12 ᠳ᠋ᠤᠭ᠋ᠠᠷ ᠰᠠᠷ᠎ᠠ᠎ᠶ᠋ᠢᠨ 24 ᠤ ᠡᠳᠦᠷ᠎ᠤᠨ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠨᠡᠪᠲᠡᠷᠡᠭᠦᠯᠵᠦ ᠡᠷᠭᠢᠯᠡᠬᠦ 《 ᠠᠯᠲᠠᠨ ᠳᠠᠭᠣᠨ ᠱᠠᠩᠨᠠᠯ 》᠎ᠤᠨ ᠶᠠᠷᠢᠯᠴᠠᠬᠤ ᠬᠤᠷᠠᠯᠬᠤᠨᠠᠨᠤ ᠴᠠᠩᠱᠠ᠎ᠳᠤ ᠶᠠᠪᠣᠭᠳᠠᠪᠠ᠃ ᠲᠣᠰ ᠤᠳᠠᠭᠠᠨ᠎ᠤ ᠶᠠᠷᠢᠯᠴᠠᠬᠤ ᠬᠤᠷᠠᠯ ᠪᠣᠯ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠨᠡᠪᠲᠡᠷᠡᠭᠦᠯᠵᠦ ᠡᠷᠬᠢᠯᠡᠬᠦ 《 ᠠᠯᠲᠠᠨ ᠳᠠᠭᠤᠨ ᠱᠠᠩᠨᠠᠯ 》᠎ᠤᠨ ᠱᠠᠩᠨᠠᠯ ᠣᠯᠭᠤᠬᠤ ᠶᠣᠰᠣᠯᠠᠯ᠎ᠤᠨ ᠢᠵᠢ ᠪᠥᠷᠢᠳᠦᠭᠦᠯᠬᠦ᠌ ᠠᠵᠢᠯᠯᠠᠭ᠎ᠠ ᠪᠣᠯᠤᠨ᠎ᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠬᠤᠨᠠᠨ ᠮᠤᠵᠢ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠢᠶᠠᠩ ᠳ᠋ᠢ ᠹᠡᠢ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠬᠤᠷᠠᠯ᠎ᠠᠴᠠ᠂ ᠳᠤᠮᠳᠠᠳᠤ ᠤᠯᠤᠰ᠎ᠤᠨ ᠨᠡᠪᠲᠡᠷᠡᠭᠦᠯᠵᠦ ᠡᠷᠬᠢᠯᠡᠬᠦ 《 ᠠᠯᠲᠠᠨ ᠳᠠᠭᠣᠨ ᠰᠠᠩᠨᠠᠯ 》᠎ᠢ ᠡᠷᠬᠢᠯᠡᠭᠰᠡᠨ ᠨᠢ ᠮᠠᠨ᠎ᠤ ᠤᠯᠤᠰ᠎ᠤᠨ ᠨᠡᠪᠲᠡᠷᠡᠭᠦᠯᠵᠦ ᠡᠷᠭᠢᠯᠡᠬᠦ᠌᠎ᠶᠢᠨ ᠬᠦᠷᠢᠶᠡᠨ᠎ᠳᠤ ᠪᠠᠢᠭᠤᠯᠤᠭ᠍ᠰᠠᠨ ᠤᠯᠤᠰ᠎ᠤᠨ ᠲᠠᠰ᠎ᠤᠨ ᠵᠠᠰᠠᠭ᠎ᠤᠨ ᠣᠷᠳᠣᠨ᠎ᠤ ᠱᠠᠩᠨᠠᠯ ᠪᠣᠯᠤᠭ᠍ᠰᠠᠨ᠎ᠤ ᠬᠤᠪᠢ᠎ᠳᠤ᠂ ᠥᠷᠭᠡᠨ ᠣᠯᠠᠨ ᠨᠡᠪᠲᠡᠷᠡᠭᠦᠯᠦᠭ᠌ᠴᠢ ᠡᠷᠬᠢᠯᠡᠭᠴᠢ᠎ᠳᠤ ᠥᠭ᠌ᠭᠦᠭ᠌ᠰᠡᠨ ᠬᠠᠮᠤᠭ᠎ᠤᠨ ᠳᠡᠭᠡᠳᠦ ᠱᠠᠩᠨᠠᠯ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠂ ᠰᠣᠶᠣᠯ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠲᠣᠭᠣᠰᠢᠯᠠᠭᠣᠯᠣᠨ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠡᠪᠲᠡᠷᠡᠭᠦᠯᠦᠭ᠌ᠴᠢ ᠡᠷᠬᠢᠯᠡᠭᠴᠢ ᠨᠢ ᠴᠢᠬᠤᠯᠠ ᠴᠠᠭ ᠦᠶ᠎ᠡ᠎ᠶ᠋ᠢᠨ ᠭᠡᠷᠡᠴᠢᠯᠡᠭ᠌ᠴᠢ᠂ ᠲᠡᠦᠬᠡ᠎ᠶ᠋ᠢᠨ ᠬᠥᠭ᠌ᠵᠢᠯᠲᠡ᠎ᠶ᠋ᠢᠨ ᠲᠡᠮᠳᠡᠭ᠌ᠯᠡᠭ᠌ᠴᠢ᠂ ᠪᠣᠯᠪᠠᠰᠤᠨ ᠲᠠᠪᠱᠢᠯᠳᠠ᠎ᠶ᠋ᠢᠨ ᠪᠦᠲᠦᠭᠡᠨ ᠪᠠᠢᠭᠤᠯᠤᠭ᠍ᠴᠢ᠂ ᠴᠠᠭ ᠦᠶ᠎ᠡ᠎ᠶ᠋ᠢᠨ ᠳᠦᠷᠰᠦ ᠪᠠᠢᠳᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠦᠵᠡᠯ ᠰᠠᠨᠠᠭ᠎ᠠ ᠰᠣᠶᠣᠯ᠎ᠤᠨ ᠣᠬᠠᠭᠣᠯᠭ᠎ᠠ᠎ᠶᠢᠨ ᠪᠡᠬᠢᠯᠡᠯᠲᠡ᠎ᠶᠢᠨ ᠭᠠᠵᠠᠷ᠎ᠤᠨ ᠡᠮᠦᠨ᠎ᠡ ᠹᠷᠣᠨᠲ᠎ᠲᠤ ᠵᠣᠭ᠍ᠰᠣᠵᠤ᠂ ᠡᠷᠬᠡᠪᠰᠢ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠣᠭᠣᠰᠢᠯᠠᠭᠣᠯᠣᠨ ᠨᠠᠢᠳᠠᠪᠤᠷᠢᠵᠢᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠣᠷᠣᠯᠴᠠᠵᠤ ᠣᠬᠠᠭᠣᠯᠣᠨ ᠲᠣᠭᠣᠰᠢᠯᠠᠭᠣᠯᠵᠣ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠬᠠᠷᠢᠭᠤᠴᠠᠯᠭ᠎ᠠ᠎ᠪᠠᠨ ᠭᠦᠢᠴᠡᠳᠭᠡᠵᠦ᠍ ᠡᠭᠦᠷᠭᠡᠯᠡᠯ᠎ᠢᠶᠠᠨ ᠴᠢᠩᠭ᠋ᠠᠷᠠᠭᠣᠯᠵᠣ᠂ 《 ᠠᠷᠪᠠᠨ ᠲᠠᠪᠤᠳᠤᠭᠠᠷ ᠲᠠᠪᠤᠨ ᠵᠢᠯ 》 ᠦᠨ ᠲᠥᠯᠥᠪᠵᠢᠭᠥᠯᠭᠡ᠎ᠶᠢᠨ ᠰᠠᠢᠨ ᠡᠬᠢᠯᠡᠯᠲᠡ᠎ᠳᠤ ᠷᠠᠳᠢᠣ᠋ ᠲᠧᠯᠸᠢᠰ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ ᠵᠢᠭ᠋ᠠᠨ ᠭᠠᠷᠭ᠋ᠠᠪᠠ᠃
ᠬᠤᠷᠠᠯ᠎ᠠᠴᠠ᠂ ᠱᠢᠨ᠎ᠡ ᠴᠠᠭ ᠦᠶ᠎ᠡ᠎ᠶ᠋ᠢᠨ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢᠨ ᠡᠮᠦᠨ᠎ᠡ᠂ ᠥᠷᠭᠡᠨ ᠤᠯᠠᠨ ᠨᠡᠪᠲᠡᠷᠡᠭᠦᠯᠦᠭ᠌ᠴᠢ ᠡᠷᠬᠢᠯᠡᠭᠴᠢ ᠨᠢᠭᠡ᠎ᠳᠤ᠂ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠴᠢᠨᠠᠭ᠍ᠰᠢᠳᠠ ᠴᠢᠩᠭᠠᠳᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠰᠡᠳᠭᠢᠯ ᠵᠢᠷᠣᠬᠡᠨᠳᠤᠪᠠᠨ ᠤᠯᠤᠰ᠎ᠤᠨ ᠶᠡᠭᠡ ᠲᠠᠯ᠎ᠠ᠎ᠶ᠋ᠢ ᠪᠤᠳᠤᠵᠤ᠂ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠳᠠᠮᠵᠢᠭᠤᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠦᠢᠯᠡᠴᠢᠯᠡᠬᠦ᠌ ᠳᠤᠮᠳᠠ ᠷᠠᠳᠢᠣ᠋ ᠲᠧᠯᠸᠢᠰ᠎ᠤᠨ ᠡᠭᠦᠷᠭᠡᠯᠡᠯ᠎ᠢ ᠢᠯᠡᠷᠡᠭᠦᠯᠵᠦ᠍᠂ ᠢᠳᠡᠪᠬᠢ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ᠃ ᠬᠤᠶᠠᠷ᠎ᠲᠤ᠌᠂ ᠭᠤᠣᠯ ᠵᠠᠭᠤᠴᠢᠯᠠᠭᠤᠷ᠎ᠤᠨ ᠱᠢᠰᠲ᠋ᠧᠮ᠎ᠤᠨ ᠴᠢᠨᠠᠷᠲᠠᠢ ᠬᠤᠪᠢᠰᠤᠯᠲᠠ᠎ᠶ᠋ᠢᠨ ᠶᠡᠭᠡ ᠬᠠᠨᠳᠤᠰᠢ᠎ᠳᠤ ᠵᠣᠬᠢᠴᠠᠵᠤ᠂ ᠭᠤᠣᠯ ᠤᠷᠤᠰᠭᠠᠯ᠎ᠤᠨ ᠪᠡᠬᠢᠯᠡᠯᠲᠡ᠎ᠶᠢᠨ ᠭᠠᠵᠠᠷ᠎ᠢᠶᠠᠨ ᠪᠠᠬᠢᠵᠢᠭᠦᠯᠵᠦ᠍᠂ ᠳᠠᠮᠵᠢᠭᠤᠯᠭ᠎ᠠ᠎ᠶ᠋ᠢᠨ ᠰᠠᠭᠤᠷᠢ᠎ᠪᠠᠨ ᠪᠠᠬᠢᠵᠢᠭᠦᠯᠵᠦ᠍᠂ ᠦᠵᠡᠯᠲᠡ᠎ᠪᠠᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠠᠭᠤᠰᠤᠯᠴᠠᠨ ᠱᠢᠨ᠎ᠡ᠎ᠶ᠋ᠢ ᠡᠭᠦᠳᠬᠦ᠌᠎ᠶ᠋ᠢ ᠴᠢᠩᠭ᠋ᠠᠷᠠᠭᠣᠯᠵᠣ᠂ ᠮᠡᠷᠭᠡᠵᠢᠯ᠎ᠤᠨ ᠬᠤᠪᠢᠰᠤᠯᠲᠠ᠎ᠶ᠋ᠢ ᠬᠦᠷᠢᠶᠡᠯᠡᠵᠦ᠍᠂ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ ᠬᠡᠷᠡᠭ᠌ᠲᠡᠢ᠃ ᠥᠷᠭᠡᠨ ᠤᠯᠠᠨ ᠰᠦᠯᠵᠢᠶᠡᠨ᠎ᠤ ᠭᠤᠣᠯ ᠨᠡᠪᠲᠡᠷᠡᠭᠦᠯᠦᠭ᠌ᠴᠢ ᠴᠠᠭ ᠦᠶ᠎ᠡ᠎ᠶ᠋ᠢᠨ ᠠᠵᠠ ᠲᠣᠬᠢᠶᠠᠯ᠎ᠢ ᠨᠠᠨᠳᠢᠩᠨᠠᠵᠤ᠂ ᠢᠳᠡᠪᠬᠢ ᠬᠦᠴᠦᠨ᠎ᠢᠶᠠᠷ ᠰᠦᠯᠵᠢᠶᠡᠨ᠎ᠤ ᠬᠡᠪ ᠰᠤᠷᠲᠠᠯ᠎ᠢ ᠬᠦᠳᠦᠯᠦᠨ ᠳᠠᠭᠠᠭᠤᠯᠵᠤ᠂ ᠱᠢᠨ᠎ᠡ ᠴᠠᠭ ᠦᠶ᠎ᠡ᠎ᠶ᠋ᠢᠨ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠪᠠᠢᠷᠢᠱᠢᠯ᠎ᠳᠤ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ᠂ ᠨᠠᠢᠳᠠᠪᠤᠷᠢᠲᠠᠢ ᠱᠢᠨ᠎ᠡ ᠬᠦᠴᠦᠨ ᠪᠣᠯᠬᠤ᠎ᠪᠠᠷ ᠴᠢᠷᠮᠠᠢᠬᠤ ᠬᠡᠷᠡᠭ᠌ᠲᠡᠢ᠃ ᠭᠤᠷᠪᠠ᠎ᠳᠤ᠂ ᠶᠣᠰᠣ ᠰᠤᠷᠲᠠᠬᠤᠨ᠎ᠢ ᠳᠡᠭᠡᠳᠣᠯᠡᠨ ᠣᠷᠠᠯᠢᠭ᠎ᠢ ᠡᠷᠬᠢᠮᠯᠡᠬᠦ ᠱᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠡᠷᠡᠭᠦᠯ ᠥᠭᠡᠳᠡᠷᠬᠡᠭ ᠰᠠᠢᠨ ᠰᠠᠢᠬᠠᠨ ᠬᠡᠪ ᠰᠤᠷᠲᠠᠯ᠎ᠢ ᠳᠠᠮᠵᠢᠭᠤᠯᠵᠤ᠂ ᠠᠵᠢᠯ ᠮᠡᠷᠭᠡᠵᠢᠯ᠎ᠤᠨ ᠶᠣᠰᠣ ᠮᠣᠷᠠᠯ᠎ᠢ ᠬᠢᠴᠢᠶᠡᠩᠭᠦ᠋ᠢᠯᠡᠨ ᠰᠠᠬᠢᠵᠤ᠂ ᠠᠵᠢᠯ ᠮᠡᠷᠭᠡᠵᠢᠯ᠎ᠤᠨ ᠳᠠᠪᠠᠭᠤᠯᠢᠭ᠎ᠢᠶᠠᠨ ᠪᠠᠳᠠᠷᠠᠭᠤᠯᠤᠨ᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠦᠶ᠎ᠡ ᠤᠯᠠᠮᠵᠢᠯᠠᠭ᠍ᠰᠠᠨ ᠰᠠᠢᠨ ᠰᠠᠢᠬᠠᠨ ᠠᠮᠢ ᠠᠬᠤᠶ᠎ᠶ᠋ᠢ ᠪᠤᠢᠵᠢᠭᠤᠯᠵᠤ᠂ ᠳᠣᠯᠠᠭ᠋ᠠᠴᠠ ᠲᠠᠢ᠂ ᠬᠠᠢᠷ᠎ᠠ ᠰᠡᠳᠭᠢᠯᠭᠡ᠎ᠲᠠᠢ᠂ ᠬᠦᠴᠦᠨ᠎ᠲᠠᠢ᠂ ᠨᠥᠯᠥᠭᠡᠯᠡᠬᠦ᠌ ᠬᠦᠴᠦᠨ ᠲᠠᠢ᠎ᠪᠠᠷ ᠢᠯᠡᠳᠭᠡᠵᠦ᠍᠂ ᠨᠠᠮ᠎ᠤᠨ ᠲᠠᠭᠤᠨ᠎ᠢ ᠦᠭᠡ ᠳᠠᠭᠣᠨ ᠦᠭᠡᠢ᠎ᠪᠡᠷ ᠲᠦᠭ ᠲᠦᠮᠡᠨ ᠠᠢᠯ ᠡᠷᠦᠬᠡ᠎ᠳᠤ ᠳᠠᠮᠵᠢᠭᠤᠯᠬᠤ ᠬᠡᠷᠡᠭ᠌ᠲᠡᠢ ᠭᠡᠵᠦ ᠱᠠᠭ᠋ᠠᠷᠳᠠᠪᠠ᠃
《 ᠠᠯᠲᠠᠨ ᠳᠠᠭᠤᠨ ᠱᠠᠩᠨᠠᠯ 》᠎ᠤᠨ ᠱᠠᠩᠨᠠᠯ ᠬᠦᠷᠲᠡᠭ᠌ᠰᠡᠳ᠎ᠤᠨ ᠲᠥᠯᠥᠭᠡᠯᠡᠭ᠌ᠴᠢ᠂ ᠰᠦᠯᠵᠢᠶᠡᠨ᠎ᠤ ᠭᠤᠤᠯ ᠨᠡᠪᠲᠡᠷᠡᠭᠦᠯᠦᠭ᠌ᠴᠢ᠎ᠶ᠋ᠢᠨ ᠲᠥᠯᠥᠭᠡᠯᠡᠭ᠌ᠴᠢ᠂ 《 ᠠᠯᠲᠠᠨ ᠳᠠᠭᠤᠨ ᠲᠥᠯᠥᠪᠯᠡᠭᠡ 》᠎ᠶ᠋ᠢᠨ ᠪᠣᠯᠪᠠᠰᠤᠷᠠᠯ᠎ᠤᠨ ᠠᠩᠭᠢ᠎ᠶ᠋ᠢᠨ ᠰᠤᠷᠤᠭ᠍ᠴᠢ᠂ ᠨᠡᠪᠲᠡᠷᠡᠭᠦᠯᠵᠦ ᠡᠷᠭᠢᠯᠡᠬᠦ᠌ ᠠᠵᠢᠯ ᠲᠥᠷᠥᠯ᠎ᠤᠨ ᠲᠤᠰᠭᠠᠶ ᠮᠡᠷᠭᠡᠵᠢᠯᠲᠡᠨ ᠡᠷᠳᠡᠮᠲᠡᠳ ᠬᠤᠷᠠᠯ ᠳᠡᠭᠡᠷ᠎ᠡ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ᠂ ᠬᠤᠨᠠᠨ ᠮᠤᠵᠢ ᠪᠣᠯᠤᠨ ᠴᠠᠩᠱᠠ ᠬᠤᠲᠠ᠎ᠶ᠋ᠢᠨ ᠬᠤᠯᠪᠣᠭ᠍ᠳᠠᠯ ᠪᠥᠬᠦᠶ ᠲᠠᠯ᠎ᠠ᠂ ᠬᠠᠮᠢᠶ᠎ᠠ ᠪᠥᠬᠦᠶ ᠮᠤᠵᠢ ( ᠣᠷᠣᠨ᠂ ᠬᠤᠲᠠ )᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ ᠪᠣᠯᠤᠨ ᠷᠠᠳᠢᠣ᠋ ᠲᠧᠯᠸᠢᠰ ᠬᠤᠷᠢᠶ᠎ᠠ᠂ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠤᠨ ᠬᠠᠷᠢᠭᠤᠴᠠᠯᠭᠠᠲᠠᠨ᠂ ᠰᠦᠯᠵᠢᠶᠡᠨ᠎ᠤ ᠭᠤᠤᠯ ᠨᠡᠪᠲᠡᠷᠡᠭᠦᠯᠭᠡ᠎ᠶ᠋ᠢᠨ ᠲᠥᠯᠥᠭᠡᠯᠡᠭ᠌ᠴᠢ᠂ ᠵᠠᠭᠤᠴᠢᠯᠠᠭᠤᠷ᠎ᠤᠨ ᠲᠥᠯᠥᠭᠡᠯᠡᠭ᠌ᠴᠢ ᠪᠠ 《 ᠠᠯᠲᠠᠨ ᠳᠠᠭᠤᠨ ᠲᠥᠯᠥᠪᠯᠡᠭᠡ 》᠎ᠶ᠋ᠢᠨ ᠪᠣᠯᠪᠠᠰᠤᠷᠠᠯ᠎ᠤᠨ ᠠᠩᠭᠢ᠎ᠶ᠋ᠢᠨ ᠪᠣᠯᠪᠠᠰᠣᠷᠠᠯ᠎ᠳᠤ ᠣᠷᠣᠯᠴᠠᠭ᠍ᠰᠠᠨ ᠪᠥᠬᠦ᠌ ᠰᠤᠷᠤᠯᠭᠠᠲᠠᠨ ᠵᠡᠷᠭᠡ 300 ᠭᠠᠷᠤᠶ ᠬᠥᠮᠦᠨ ᠬᠤᠷᠠᠯ᠎ᠳᠤ ᠣᠷᠣᠯᠴᠠᠵᠠᠶ᠃
ᠲᠣᠰ ᠤᠳᠠᠭᠠᠨ᠎ᠤ ᠶᠠᠷᠢᠯᠴᠠᠬᠤ ᠬᠤᠷᠠᠯ᠎ᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠵᠢᠯᠣᠭᠤᠳᠴᠤ᠌᠂ ᠳᠤᠮᠳᠠᠳᠤ ᠤᠯᠤᠰ᠎ᠤᠨ ᠲᠧᠯᠸᠢᠰ ᠤᠷᠠᠯᠢᠭ᠎ᠤᠨ ᠵᠥᠪᠯᠡᠯ᠂ ᠬᠤᠨᠠᠨ ᠮᠤᠵᠢ᠎ᠶ᠋ᠢᠨ ᠷᠠᠳᠢᠣ᠋ ᠲᠧᠯᠸᠢᠰ᠎ᠤᠨ ᠲᠣᠪᠴᠢᠶ᠎ᠠ᠂ ᠬᠤᠨᠠᠨ᠎ᠤ ᠷᠠᠳᠢᠣ᠋ ᠺᠢᠨᠣ᠋ ᠲᠧᠯᠸᠢᠰ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ ( ᠬᠤᠨᠠᠨ᠎ᠤ ᠷᠠᠳᠢᠣ᠋ ᠲᠧᠯᠸᠢᠰ ᠬᠤᠷᠢᠶ᠎ᠠ )᠎ᠡᠴᠡ ᠭᠤᠤᠯᠯᠠᠨ ᠡᠷᠭᠢᠯᠡᠵᠦ᠍᠂ ᠳᠤᠮᠳᠠᠳᠤ ᠤᠯᠤᠰ᠎ᠤᠨ ᠲᠧᠯᠸᠢᠰ ᠤᠷᠠᠯᠢᠭ᠎ᠤᠨ ᠰᠣᠯᠢᠯᠴᠠᠭᠠᠨ᠎ᠤ ᠨᠡᠢᠭᠡᠮᠯᠢᠭ᠂ ᠳᠤᠮᠳᠠᠳᠤ ᠤᠯᠤᠰ᠎ᠤᠨ ᠷᠠᠳᠢᠣ᠋ ᠲᠧᠯᠸᠢᠰ ᠤᠷᠠᠯᠢᠭ᠎ᠤᠨ ᠮᠠᠲ᠋ᠧᠷᠢᠶᠠᠯ᠎ᠤᠨ ᠰᠤᠳᠤᠯᠭᠠᠨ᠎ᠤ ᠲᠥᠪ ᠳᠠᠭᠠᠭᠠᠴᠢᠯᠠᠨ ᠡᠷᠭᠢᠯᠡᠪᠡ᠃