ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠧᠯᠸᠢᠰ ᠵᠦᠴᠦᠭᠡ᠎ᠶ᠋ᠢᠨ ᠵᠤᠷᠭᠠᠨ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠤᠨ ᠵᠦᠴᠦᠭᠡ᠎ᠶ᠋ᠢᠨ ᠲᠡᠭᠦᠪᠦᠷᠢ᠎ᠶᠢᠨ ᠨᠡᠪᠲᠡᠷᠡᠭᠥᠯᠭᠡ᠎ᠶᠢ ᠱᠢᠯᠢᠳᠡᠭ᠌ᠵᠢᠭᠦᠯᠬᠦ᠌ ᠠᠮᠢ ᠠᠬᠤᠶ᠎ᠶ᠋ᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
2025-12-08

12 ᠳ᠋ᠤᠭ᠋ᠠᠷ ᠰᠠᠷ᠎ᠠ᠎ᠶ᠋ᠢᠨ 1 ᠎ᠤ ᠡᠳᠦᠷ᠎ᠤᠨ ᠦᠳᠡ᠎ᠶ᠋ᠢᠨ ᠡᠮᠦᠨ᠎ᠡ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠧᠯᠸᠢᠰ ᠵᠦᠴᠦᠭᠡ᠎ᠶ᠋ᠢᠨ ᠵᠤᠷᠭᠠᠨ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠤᠨ ᠵᠦᠴᠦᠭᠡ᠎ᠶ᠋ᠢᠨ ᠲᠡᠭᠦᠪᠦᠷᠢ᠎ᠶᠢᠨ ᠨᠡᠪᠲᠡᠷᠡᠭᠥᠯᠭᠡ᠎ᠶ᠋ᠢ ᠱᠢᠯᠢᠳᠡᠭ᠌ᠵᠢᠭᠦᠯᠬᠦ᠌ ᠠᠮᠢ ᠠᠬᠤᠶ᠎ᠶ᠋ᠢᠨ ᠠᠵᠢᠯ᠎ᠤᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ᠃ ᠠᠢ ᠴᠢ ᠢ᠂ ᠶᠢᠦ ᠺᠥ᠋᠂ ᠲᠧᠩ ᠱᠢᠶᠦ᠋ᠨ ᠸᠢᠳᠢᠣ᠋᠂ ᠮᠡᠩ ᠭᠦᠸᠧ TV ᠵᠡᠷᠭᠡ ᠭᠤᠣᠯᠳᠠᠯᠭ᠎ᠠ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠂ ᠬᠡᠰᠡᠭ ᠺᠢᠨᠣ᠋ ᠲᠧᠯᠸᠢᠰ ᠦᠢᠯᠡᠳᠬᠦ᠌ ᠪᠠᠢᠭᠤᠯᠤᠮᠵᠢ ᠪᠣᠯᠤᠨ ᠠᠵᠢᠯ ᠲᠦᠷᠦᠯ᠎ᠤᠨ ᠨᠡᠢᠭᠡᠮᠯᠢᠭ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃

ᠬᠤᠷᠠᠯ᠎ᠠᠴᠠ᠂ ᠶᠡᠷᠦᠩᠬᠡᠶ ᠲᠣᠪᠴᠢᠶ᠎ᠠ᠎ᠶ᠋ᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ᠎ᠤᠨ ᠭᠦᠨᠵᠡᠭᠡᠢᠷᠡᠬᠦ᠌᠎ᠶ᠋ᠢ ᠳᠠᠭᠠᠯᠳᠤᠨ᠂ ᠰᠣᠳᠣᠨ ᠵᠦᠴᠦᠭᠡ᠎ᠶ᠋ᠢᠨ ᠲᠡᠭᠦᠪᠦᠷᠢ ᠲᠠᠰᠤᠷᠠᠯᠲᠠ ᠥᠬᠡᠶ ᠢᠯᠡᠷᠡᠵᠡᠢ᠃ ᠰᠠᠢᠨ ᠪᠦᠲᠦᠭᠡᠯ᠎ᠨᠢ ᠰᠠᠢᠨ ᠲᠠᠷᠬᠠᠯᠲᠠ ᠰᠠᠢ᠌ᠨ ᠠᠱᠢᠭ ᠣᠷᠣᠯᠭ᠎ᠠ᠎ᠶ᠋ᠢ ᠬᠡᠷᠡᠭᠰᠡᠵᠦ᠂ ᠠᠷᠠᠳ ᠣᠯᠠᠨ᠎ᠤ ᠰᠣᠶᠣᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ ᠴᠢᠬᠤᠯᠠᠲᠠᠶ᠂ ᠡᠨᠡ᠎ᠨᠢ ᠲᠧᠯᠸᠢᠰ ᠵᠦᠴᠦᠭᠡ ᠦᠢᠯᠡᠳᠬᠦ᠌ ᠪᠠᠢᠭᠤᠯᠤᠮᠵᠢ᠎ᠶ᠋ᠢᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠲᠥᠷᠥᠯ᠎ᠤᠨ ᠠᠮᠢ ᠠᠬᠤᠶ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠬᠦ᠌ ᠴᠢᠬᠤᠯᠠᠲᠠᠶ ᠭᠡᠵᠦ ᠵᠢᠭ᠋ᠠᠨ ᠭᠠᠷᠭ᠋ᠠᠪᠠ᠃

ᠬᠤᠷᠠᠯ᠎ᠠᠴᠠ᠂ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠨᠢ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠨᠡᠢᠭᠡᠮ᠎ᠤᠨ ᠦᠷ᠎ᠡ ᠠᠱᠢᠭ ᠪᠣᠯᠤᠨ ᠠᠵᠤ ᠠᠬᠤᠢ᠎ᠶ᠋ᠢᠨ ᠦᠷ᠎ᠡ ᠠᠱᠢᠭ᠎ᠤᠨ ᠨᠢᠭᠡᠳᠦᠯ᠎ᠢ ᠪᠠᠷᠢᠮᠲᠠᠯᠠᠵᠤ᠂ ᠰᠠᠢᠨ ᠰᠠᠢᠬᠠᠨ ᠳᠠᠮᠵᠢᠭᠤᠯᠭ᠎ᠠ᠎ᠶ᠋ᠢᠨ ᠣᠷᠴᠢᠨ ᠲᠣᠭᠤᠷᠢᠨ ᠪᠣᠯᠤᠨ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠲᠠᠰᠤᠷᠠᠯᠲᠠ ᠦᠭᠡᠢ ᠪᠤᠢ ᠪᠣᠯᠭᠠᠵᠤ᠂ ᠬᠤᠳᠠᠯᠳᠤᠭᠠᠨ᠎ᠤ ᠵᠠᠭ᠍ᠪᠤᠷ᠎ᠢ ᠲᠠᠰᠤᠷᠠᠯᠲᠠ ᠦᠭᠡᠢ ᠰᠠᠢᠵᠢᠷᠠᠭᠤᠯᠵᠤ᠂ ᠵᠥᠪ ᠴᠢᠭ᠌ᠯᠡᠯ ᠪᠣᠯᠤᠨ ᠰᠠᠢᠨ ᠣᠷᠴᠢᠯ᠎ᠢ ᠪᠦᠷᠢᠯᠳᠦᠭᠦᠯᠵᠦ᠍᠂ ᠥᠪᠡᠷ᠎ᠢ᠎ᠪᠠᠨ ᠪᠢᠲᠡᠭᠦᠮᠵᠢᠯᠡᠬᠦ᠂ ᠵᠣᠷᠢᠯᠲᠠ᠎ᠶ᠋ᠢ ᠭᠠᠭ᠍ᠴᠠᠭᠠᠷ ᠡᠵᠡᠮᠱᠢᠬᠦ᠂ ᠡᠴᠦᠰ᠎ᠲᠤ᠎ᠪᠠᠨ ᠥᠷᠭᠥᠯᠵᠢᠯᠡᠵᠦ ᠳᠡᠢ᠌ᠯᠬᠦ ᠦᠭᠡᠢ ᠬᠠᠭᠤᠴᠢᠨ ᠵᠠᠮ᠎ᠢᠶᠠᠷ ᠵᠠᠮᠨᠠᠬᠤ᠎ᠢ ᠡᠷᠡᠰ ᠵᠠᠢᠯᠠᠰᠭᠢᠬᠦ᠌ ᠬᠡᠷᠡᠭ᠌ᠲᠡᠢ ᠭᠡᠵᠦ ᠦᠵᠡᠪᠡ᠃ ᠱᠢᠨ᠎ᠡ ᠳᠠᠮᠵᠢᠭᠤᠯᠭ᠎ᠠ᠎ᠶ᠋ᠢᠨ ᠪᠠᠢᠷᠢᠱᠢᠯ ᠪᠣᠯᠤᠨ ᠤᠯᠠᠨ ᠨᠡᠢᠲᠡ᠎ᠶ᠋ᠢᠨ ᠰᠣᠨᠢᠷᠬᠠᠯ᠎ᠤᠨ ᠳᠠᠳᠭᠠᠯ᠎ᠳᠤ ᠵᠣᠬᠢᠴᠠᠬᠤ᠎ᠶ᠋ᠢ ᠲᠦᠷᠭᠡᠳᠭᠡᠵᠦ᠍᠂ ᠴᠢᠨᠠᠷ ᠰᠠᠢᠲᠠᠢ ᠵᠦᠴᠦᠭᠡ᠎ᠶ᠋ᠢᠨ ᠲᠡᠭᠦᠪᠤᠷᠢ᠎ᠶᠢᠨ ᠨᠡᠪᠲᠡᠷᠡᠭᠥᠯᠭᠡ᠎ᠶᠢᠨ ᠠᠷᠭ᠎ᠠ ᠵᠠᠮ᠎ᠢ ᠥᠷᠭᠡᠳᠭᠡᠵᠦ᠍᠂ ᠡᠯ᠎ᠡ ᠲᠦᠷᠦᠯ᠎ᠤᠨ ᠵᠦᠴᠦᠭᠡ᠎ᠶ᠋ᠢᠨ ᠲᠡᠭᠥᠪᠤᠷᠢ᠎ᠶᠢ ᠵᠡᠷᠭᠡ ᠪᠡᠷ ᠬᠥᠭ᠌ᠵᠢᠭᠦᠯᠬᠦ᠌᠎ᠶ᠋ᠢ ᠠᠬᠢᠭᠤᠯᠵᠤ᠂ ᠴᠡᠴᠡᠭ ᠪᠦᠬᠦᠨ᠎ᠢ ᠵᠡᠷᠭᠡ ᠪᠡᠷ ᠳᠡᠯᠭᠡᠷᠡᠭᠦᠯᠵᠦ᠍᠂ ᠡᠶ᠎ᠡ ᠡᠪ ᠡᠶ᠎ᠡ ᠨᠠᠢ᠌ᠷᠰᠠᠭ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠬᠦ᠌ ᠬᠡᠷᠡᠭ᠌ᠲᠡᠢ᠃

ᠬᠤᠷᠠᠯ᠎ᠠᠴᠠ᠂ ᠲᠸᠯᠸᠢᠰ ᠵᠦᠵᠦᠭᠡ᠎ᠶ᠋ᠢᠨ ᠲᠥᠷᠥᠯ ᠣᠯᠠᠨ ᠡᠰᠢᠲᠦ ᠵᠠᠬ᠎ᠠ ᠵᠡᠭᠡᠯᠢ᠎ᠶ᠋ᠢᠨ ᠢᠷᠡᠭᠡᠳᠦᠢ ᠠᠭᠤᠳᠠᠮ᠂ ᠬᠥᠭ᠌ᠵᠢᠯ᠎ᠦᠨ ᠳᠠᠯᠳᠠ ᠬᠦᠴᠦᠨ ᠮᠠᠰᠢ ᠶᠡᠬᠡ ᠭᠡᠵᠦ᠍ ᠳᠣᠲᠣᠷᠬᠠᠢ᠌ᠯᠠᠵᠠᠢ᠃ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠨᠢ ᠮᠡᠳᠡᠭᠡ ᠵᠠᠩᠭᠢ᠎ᠶ᠋ᠢ ᠢᠯᠡ ᠲᠣᠳᠣ ᠪᠠᠢᠯᠭᠠᠬᠤ ᠤᠷᠢᠲᠠᠯ ᠳᠣᠤᠷ᠎ᠠ᠂ ᠰᠢᠨ᠎ᠡ᠎ᠶᠢ ᠡᠭᠦᠳᠬᠦ ᠲᠤᠬᠠᠢᠯᠠᠭ᠍ᠰᠠᠨ ᠠᠵᠢᠯ᠎ᠤᠨ ᠱᠢᠷᠢᠰ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠨ ᠬᠡᠷᠡᠭ᠌ᠯᠡᠵᠦ᠍᠂ ᠦᠢᠯᠡᠳᠬᠦ᠌ ᠪᠠᠢᠭᠤᠯᠤᠮᠵᠢ ᠲᠠᠢ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠂ ᠲᠦᠭ᠌ᠰᠢᠭᠦᠷᠢ᠎ᠶ᠋ᠢ ᠬᠠᠮᠲᠤ᠎ᠪᠠᠷ ᠡᠭᠦᠷᠭᠡᠯᠡᠬᠦ᠂ ᠡᠷᠬᠡ ᠲᠡᠭ᠌ᠰᠢ᠎ᠪᠠᠷ ᠬᠠᠷᠢᠯᠴᠠᠨ ᠬᠠᠷᠠᠭᠠᠯᠵᠠᠬᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠭᠥᠷᠳᠡᠬᠦ᠂ ᠬᠠᠮᠤᠭ᠎ᠤᠨ ᠡᠴᠦᠰ᠎ᠲᠤ ᠬᠡᠷᠡᠭ᠌ᠯᠡᠭ᠌ᠴᠢᠳ᠎ᠲᠤ ᠪᠣᠳᠠᠲᠤ ᠠᠱᠢᠭ ᠬᠦᠷᠲᠡᠭᠡᠵᠦ᠍᠂ ᠠᠵᠢᠯ ᠲᠥᠷᠥᠯ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠨᠢ ᠲᠦᠷᠦᠭᠦᠤ ᠨᠢᠭᠤᠷ᠎ᠤᠨ ᠠᠩᠬᠠᠨ᠎ᠤ ᠳᠡᠯᠭᠡᠴᠡ᠎ᠳᠤ ᠲᠤᠰᠭᠠᠶ ᠲᠣᠭᠤᠷᠢᠭ ᠪᠠᠢᠭᠤᠯᠵᠤ᠂ ᠪᠤᠳᠤᠬᠤ ᠠᠷᠭ᠎ᠠ᠎ᠳᠤ ᠤᠶᠠᠯᠳᠤᠭᠤᠯᠤᠨ ᠲᠠᠨᠢᠯᠴᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠳᠣᠮᠳᠠ ᠵᠡᠷᠭᠡ᠎ᠶ᠋ᠢᠨ ᠵᠦᠴᠦᠭᠡ᠂ ᠣᠬᠤᠷ ᠵᠦᠴᠦᠭᠡ᠎ᠶ᠋ᠢᠨ ᠲᠡᠭᠦᠪᠦᠷᠢ᠂ ᠰᠦᠯᠵᠢᠶᠡᠨ᠎ᠤ ᠦᠯᠢᠭᠡᠷ᠎ᠤᠨ ᠺᠢᠨᠣ᠋ ᠵᠡᠷᠭᠡ ᠳᠤᠮᠳᠠ ᠪᠠᠭ᠎ᠠ ᠬᠡᠮᠵᠢᠶᠡᠨ᠎ᠤ ᠵᠦᠴᠦᠭᠡ᠎ᠶ᠋ᠢᠨ ᠲᠡᠭᠦᠪᠤᠷᠢ ᠎ᠪᠠᠷ ᠤᠷᠢᠳ᠎ᠢᠶᠠᠷ ᠬᠡᠷᠡᠭ᠌ᠵᠢᠭᠦᠯᠵᠦ᠍ ᠤᠷᠢᠳ᠎ᠢᠶᠠᠷ ᠲᠤᠷᠱᠢᠬᠤ ᠲᠥᠷᠥᠯ ᠬᠡᠯᠪᠡᠷᠢ ᠪᠣᠯᠭᠠᠵᠤ᠂ ᠬᠡᠷᠡᠭ᠌ᠯᠡᠭ᠌ᠴᠢ᠎ᠶ᠋ᠢᠨ ᠰᠣᠨᠢᠷᠬᠠᠭᠰᠠᠨ ᠳ᠋ᠠᠢ᠌ᠲ᠋ᠠ᠎ᠳᠤ ᠦᠨᠳᠤᠰᠤᠯᠡᠨ᠂ ᠦᠢᠯᠡᠳᠬᠦ᠌ ᠡᠲᠡᠭᠡᠳ᠎ᠯᠦᠭᠡ 《 ᠰᠠᠭᠤᠷᠢ᠎ᠶ᠋ᠢ ᠪᠠᠲᠤᠯᠠᠬᠤ +    ᠬᠤᠪᠢᠳᠠᠬᠤ 》 ᠵᠡᠷᠭᠡ ᠠᠵᠤ ᠦᠢᠯᠡᠰ᠎ᠤᠨ ᠵᠠᠭ᠍ᠪᠤᠷ᠎ᠢ ᠬᠡᠷᠡᠭ᠌ᠵᠢᠭᠦᠯᠵᠦ᠍᠂ ᠰᠠᠢᠨ ᠪᠦᠲᠦᠭᠡᠯ᠎ᠢ ᠰᠠᠢᠨ ᠠᠱᠢᠭ ᠣᠷᠣᠯᠭ᠎ᠠ᠎ᠲᠠᠢ ᠪᠣᠯᠭᠠᠵᠤ᠂ ᠡᠭᠦᠨ᠎ᠤ ᠤᠯᠠᠮ᠎ᠠᠴᠠ ᠦᠢᠯᠡᠳᠬᠦ᠌ ᠪᠠᠢᠭᠤᠯᠤᠮᠵᠢ᠎ᠶ᠋ᠢᠨ ᠢᠳᠡᠪᠬᠢᠵᠢᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃

ᠬᠤᠷᠠᠯ᠎ᠠᠴᠠ᠂ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠤᠨ ᠵᠦᠴᠦᠭᠡ᠎ᠶᠢᠨ ᠲᠡᠭᠦᠪᠤᠷᠢ᠎ᠶᠢᠨ ᠨᠡᠪᠳᠡᠷᠡᠭᠥᠯᠭᠡ᠎ᠶᠢ ᠱᠢᠯᠢᠳᠡᠭ᠌ᠵᠢᠭᠦᠯᠬᠦ᠌ ᠠᠮᠢ ᠠᠬᠤᠶ᠎ᠶ᠋ᠢᠨ ᠠᠵᠢᠯ᠎ᠢ ᠠᠬᠢᠭᠣᠯᠬᠣ ᠪᠣᠯ᠂ ᠥᠷᠢᠰᠦᠯᠳᠦᠭᠡᠨ᠎ᠤ ᠴᠢᠨᠠᠷ᠎ᠲᠠᠢ ᠪᠠᠢᠵᠤ᠂ ᠠᠵᠢᠯ ᠲᠦᠷᠦᠯ᠎ᠤᠨ ᠭᠤᠣᠯ ᠴᠣᠭ᠍ᠴᠠ ᠲᠠᠨᠢᠯᠲᠠ᠎ᠪᠠᠨ ᠳᠡᠭᠡᠭ᠌ᠰᠢᠯᠡᠭᠦᠯᠦᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠢᠨ᠋ᠸᠷᠼᠢᠲᠦ ᠰᠡᠳᠭᠢᠬᠦᠢ ᠪᠠ ᠠᠷᠭ᠎ᠠ ᠵᠠᠮ᠎ᠤᠨ ᠲᠦᠱᠢᠭ᠌ᠯᠡᠯ᠎ᠢ ᠱᠢᠪᠲᠤᠯᠵᠤ᠂ ᠵᠣᠷᠢᠭ᠍ᠲᠠᠢ᠎ᠪᠠᠷ ᠰᠦᠪᠡᠭ᠌ᠴᠢᠯᠡᠨ ᠬᠤᠪᠢᠷᠠᠯᠲᠠ᠎ᠶ᠋ᠢ ᠡᠷᠢᠯᠬᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃ ᠠᠭᠤᠯᠭ᠎ᠠ᠎ᠪᠠᠷ ᠭᠤᠣᠯ ᠪᠣᠯᠭᠠᠬᠤ᠂ ᠲᠠᠷᠬᠠᠭ᠋ᠠᠬᠤ ᠪᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠠᠭᠤᠯᠭ᠎ᠠ᠎ᠶ᠋ᠢᠨ ᠵᠣᠬᠢᠶᠠᠨ ᠪᠦᠲᠦᠭᠡᠭ᠌ᠴᠢ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠤᠯᠠᠮᠵᠢᠯᠠᠯᠲᠤ ᠬᠦᠦᠷᠨᠢᠯ᠎ᠤᠨ ᠠᠷᠭ᠎ᠠ ᠬᠡᠯᠪᠡᠷᠢ᠎ᠠᠴᠠ ᠱᠢᠨ᠎ᠡ ᠬᠡᠯᠡᠨ᠎ᠤ ᠣᠷᠴᠢᠨ ᠬᠦᠷᠲᠡᠯᠡᠬᠢ ᠬᠤᠪᠢᠷᠠᠯᠲᠠ᠎ᠳᠤ ᠵᠣᠬᠢᠴᠠᠭᠤᠯᠵᠤ᠂ ᠦᠯᠢᠭᠡᠷ ᠳᠠᠭᠤᠷᠢᠶᠠᠯ᠎ᠢ ᠲᠦᠷᠭᠡᠬᠡᠨ ᠪᠤᠢ ᠪᠣᠯᠭᠠᠵᠤ᠂ ᠬᠡᠪ ᠳᠠᠭᠤᠷᠢᠶᠠᠯ᠎ᠤᠨ ᠵᠦᠴᠦᠭᠡ᠎ᠶ᠋ᠢᠨ ᠲᠡᠭᠦᠪᠦᠷᠢ᠎ᠶ᠋ᠢ ᠡᠭᠦᠳᠴᠦ᠍᠂ ᠠᠵᠢᠯ ᠲᠦᠷᠦᠯ᠎ᠤᠨ ᠢᠲᠡᠭᠡᠯ ᠵᠣᠷᠢᠭ᠎ᠢ ᠬᠥᠪᠴᠢᠯᠡᠵᠦ᠍᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠥᠷᠭᠡᠨ ᠤᠯᠠᠨ ᠠᠷᠠᠳ ᠲᠦᠮᠡᠨ᠎ᠤ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ ᠬᠡᠷᠡᠭ᠌ᠲᠡᠢ᠃

ᠢᠷᠡᠯᠲᠡ᠄ ᠳᠤᠮᠳᠠᠳᠤ ᠤᠯᠤᠰ᠎ᠤᠨ ᠣᠯᠠᠨ ᠨᠡᠢᠲᠡ᠎ᠶ᠋ᠢᠨ ᠸᠢᠴᠠᠲ ᠲᠡᠪᠴᠡᠩ