠠ᠎ᠶᠢ ᠪᠦᠲᠦᠭᠡᠨ᠎ᠡ᠃ ᠮᠠᠭᠣ ᠬᠡᠷᠡᠭ ᠣᠢ᠌ᠯᠡᠳᠴᠦ ᠣᠷᠭᠢᠬᠣ᠂ ᠰᠣᠯᠢᠶᠠᠲᠣ ᠪᠠᠷ ᠠᠪᠣᠷᠢᠯᠠᠵᠣ ᠲᠡᠨᠡᠭ᠎ᠢᠶᠡᠷ ᠣᠪᠯᠠᠬᠣ᠂ ᠮᠠᠭᠣᠬᠠᠢ᠎ᠪᠠᠷ ᠭᠤᠸ᠎ᠠ ᠰᠠᠢᠬᠠᠨ ᠪᠣᠯᠭ᠋ᠠᠬᠣ᠂ ᠥᠪᠡᠷ᠎ᠢ᠎ᠪᠠᠨ ᠣᠳᠣᠢᠵᠢᠭᠤᠯᠬᠤ ᠵᠡᠷᠭᠡ ᠨᠡᠢᠲᠡ᠎ᠶ᠋ᠢᠨ ᠡᠮᠬᠢ ᠵᠢᠷᠤᠮ ᠪᠠ ᠰᠠᠢᠨ ᠰᠠᠢᠬᠠᠨ ᠬᠡᠪ ᠵᠠᠩᠱᠢᠯ᠎ᠠᠴᠠ ᠵᠥᠷᠢᠴᠡᠭ᠌ᠰᠡᠨ ᠬᠥᠮᠦᠨ᠎ᠢ ᠪᠠᠢᠭᠤᠯᠵᠤ᠂ ᠮᠠᠭᠤ ᠰᠠᠨᠠᠭ᠎ᠠ᠎ᠲᠠᠢ᠎ᠪᠠᠷ ᠡᠵᠡᠩᠨᠡᠨ ᠪᠣᠷᠣᠯᠠᠭᠤᠯᠬᠤ 《 ᠶᠠᠯᠠᠳᠠᠭᠳᠠᠭᠰᠠᠨ ᠲᠡᠤᠬᠡ ᠲᠠᠢ ᠬᠦᠮᠦᠰ 》 《 ᠪᠣᠷᠣᠩᠬᠣᠢ᠌ᠴᠤᠳ》 ᠵᠡᠷᠭᠡ ᠪᠡᠶ᠎ᠡ᠎ᠶ᠋ᠢᠨ ᠭᠠᠷᠤᠯ᠎ᠢ ᠪᠣᠶ ᠪᠣᠯᠭᠠᠵᠤ᠂ ᠣᠯᠠᠨ ᠨᠡᠢᠲᠡ᠎ᠶ᠋ᠢᠨ ᠲᠠᠨᠢᠨ ᠮᠡᠳᠡᠬᠦᠢ᠎ᠶ᠋ᠢᠨ ᠬᠤᠷᠢᠭ᠎ᠠ ᠱᠤᠭᠤᠮ᠎ᠢ ᠦᠳᠦᠭᠡᠪᠡ᠃
( ᠲᠦᠷᠪᠡ ) ᠦᠨᠡᠨ ᠪᠤᠰᠤ ᠮᠡᠳᠡᠭᠡ ᠵᠠᠩᠭᠢ᠎ᠶ᠋ᠢ ᠲᠠᠷᠬᠠᠭ᠋ᠠᠨ᠎ᠠ᠃ ᠵᠣᠬᠢᠶᠠᠮᠠᠯ ᠥᠩᠭᠡᠷᠡᠯᠲᠡ᠂ ᠪᠡᠶ᠎ᠡ᠎ᠶ᠋ᠢᠨ ᠭᠠᠷᠤᠯ᠎ᠢ ᠳᠠᠭᠤᠷᠢᠶᠠᠨ ᠵᠤᠬᠢᠶᠠᠵᠤ᠂ ᠬᠠᠭᠤᠷᠮᠠᠭ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠬᠠᠭᠤᠷᠮᠠᠭ ᠲᠡᠦᠬᠡ᠎ᠶ᠋ᠢᠨ ᠤᠬᠠᠭᠠᠨ ᠵᠡᠷᠭᠡ ᠬᠠᠭᠤᠷᠮᠠᠭ ᠮᠡᠳᠡᠯᠭᠡ᠎ᠶ᠋ᠢ ᠲᠠᠷᠬᠠᠭ᠋ᠠᠵᠣ᠂ ᠪᠦᠲᠦᠭᠡᠭ᠌ᠳᠡᠬᠦᠨ᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠬᠠᠭᠤᠷᠮᠠᠭ᠎ᠢᠶᠠᠷ ᠶᠡᠬᠡᠰᠭᠡᠵᠦ᠍᠂ ᠳᠣᠲᠣᠷᠬᠠᠢ᠌ᠯᠠᠯᠲᠠ ᠬᠢᠭᠰᠡᠨ ᠦᠭᠡᠢ᠎ᠪᠡᠷ ᠵᠦᠴᠦᠭᠡ᠎ᠶ᠋ᠢᠨ ᠦᠢᠯᠡ ᠶᠠᠪᠤᠳᠠᠯ᠎ᠢ ᠨᠠᠢᠷᠠᠭᠤᠯᠤᠨ ᠵᠣᠬᠢᠶᠠᠬᠣ᠂ ᠮᠠᠶᠢᠭᠯᠠᠵᠣ ᠳᠡᠯᠭᠡᠷᠡᠭᠦᠯᠦᠨ᠂ ᠦᠨᠡᠨ ᠬᠣᠳᠠᠯᠢ ᠬᠣᠳᠬᠣᠯᠳᠣᠭᠣᠯᠣᠨᠠ᠃
( ᠲᠠᠪᠤ ) ᠲᠥᠷᠥ᠎ᠶ᠋ᠢᠨ ᠪᠣᠳᠣᠯᠭ᠎ᠠ ᠪᠠ ᠨᠡᠢᠲᠡ᠎ᠶ᠋ᠢᠨ ᠬᠡᠷᠡᠭ ᠶᠠᠪᠤᠳᠠᠯ᠎ᠤᠨ ᠲᠠᠢ᠌ᠯᠪᠣᠷᠢᠯᠠᠯᠲᠠᠶᠢ ᠭᠠᠵᠢᠭᠣᠳᠠᠭᠣᠯᠣᠨᠠ᠃ ᠦᠭᠦᠯᠡᠪᠦᠷᠢ᠎ᠶᠢ ᠲᠠᠰᠣᠳᠠᠭᠣᠯᠣᠨ ᠤᠳᠬ᠎ᠠ᠎ᠶᠢ ᠭᠠᠵᠢᠭᠣᠳᠠᠭᠣᠯᠣᠨ᠂ ᠤᠯᠤᠰ᠎ᠤᠨ ᠦᠨᠳᠦᠰᠦᠨ ᠪᠣᠳᠣᠯᠭ᠎ᠠ ᠴᠢᠭ᠌ᠯᠡᠯᠲᠡ ᠪᠠ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠦᠨ ᠳᠠᠢ᠌ᠯᠪᠤᠷᠢᠯᠠᠯᠲᠠᠶᠢ ᠡᠰᠡᠷᠭᠦᠴᠡᠯᠳᠦᠵᠣ᠂ ᠨᠤᠲᠠᠯᠠᠭ᠎ᠠ ᠦᠭᠡᠢ ᠮᠡᠳᠡᠭᠡ ᠵᠠᠩᠭᠢ᠎ᠶ᠋ᠢ ᠲᠠᠷᠬᠠᠭ᠋ᠠᠵᠤ᠂ ᠣᠯᠠᠨ ᠨᠡᠢᠲᠡ᠎ᠶ᠋ᠢᠨ ᠬᠡᠷᠡᠭ᠎ᠤᠨ ᠱᠢᠯᠲᠠᠭᠠᠨ᠂ ᠨᠠᠷᠢᠨ ᠵᠦᠢᠯᠡᠰ᠂ ᠠᠬᠢᠴᠠ᠎ᠶ᠋ᠢ ᠡᠪᠯᠡᠭᠦᠯᠵᠦ ᠨᠠᠢ᠌ᠷᠠᠭᠣᠯᠣᠨ ᠭᠠᠵᠢᠭᠣᠳᠠᠭᠣᠯᠵᠣ ᠪᠠᠢᠭᠠᠳ ᠠᠷᠠᠳ᠎ᠤᠨ ᠰᠠᠨᠠᠭ᠎ᠠ᠎ᠶ᠋ᠢ ᠪᠢᠯᠧᠲ ᠥᠭ᠌ᠴᠦ ᠪᠠᠢᠴᠠᠭᠠᠬᠤ ᠵᠡᠷᠭᠡ ᠠᠵᠢᠯ᠎ᠢ ᠥᠷᠨᠢᠭᠦᠯᠵᠦ᠍᠂ ᠣᠯᠠᠨ ᠨᠡᠢᠲᠡ᠎ᠶ᠋ᠢᠨ ᠲᠠᠨᠢᠯᠲᠠ᠎ᠶ᠋ᠢ ᠡᠵᠡᠮᠳᠡᠬᠦ᠌ ᠪᠤᠶᠤ ᠪᠤᠷᠤᠭᠤ ᠵᠢᠯᠣᠭᠤᠳᠴᠤ᠌᠂ ᠨᠠᠮ ᠪᠠ ᠵᠠᠰᠠᠭ᠎ᠤᠨ ᠣᠷᠳᠣᠨ᠎ᠤ ᠣᠯᠠᠨ ᠨᠡᠢᠲᠡ᠎ᠶᠢᠨ ᠢᠲᠡᠭᠡᠭᠦᠯᠬᠦ᠌ ᠬᠦᠴᠦᠨ᠎ᠢ ᠬᠤᠬᠢᠷᠠᠭᠤᠯᠤᠨ᠎ᠠ᠃
( ᠵᠢᠷᠭᠤᠭ᠎ᠠ ) ᠬᠠᠮᠲᠤᠯᠢᠭ᠎ᠤᠨ ᠡᠰᠡᠷᠭᠦᠴᠡᠯᠳᠦᠯ᠎ᠢ ᠳᠠᠢ᠌ᠴᠢᠯᠠᠨ᠎ᠠ᠃ ᠵᠦᠢ ᠵᠣᠬᠢᠰ ᠦᠭᠡᠢ ᠭᠠᠵᠠᠷ ᠣᠷᠣᠨ᠂ ᠦᠨᠳᠦᠰᠦᠲᠡᠨ᠂ ᠬᠦᠢᠰᠦ᠎ᠶ᠋ᠢᠨ ᠢᠯᠭᠠᠯ᠂ ᠲᠤᠬᠠᠢᠯᠠᠭ᠍ᠰᠠᠨ ᠠᠵᠢᠯ ᠵᠡᠷᠭᠡ ᠮᠡᠳᠡᠭᠡ ᠵᠠᠩᠭᠢ᠎ᠶᠢ ᠬᠣᠯᠪᠣᠭᠳᠠᠭᠣᠯᠣᠨ᠂ ᠲᠡᠮᠳᠡᠭ ᠱᠣᠰᠢᠭ᠋ᠠᠵᠢᠯᠠᠨ᠂ ᠮᠠᠭᠣ ᠨᠡᠷ᠎ᠡ ᠨᠢᠳᠡᠷᠴᠢᠯᠡᠨ ᠨᠡᠢᠭᠡᠮ᠎ᠤᠨ ᠬᠠᠯᠠᠭᠤᠨ ᠴᠡᠭ᠎ᠤᠨ ᠬᠡᠷᠡᠭ ᠤᠴᠢᠷ᠎ᠢ ᠰᠠᠷᠢᠭ᠋ᠠᠯᠠᠨ᠂ ᠰᠦᠯᠵᠢᠶᠡᠨ ᠢᠷᠭᠡᠳ᠎ᠢ ᠦᠳᠦᠭᠡᠨ ᠬᠠᠷᠢᠯᠴᠠᠨ ᠤᠷᠠᠵᠤ ᠬᠠᠷᠢᠶᠠᠯ ᠲᠠᠯᠪᠢᠬᠤ᠂ ᠭᠢᠰᠭᠢᠵᠦ᠍ ᠪᠠᠢ᠌ᠯᠳᠣᠭ᠋ᠠᠨ ᠡᠭᠦᠰᠭᠡᠵᠣ᠂ ᠨᠡᠢᠭᠡᠮ᠎ᠤᠨ ᠵᠥᠷᠢᠴᠡᠯ ᠡᠰᠡᠷᠭᠦᠴᠡᠯᠳᠦᠯ ᠢ ᠪᠣᠢ ᠪᠣᠯᠭ᠋ᠠᠨ᠎ᠠ᠃
( ᠳᠤᠯᠤᠭ᠎ᠠ ) ᠳᠤᠷ᠎ᠠ᠎ᠪᠠᠷ᠎ᠢᠶᠠᠨ ᠬᠦᠮᠦᠨ᠎ᠦ ᠬᠤᠪᠢ᠎ᠶᠢᠨ ᠨᠢᠭᠣᠴᠠ᠎ᠶᠢ ᠠᠭᠣᠳᠠᠯᠯᠠᠵᠣ ᠰᠦᠯᠵᠢᠶᠡᠨ᠎ᠳᠦ ᠭᠠᠷᠭ᠋ᠠᠨ᠎ᠠ᠃ ᠰᠦᠯᠵᠢᠶᠡᠨ ᠳᠡᠭᠡᠷ᠎ᠡ ᠪᠤᠰᠤᠳ᠎ᠤᠨ ᠣᠪᠣᠭ ᠨᠡᠷ᠎ᠡ᠂ ᠭᠡᠷᠡᠯ ᠵᠢᠷᠤᠭ᠂ ᠪᠡᠶ᠎ᠡ᠎ᠶ᠋ᠢᠨ ᠦᠨᠡᠮᠯᠡᠯ᠎ᠤᠨ ᠨᠣᠮᠧᠷ᠂ ᠶᠠᠪᠤᠵᠤ ᠰᠠᠭᠤᠬᠤ ᠵᠠᠮ ᠮᠥᠷ᠂ ᠣᠷᠣᠨ ᠰᠠᠭᠤᠴᠠ ᠵᠡᠷᠭᠡ ᠬᠤᠪᠢ᠎ᠶ᠋ᠢᠨ ᠨᠢᠭᠤᠴᠠ᠎ᠶ᠋ᠢᠨ ᠮᠡᠳᠡᠭᠡ ᠵᠠᠩᠭᠢ᠎ᠶ᠋ᠢ ᠨᠡᠢᠲᠡᠯᠡᠬᠦ᠌ ᠪᠤᠶᠤ ᠲᠠᠷᠬᠠᠭ᠋ᠠᠵᠣ᠂ ᠡᠰᠡᠬᠦᠯ᠎ᠡ ᠰᠦᠯᠵᠢᠶᠡᠨ ᠢᠷᠭᠡᠳ᠎ᠢ ᠥᠳᠥᠭᠡᠵᠦ᠍ ᠪᠠᠢᠭᠠᠳ ᠳᠣᠷᠣᠰᠢᠶᠠᠨ ᠭᠠᠳᠠᠭᠤᠷᠴᠢᠯᠠᠬᠤ᠂ ᠳᠣᠷᠣᠮᠵᠢᠯᠠᠨ ᠭᠣᠲᠣᠭ᠋ᠠᠨ ᠬᠠᠷᠢᠶᠠᠯ ᠲᠠᠯᠪᠢᠬᠤ᠂ ᠴᠤᠤᠷᠬᠠᠯ ᠲᠠᠯᠪᠢᠵᠤ ᠭᠦᠳᠭᠡᠬᠦ᠌ ᠵᠡᠷᠭᠡ ᠬᠠᠤᠯᠢ᠎ᠠᠴᠠ ᠵᠥᠷᠢᠴᠡᠭ᠌ᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶ᠋ᠢ ᠨᠡᠢᠲᠡᠯᠡᠵᠦ᠍᠂ ᠰᠦᠯᠵᠢᠶᠡᠨ᠎ᠤ ᠬᠦᠴᠦᠷᠬᠡᠭ᠌ᠯᠡᠯ᠎ᠢ ᠪᠣᠢ ᠪᠣᠯᠭ᠋ᠠᠨ᠎ᠠ᠃
( ᠨᠠᠢ᠍ᠮᠠ ) ᠪᠣᠯᠵᠣᠭ᠋ᠠᠨ᠎ᠤ ᠮᠠᠷᠭᠣᠯᠳᠣᠭ᠋ᠠᠨᠢ ᠵᠣᠬᠢᠶᠠᠨ ᠪᠠᠢ᠌ᠭᠤᠯᠤᠨ᠎ᠠ᠃ ᠬᠤᠪᠢ ᠬᠥᠮᠦᠨ᠎ᠦ᠌ ᠮᠠᠷᠭᠣᠭ᠋ᠠᠨ ᠪᠠ ᠠᠰᠢᠭ ᠲᠤᠰᠠ᠎ᠶᠢᠨ ᠮᠥᠷᠭᠥᠯᠳᠦᠭᠡᠨ ᠵᠡᠷᠭᠡ ᠰᠢᠯᠲᠠᠭ᠋ᠠᠨᠠ᠋ᠴᠠ ᠪᠣᠯᠵᠤ᠂ ᠰᠦᠯᠵᠢᠶᠡᠨ ᠳᠡᠭᠡᠷᠡᠬᠢ ᠬᠠᠷᠢᠶᠠᠯ ᠮᠠᠷᠭᠣᠯᠳᠣᠭ᠋ᠠᠨ᠂ ᠰᠦᠯᠵᠢᠶᠡᠨ ᠭᠠᠳᠠᠨᠠᠬᠢ ᠪᠣᠯᠵᠣᠭ᠋ᠠᠨ ᠮᠠᠷᠭᠣᠯᠳᠣᠭ᠋ᠠᠨ᠂ ᠥᠷᠢᠰᠦᠯᠳᠦᠭ᠌ᠴᠢ ᠡᠲᠡᠭᠡᠳ᠎ᠢᠶᠠᠨ ᠳᠠᠭᠠᠷᠢᠵᠤ᠂ ᠲᠣᠣᠷ ᠰᠦᠯᠵᠢᠶᠡᠨ᠎ᠦ ᠲᠣᠭᠰᠢᠨ ᠠᠭᠣᠷ᠂ ᠣᠯᠠᠨ ᠨᠡᠢᠲᠡ᠎ᠶᠢᠨ ᠡᠬᠢ ᠪᠠᠶᠠᠯᠢᠭ᠎ᠢ᠋ ᠡᠵᠡᠯᠡᠨ ᠬᠡᠷᠡᠭ᠌ᠯᠡᠬᠦ᠌᠎ᠶᠢ ᠲᠥᠯᠥᠪᠯᠡᠬᠦ ᠪᠣᠶᠣ ᠵᠣᠬᠢᠶᠠᠨ ᠪᠠᠢ᠌ᠭᠣᠯᠣᠨ᠎ᠠ᠃
( ᠶᠢᠰᠦ ) ᠨᠠᠵᠠᠭᠠᠢ ᠲᠠᠯ᠎ᠠ᠎ᠶ᠋ᠢᠨ ᠰᠦᠪᠡᠭ᠌ᠴᠢ᠎ᠶ᠋ᠢ ᠢᠯᠡ᠎ᠪᠡᠷ ᠴᠤᠭ᠍ᠯᠠᠭᠤᠯᠤᠨᠠ᠃ 《 ᠣᠷᠣᠯᠠᠨ ᠡᠷᠬᠡ᠎ᠪᠡᠨ ᠬᠠᠮᠠᠭᠠᠯᠠᠵᠤ ᠢᠯᠡᠴᠢᠯᠡᠨ ᠮᠡᠳᠡᠭᠦᠯᠬᠦ᠌ 》 ᠵᠡᠷᠭᠡ ᠨᠡᠷ᠎ᠡ᠎ᠪᠡᠷ ᠣᠷᠣᠨ ᠨᠤᠲᠤᠭ᠂ ᠠᠵᠤ ᠠᠬᠤᠢᠯᠠᠯ᠂ ᠨᠢᠭᠡᠴᠢ᠂ ᠪᠤᠰᠤᠳ᠎ᠤᠨ ᠨᠠᠵᠠᠭᠠᠶ ᠲᠠᠯ᠎ᠠ᠎ᠶ᠋ᠢᠨ ᠮᠡᠳᠡᠭᠡ ᠵᠠᠩᠭᠢ ᠪᠤᠶᠤ ᠬᠤᠳᠠᠯᠳᠤᠭᠠᠨ᠎ᠤ ᠨᠢᠭᠤᠴᠠ᠎ᠶ᠋ᠢ ᠢᠯᠡ᠎ᠪᠡᠷ ᠡᠯᠰᠡᠨ ᠴᠤᠭᠯᠠᠭᠣᠯᠵᠣ᠂ ᠭᠣᠲᠣᠭ᠋ᠠᠨ ᠳᠠᠭᠠᠷᠢᠬᠤ᠂ ᠬᠢᠬᠠᠨ ᠮᠥᠯᠵᠢᠬᠦ᠌ᠳᠤ ᠬᠡᠷᠡᠭ᠌ᠯᠡᠨ᠎ᠡ᠃
( ᠠᠷᠪᠠ ) ᠪᠠᠬᠠᠷᠣᠭᠰᠠᠳᠤᠨ ᠴᠤᠭ᠍ᠯᠠᠷᠠᠬᠤ᠎ᠶᠢ ᠣᠷᠢᠶᠠᠯᠠᠨ᠎ᠠ᠃ ᠰᠦᠯᠵᠢᠶᠡᠨ ᠢᠷᠭᠡᠳ᠎ᠤᠨ ᠨᠡᠭᠡᠭᠡᠨ ᠬᠥᠭ᠌ᠵᠢᠭᠦᠯᠦᠭᠡᠳᠦᠶ ᠣᠷᠣᠨ ᠪᠦᠰᠡ᠂ ᠵᠠᠮ ᠬᠠᠷᠢᠯᠴᠠᠭᠠᠨ᠎ᠤ ᠴᠢᠬᠤᠯᠠ ᠵᠠᠮ ᠵᠡᠷᠭᠡ ᠠᠮᠤᠷ ᠲᠦᠪᠱᠢᠨ᠎ᠤ ᠳᠠᠯᠳᠠ ᠭᠡᠮ ᠣᠷᠣᠱᠢᠵᠤ ᠪᠠᠢᠭ᠎ᠠ ᠲᠠᠯᠠᠪᠤᠷ᠎ᠲᠤ ᠺᠠᠷᠲ ᠴᠤᠭᠯᠠᠭᠣᠯᠬᠣᠶᠢ ᠵᠣᠷᠢᠭ᠍ᠵᠢᠭᠤᠯᠵᠤ᠂ ᠪᠠᠬᠠᠷᠣᠭᠰᠠᠳᠢ ᠢᠳᠬᠠᠨ ᠴᠢᠭᠯᠡᠭᠦᠯᠵᠦ ᠨᠡᠢᠭᠡᠮ᠎ᠤᠨ ᠬᠠᠯᠠᠭᠤᠨ ᠴᠡᠭ᠎ᠤᠨ ᠬᠡᠷᠡᠭᠲᠠᠢ ᠬᠤᠯᠪᠣᠭ᠍ᠳᠠᠬᠤ ᠣᠷᠣᠨ ᠪᠦᠰᠡ᠎ᠶ᠋ᠢᠨ ᠭᠠᠵᠠᠷ᠎ᠲᠤ ᠬᠦᠷᠴᠦ᠍᠂ ᠣᠯᠠᠨ ᠨᠡᠢᠲᠡ᠎ᠶ᠋ᠢᠨ ᠡᠮᠬᠢ ᠵᠢᠷᠤᠮ᠎ᠢ ᠬᠠᠷᠱᠢᠯᠠᠵᠤ᠂ ᠪᠤᠰᠤᠳ᠎ᠤᠨ ᠬᠡᠪ᠎ᠤᠨ ᠠᠮᠢᠳᠤᠷᠠᠯ᠎ᠢ ᠨᠥᠯᠥᠭᠡᠯᠡᠨ᠎ᠡ᠃
( ᠠᠷᠪᠠᠨ ᠨᠢᠭᠡ ) ᠠᠱᠢᠭ ᠲᠤᠰᠠ᠎ᠪᠠᠷ ᠠᠶᠤᠯᠭ᠋ᠠᠬᠣᠶᠢ ᠬᠡᠷᠡᠭᠵᠢᠭᠦᠯᠦᠨ᠎ᠡ᠃ 《 ᠰᠦᠯᠵᠢᠶᠡᠨ᠎ᠤ ᠣᠳᠤ 》᠎ᠶ᠋ᠢᠨ ᠪᠡᠶ᠎ᠡ᠎ᠶ᠋ᠢᠨ ᠭᠠᠷᠤᠯ᠎ᠢ ᠠᠱᠢᠭ᠍ᠯᠠᠨ᠂ ᠰᠦᠯᠵᠢᠶᠡᠨ ᠳᠡᠭᠡᠷ᠎ᠡ ᠪᠣᠰᠣᠳ ᠬᠥᠮᠦᠨ᠎ᠢ ᠢᠯᠡᠴᠢᠯᠡᠬᠦ᠎ᠪᠡᠷ ᠠᠶᠤᠯᠭ᠋ᠠᠵᠣ᠂ ᠣᠨᠴᠠᠭᠠᠶ ᠦᠶ᠋ᠯᠡᠴᠢᠯᠡᠭᠡ ᠥᠭᠬᠦ᠎ᠪᠡᠷ ᠱᠠᠭ᠋ᠠᠷᠳᠠᠨ᠎ᠠ᠂ 《 ᠰᠦᠢ᠍ᠳᠭᠡᠯ ᠠᠪᠬᠣ ᠦᠭᠡᠢ ᠬᠠᠷᠠᠭᠠᠯᠵᠠᠯ 》 ᠥᠭ᠌ᠬᠦ ᠵᠡᠷᠭᠡ ᠬᠠᠷᠠᠭᠠᠯᠵᠠᠯ ᠦᠵᠡᠭᠦᠯᠬᠦ᠌ ᠪᠤᠶᠤ ᠣᠯᠠᠨ ᠨᠡᠢᠲᠡ᠎ᠶ᠋ᠢᠨ ᠲᠠᠯᠠᠪᠤᠷ᠎ᠲᠤ ᠨᠡᠢᠭᠡᠮ᠎ᠤᠨ ᠡᠮᠬᠢ ᠵᠢᠷᠤᠮ᠎ᠢ ᠰᠠᠮᠠᠭᠤᠷᠠᠭᠤᠯᠬᠤ ᠵᠡᠷᠭᠡ ᠦᠶ᠋ᠯᠡ ᠠᠵᠢᠯᠯᠠᠭ᠎ᠠ ᠣᠯᠭᠤᠬᠤ᠎ᠶ᠋ᠢ ᠱᠠᠭᠠᠷᠳᠠᠪᠠ᠃
( ᠠᠷᠪᠠᠨ ᠬᠣᠶᠠᠷ ) ᠬᠢᠷᠢ ᠭᠡᠮ ᠦᠭᠡᠢ ᠠᠵᠢᠯᠯᠠᠭ᠍ᠠ ᠥᠷᠨᠢᠭᠦᠯᠦᠨ᠎ᠡ᠃ ᠵᠥᠪᠱᠢᠶᠡᠷᠡᠯ ᠦᠭᠡᠢ ᠪᠤᠶᠤ ᠵᠣᠬᠢᠬᠤ ᠬᠢᠷᠢ ᠬᠡᠮ᠎ᠢ ᠣᠯᠤᠭ᠍ᠰᠠᠨ ᠦᠭᠡᠢ᠎ᠪᠠᠷ ᠲᠣᠷ᠎ᠠ᠎ᠪᠠᠷ᠎ᠢᠶᠠᠨ ᠰᠲ᠋ᠣᠺ ᠲᠠᠨᠢᠯᠴᠠᠭᠤᠯᠬᠤ ᠪᠡᠯᠡ ᠣᠷᠣᠭᠤᠯᠤᠯᠲᠠ᠂ ᠡᠮᠴᠢᠯᠡᠭᠡᠨ᠎ᠤ ᠡᠮ ᠬᠤᠳᠠᠯᠳᠤᠬᠤ᠂ ᠠᠵᠢᠯ ᠮᠡᠷᠭᠡᠵᠢᠯ᠎ᠤᠨ ᠵᠠᠭᠤᠴᠢ᠂ ᠰᠣᠨᠢᠨ ᠮᠡᠳᠡᠭᠡᠨ᠎ᠤ ᠰᠤᠷᠪᠤᠯᠵᠢᠯᠠᠭ᠎ᠠ᠂ ᠤᠬᠠᠭᠤᠯᠤᠨ ᠲᠠᠢᠯᠪᠤᠷᠢᠯᠠᠬᠤ ᠵᠡᠷᠭᠡ ᠣᠨᠴᠠ ᠲᠣᠭ᠍ᠲᠠᠭ᠍ᠰᠠᠨ ᠬᠢᠷᠢ ᠬᠡᠮ᠎ᠢ ᠬᠡᠷᠡᠭ᠌ᠰᠡᠬᠦ᠌ ᠠᠵᠢᠯᠯᠠᠭ᠎ᠠ ᠵᠢᠴᠢ ᠬᠠᠤᠯᠢ ᠴᠠᠭᠠᠵᠠ ᠬᠠᠤᠯᠢ ᠲᠣᠭ᠍ᠲᠠᠭᠠᠯ᠎ᠳᠤ ᠴᠠᠭᠠᠵᠠᠯᠠᠭ᠍ᠰᠠᠨ ᠪᠤᠰᠤᠳ ᠠᠵᠢᠯᠯᠠᠭ᠎ᠠ᠎ᠶ᠋ᠢ ᠳᠤᠷ᠎ᠠ᠎ᠪᠠᠷ᠎ᠢᠶᠠᠨ ᠡᠷᠬᠢᠯᠡᠨ᠎ᠡ᠃
( ᠠᠷᠪᠠᠨ ᠭᠤᠷᠪᠠ ) ᠨᠢᠭᠤᠴᠠ ᠳᠠᠯᠳᠠ᠎ᠪᠠᠷ ᠬᠠᠷ᠎ᠠ ᠪᠣᠳᠣᠩᠭᠣᠢ ᠠᠵᠦ ᠣᠢ᠌ᠯᠡᠰᠢ ᠡᠷᠬᠢᠯᠡᠨ᠎ᠡ᠃ ᠵᠢᠭ᠍ᠰᠠᠭᠠᠯ᠎ᠤᠨ ᠲᠠᠩᠰᠠᠨ ᠨᠣᠮᠧᠷ᠎ᠢ ᠠᠱᠢᠭ᠍ᠯᠠᠨ᠂ ᠰᠦᠯᠵᠢᠶᠡᠨ ᠢᠷᠭᠡᠳ᠎ᠢ ᠪᠦᠯᠦᠭ ᠳᠤᠭᠤᠢᠯᠠᠩ ᠵᠡᠷᠭᠡ ᠭᠤᠭ᠍ᠴᠤᠭ᠎ᠠ᠎ᠳᠤ ᠣᠷᠣᠭᠤᠯᠵᠤ᠂ ᠬᠡᠲᠦᠷᠡᠮᠡᠬᠡᠢ ᠶᠠᠷᠢᠶ᠎ᠠ ᠬᠡᠯᠡᠯᠴᠡᠭᠡ ᠨᠡᠢᠲᠡᠯᠡᠬᠦ᠌ ᠪᠤᠶᠤ ᠵᠣᠭᠤᠰ ᠨᠠᠭᠠᠳᠭᠤ᠂ ᠮᠡᠬᠡᠯᠡᠬᠦ᠂ ᠤᠰᠤᠨ ᠴᠡᠷᠢᠭ᠂ ᠳᠠᠮᠵᠢᠭᠤᠯᠤᠨ ᠪᠣᠷᠣᠯᠠᠭᠤᠯᠬᠤ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ ᠬᠢᠨ᠎ᠡ᠃