11 ᠳ᠋ᠦ᠍ᠭᠡᠷ ᠰᠠᠷ᠎ᠠ᠎ᠶ᠋ᠢᠨ 28 ᠤ ᠡᠳᠦᠷ᠂ ᠶᠠᠫᠣᠨ᠎ᠢ ᠡᠰᠡᠷᠭᠦᠴᠡᠬᠦ᠌ ᠲᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢ ᠳᠤᠷᠠᠰᠭᠠᠬᠤ ᠭᠤᠤᠯ ᠰᠡᠳᠦᠪᠲᠦ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠵᠣᠬᠢᠶᠠᠨ ᠪᠦᠲᠦᠭᠡᠬᠦ᠌ ᠶᠠᠷᠢᠯᠴᠠᠬᠤ ᠬᠤᠷᠠᠯ ᠪᠡᠭᠡᠵᠢᠩ᠎ᠳᠤ ᠶᠠᠪᠤᠭ᠍ᠳᠠᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠨᠥᠬᠦᠷ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠶᠠᠷᠢᠯᠴᠠᠬᠤ ᠬᠤᠷᠠᠯ ᠳᠡᠭᠡᠷ᠎ᠡ᠂ ᠪᠢᠴᠢᠯ ᠣᠬᠤᠷ ᠵᠦᠴᠦᠭᠡ 《 ᠮᠣᠷᠢᠨ ᠨᠢᠷᠤᠭᠤᠨ ᠥᠯᠥᠭᠡᠢ 》᠂ 《 ᠬᠢᠯᠢᠩᠨᠡᠨ ᠬᠤᠤᠷᠯᠠᠬᠤ 》᠂ 《 ᠡᠷᠲᠡᠨ᠎ᠡᠴᠡ ᠠᠪᠣᠭ᠋ᠠᠳ ᠪᠠᠭᠠᠲᠤᠷ ᠪᠠᠭᠠᠴᠤᠳ᠎ᠠᠴᠠ ᠭᠠᠷᠬᠤ 》᠂ 《 ᠪᠠᠢᠷᠢᠱᠢᠯ 》᠂ ᠰᠦᠯᠵᠢᠶᠡᠨ᠎ᠤ ᠪᠠᠷᠢᠮᠲᠠᠲᠤ ᠺᠢᠨᠣ᠋ 《 ᠡᠩᠬᠡ ᠲᠠᠢᠪᠤᠩ ᠭᠡᠬᠦ ᠶᠠᠭᠣ 》 ᠂ 《 ᠪᠢ ᠪᠣᠯ ᠨᠠᠢ᠍ᠮᠠᠳᠤᠭᠠᠷ ᠵᠠᠮ᠎ᠤᠨ ᠴᠡᠷᠢᠭ 》 ᠵᠡᠷᠭᠡ ᠶᠠᠫᠣᠨ᠎ᠢ ᠡᠰᠡᠷᠭᠦᠴᠡᠬᠦ᠌ ᠲᠠᠢᠨ᠎ᠤ ᠭᠤᠣᠯ ᠰᠡᠳᠦᠪᠲᠦ ᠰᠦᠯᠵᠢᠶᠡᠨ᠎ᠤ ᠦᠵᠡᠵᠦ᠍ ᠰᠣᠨᠣᠰᠭᠤ ᠭᠤᠣᠯᠳᠠᠯᠭ᠎ᠠ᠎ᠲᠠᠢ ᠪᠦᠲᠦᠭᠡᠯ᠎ᠤᠨ ᠭᠣᠣᠯᠯᠠᠨ ᠪᠦᠲᠦᠭᠡᠭᠴᠢ᠎ᠶ᠋ᠢᠨ ᠲᠦᠯᠦᠭᠡᠯᠡᠭᠴᠢ ᠱᠢᠰᠲ᠋ᠧᠮ ᠲᠠᠢ ᠵᠣᠬᠢᠶᠠᠨ ᠪᠦᠲᠦᠭᠡᠭ᠌ᠰᠡᠨ ᠥᠩᠭᠡᠷᠡᠯᠲᠡ᠎ᠪᠠᠨ ᠡᠷᠭᠢᠴᠡᠭᠦᠯᠵᠦ᠍᠂ ᠰᠡᠳᠦᠪ ᠰᠣᠩᠭᠤᠬᠤ ᠲᠥᠰᠦᠪᠯᠡᠯ᠂ ᠠᠭᠤᠯᠭ᠎ᠠ᠎ᠶ᠋ᠢᠨ ᠵᠣᠬᠢᠶᠠᠨ ᠪᠦᠲᠦᠭᠡᠯᠭᠡ᠂ ᠰᠡᠭᠦᠳᠡᠷᠯᠡᠵᠦ ᠦᠢᠯᠡᠳᠬᠦ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠭᠠᠳᠠᠭᠠᠳᠤ᠎ᠳᠤ ᠲᠠᠷᠬᠠᠭ᠋ᠠᠬᠤ ᠲᠠᠯ᠎ᠠ᠎ᠪᠠᠷ᠎ᠬᠢ ᠣᠢᠯᠠᠭᠠᠯᠲᠠ ᠲᠤᠷᠱᠢᠯᠭ᠎ᠠ᠎ᠪᠠᠨ ᠬᠤᠪᠢᠶᠠᠯᠴᠠᠪᠠ᠃ ᠮᠢ ᠭᠦ᠋ ᠺᠣᠮᠫᠠᠨᠢ᠂ ᠠᠢ ᠴᠢ ᠢ᠂ ᠶᠢᠦ ᠺᠦ᠋ ᠵᠡᠷᠭᠡ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ ᠭᠤᠣᠯᠳᠠᠯᠭ᠎ᠠ᠎ᠲᠠᠢ ᠵᠣᠬᠢᠶᠠᠯ ᠪᠦᠲᠦᠭᠡᠯ᠎ᠤᠨ ᠨᠡᠪᠲᠡᠷᠡᠭᠦᠯᠭᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠾᠧ ᠯᠦᠩ ᠮᠠᠷᠱᠠᠯ᠎ᠤᠨ ᠥᠬᠢᠨ ᠾᠧ ᠱᠢᠶᠣᠤ ᠮᠢᠩ ᠡᠴᠢᠭᠡᠶ᠋ᠢᠨᠢᠶᠠᠨ ᠦᠶ᠎ᠡ᠎ᠶᠢᠨ ᠬᠤᠪᠢᠰᠭᠠᠯ᠎ᠤᠨ ᠢᠲᠡᠭᠡᠯ ᠪᠢᠱᠢᠷᠡᠯ᠎ᠤᠨ ᠪᠠᠲᠤ ᠪᠠᠷᠢᠮᠳᠠᠯᠠᠯ ᠵᠢᠴᠢ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠦᠨ᠎ᠡ ᠦᠷᠳᠡᠭ᠎ᠢ ᠭᠦᠨ ᠰᠡᠳᠭᠢᠯᠭᠡ᠎ᠲᠠᠢ᠎ᠪᠠᠷ ᠶᠠᠷᠢᠪᠠ᠃ ᠤᠳᠭ᠎ᠠ ᠤᠷᠠᠯᠢᠭ᠎ᠤᠨ ᠱᠢᠭᠦᠮᠵᠢᠯᠡᠭ᠌ᠴᠢ᠂ ᠠᠵᠢᠯ ᠲᠦᠷᠦᠯ᠎ᠤᠨ ᠲᠤᠰᠭᠠᠶ ᠮᠡᠷᠭᠡᠵᠢᠯᠲᠡᠨ᠎ᠤ ᠲᠥᠯᠥᠭᠡᠯᠡᠭ᠌ᠴᠢ ᠪᠦᠲᠦᠭᠡᠯ᠎ᠳᠤ ᠭᠤᠢᠳᠠ ᠰᠠᠢᠬᠠᠨ ᠦᠨᠡᠯᠡᠯᠲᠡ ᠬᠢᠪᠡ᠃
ᠬᠤᠷᠠᠯ᠎ᠠᠴᠠ᠂ ᠡᠨᠡ ᠵᠢᠯ᠎ᠠᠴᠠ ᠨᠠᠭᠠᠰᠢ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ ᠨᠢᠭᠡ ᠪᠦᠯᠦᠭ ᠭᠤᠣᠯ ᠰᠡᠳᠦᠪ᠎ᠨᠢ ᠢᠯᠡ ᠲᠣᠳᠣ᠂ ᠬᠡᠯᠪᠡᠷᠢ ᠮᠠᠶᠢᠭ᠎ᠨᠢ ᠱᠢᠨ᠎ᠡ ᠰᠡᠪᠡᠭᠦᠨ ᠶᠠᠫᠣᠨ᠎ᠢ ᠡᠰᠡᠷᠭᠦᠴᠡᠬᠦ᠌ ᠳᠠᠢᠨ᠎ᠤ ᠰᠡᠳᠦᠪᠲᠦ ᠰᠦᠯᠵᠢᠶᠡᠨ᠎ᠤ ᠦᠵᠡᠵᠦ᠍ ᠰᠣᠨᠣᠰᠭᠤ ᠭᠤᠣᠯ ᠰᠡᠳᠦᠪᠲᠦ ᠪᠦᠲᠦᠭᠡᠯ᠎ᠢ ᠵᠣᠬᠢᠶᠠᠨ ᠪᠠᠢᠭᠤᠯᠪᠠ᠃ ᠡᠳᠡᠭᠡᠷ ᠪᠦᠲᠦᠭᠡᠯ᠎ᠨᠢ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭ᠎ᠠ᠎ᠪᠠᠷ ᠶᠠᠰᠤ ᠱᠢᠷᠪᠥᠰᠥᠪᠠᠨ ᠪᠣᠯᠭᠠᠵᠤ᠂ ᠦᠨᠡᠨ ᠪᠣᠳᠠᠲᠠᠶ ᠬᠠᠢᠷ᠎ᠠ ᠰᠡᠳᠭᠢᠯᠭᠡ᠎ᠪᠠᠷ ᠴᠢᠰᠤ ᠮᠢᠬ᠎ᠠ᠎ᠪᠠᠨ ᠪᠣᠯᠭᠠᠵᠤ᠂ 《 ᠲᠡᠦᠬᠡ᠎ᠶ᠋ᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠨ᠂ ᠢᠷᠡᠭᠡᠳᠦᠶ᠎ᠶ᠋ᠢ ᠨᠡᠭᠡᠭᠡᠬᠦ᠌ 》 ᠬᠠᠮᠲᠤ᠎ᠶ᠋ᠢᠨ ᠭᠤᠤᠯ ᠰᠡᠳᠦᠪ᠎ᠤᠨ ᠲᠣᠭᠤᠷᠢᠨ᠎ᠳᠤ᠂ ᠠᠤᠭ᠎ᠠ ᠶᠡᠭᠡ ᠬᠦᠦᠷᠨᠢᠯ᠎ᠢ ᠬᠦᠩᠭᠡᠪᠴᠢᠯᠡᠨ ᠢᠯᠡᠳᠭᠡᠬᠦ᠌᠎ᠳᠤ ᠠᠭᠤᠰᠭᠠᠵᠤ᠂ ᠡᠯᠪᠡᠭ ᠳᠡᠯᠪᠡᠭ ᠨᠠᠷᠢᠨ ᠵᠦᠢᠯᠡᠰ᠂ ᠴᠢᠨᠡᠭᠡᠯᠢᠭ ᠬᠠᠢᠷ᠎ᠠ ᠰᠡᠳᠭᠢᠯᠭᠡ᠂ ᠳᠦᠭᠦᠷᠡᠩ ᠳᠦᠷᠢ ᠲᠥᠷᠬᠦ᠂ ᠬᠠᠩᠭ᠋ᠠᠮᠵᠢᠲᠠᠢ ᠠᠭᠤᠯᠤᠭ᠍ᠳᠠᠬᠤᠨ᠎ᠢᠶᠠᠷ ᠢᠳᠡᠪᠬᠢᠵᠢᠭᠦᠯᠦᠨ ᠲᠠᠷᠬᠠᠭ᠋ᠠᠵᠦ᠂ ᠣᠯᠠᠨ᠎ᠤ ᠪᠣᠳᠣᠯ᠎ᠢ ᠡᠭᠥᠰᠭᠡᠵᠦ᠂ ᠨᠡᠢᠭᠡᠮ ᠳᠠᠶᠠᠭᠠᠷ᠎ᠲᠤ ᠪᠠᠭᠠᠲᠤᠷᠴᠤᠳ᠎ᠢ ᠳᠡᠭᠡᠳᠦᠯᠡᠵᠦ᠍᠂ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠨᠡᠢᠭᠡᠮ᠎ᠤᠨ ᠰᠠᠢᠨ ᠰᠠᠢᠬᠠᠨ ᠦᠷ᠎ᠡ ᠪᠦᠲᠦᠮᠵᠢ᠎ᠶᠢ ᠣᠯᠵᠤ᠂ ᠰᠦᠯᠵᠢᠶᠡᠨ᠎ᠤ ᠦᠵᠡᠵᠦ᠍ ᠰᠣᠨᠣᠰᠭᠤ ᠨᠢ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ᠎ᠶ᠋ᠢᠨ ᠱᠢᠨ᠎ᠡ ᠬᠦᠴᠦᠨ ᠪᠣᠯᠣᠭᠰᠠᠨ ᠥᠪᠡᠷᠮᠢᠴᠡ ᠳᠠᠪᠠᠭᠤᠯᠢᠭ᠎ᠢ ᠤᠯᠠᠮ ᠨᠢᠭᠡ ᠠᠯᠬᠤᠮ ᠢᠯᠡᠷᠡᠭᠦᠯᠦᠭ᠌ᠰᠡᠨ ᠪᠠᠢᠨ᠎ᠠ ᠭᠡᠵᠦ ᠵᠢᠭ᠋ᠠᠨ ᠭᠠᠷᠭ᠋ᠠᠪᠠ᠃
ᠬᠤᠷᠠᠯ᠎ᠠᠴᠠ᠂ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠦᠷᠦᠯ ᠶᠠᠭ ᠴᠢᠨᠠᠷ ᠰᠠᠢᠲᠠᠢ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭᠠᠨ᠎ᠳᠤ ᠣᠷᠣᠱᠢᠵᠤ᠂ ᠴᠡᠴᠡᠭ᠌ᠯᠡᠨ ᠬᠥᠭ᠌ᠵᠢᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠠᠭ ᠦᠶ᠎ᠡ᠎ᠶ᠋ᠢᠨ ᠤᠷᠤᠰᠭᠠᠯ᠎ᠢ ᠰᠠᠯᠤᠯ ᠦᠭᠡᠢ ᠲᠠᠭᠠᠵᠤ᠂ ᠠᠷᠠᠳ ᠲᠦᠮᠡᠨ᠎ᠤ ᠬᠡᠷᠡᠭ᠌ᠴᠡᠭᠡ᠎ᠶ᠋ᠢ ᠡᠵᠡᠮᠳᠡᠵᠦ᠍᠂ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠎ᠳᠤ ᠬᠦᠴᠦ᠍᠎ᠪᠠᠨ ᠲᠥᠪᠯᠡᠷᠡᠭᠦᠯᠵᠦ᠍᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠰᠣᠶᠣᠯ᠎ᠤᠨ ᠬᠦᠴᠦᠷᠬᠡᠭ ᠤᠯᠤᠰ᠎ᠢ ᠪᠠᠢᠭᠤᠯᠬᠤ᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠨᠢᠭᠡ᠎ᠳᠤ᠂ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠤᠨ ᠴᠢᠬᠤᠯᠠ ᠶᠡᠭᠡ ᠭᠤᠣᠯ ᠰᠡᠳᠦᠪ᠎ᠢ ᠴᠢᠩᠭ᠎ᠠ ᠡᠵᠡᠮᠳᠡᠵᠦ᠍᠂ ᠴᠠᠭ ᠦᠶ᠎ᠡ᠎ᠶ᠋ᠢᠨ ᠬᠤᠪᠢᠷᠠᠯᠲᠠ᠂ ᠳᠤᠮᠳᠠᠳᠤ ᠤᠯᠤᠰ᠎ᠤᠨ ᠲᠠᠪᠱᠢᠯᠳᠠ᠎ᠠᠴᠠ ᠰᠡᠳᠦᠪ ᠴᠣᠭᠯᠠᠭᠣᠯᠵᠣ᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠬᠦ᠌ ᠴᠢᠭ᠌ᠯᠡᠯ᠎ᠢ ᠪᠠᠲᠤ ᠡᠵᠡᠮᠳᠡᠬᠦ᠌ ᠬᠡᠷᠡᠭ᠌ᠲᠡᠢ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠂ ᠴᠢᠬᠤᠯᠠ ᠵᠠᠩᠭᠢᠯᠠᠭ᠎ᠠ᠎ᠶ᠋ᠢᠨ ᠴᠡᠭ ᠪᠠ ᠴᠢᠬᠤᠯᠠ ᠶᠡᠭᠡ ᠭᠤᠣᠯ ᠰᠡᠳᠦᠪ᠂ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ ᠪᠠ ᠲᠡᠷᠢᠭᠦᠨ᠎ᠤ ᠰᠣᠶᠣᠯ᠎ᠲᠠᠢ ᠨᠢᠭ᠍ᠲᠠ ᠤᠶᠠᠯᠳᠤᠭᠤᠯᠤᠨ᠂ ᠴᠠᠭ ᠬᠤᠭᠤᠴᠠᠭ᠎ᠠ᠂ ᠣᠷᠣᠨ ᠵᠠᠢ᠂ ᠬᠥᠮᠦᠨ᠂ ᠬᠡᠷᠡᠭ ᠶᠠᠪᠤᠳᠠᠯ᠎ᠢᠶᠠᠷ ᠵᠣᠬᠢᠶᠠᠨ ᠪᠦᠲᠦᠭᠡᠬᠦ᠌ ᠬᠦᠴᠦᠨ ᠵᠦᠢᠯ ᠪᠣᠯᠭᠠᠵᠤ᠂ ᠵᠠᠳᠠᠯᠤᠯᠲᠠ᠎ᠶ᠋ᠢᠨ ᠪᠣᠷᠣ ᠲᠥᠯᠥᠪ᠎ᠢ ᠪᠠᠢᠭᠤᠯᠤᠨ᠂ ᠰᠡᠳᠦᠪ ᠰᠣᠩᠭᠤᠬᠤ ᠪᠠᠨ ᠰᠠᠢ᠌ᠲᠣᠷ ᠠᠷᠭ᠎ᠠ ᠰᠥᠪᠡᠭᠴᠢᠯᠡᠵᠦ᠂ ᠫᠷᠤᠭ᠌ᠷᠠᠮ᠎ᠢ ᠰᠠᠢᠲᠤᠷ ᠤᠬᠠᠭᠠᠯᠠᠨ ᠰᠡᠳᠦᠵᠦ᠍᠂ ᠨᠢᠭᠡ ᠪᠦᠯᠦᠭ ᠢᠳᠡᠲᠡᠢ᠂ ᠨᠥᠯᠥᠭᠡ᠎ᠲᠠᠢ ᠰᠦᠯᠵᠢᠶᠡᠨ᠎ᠤ ᠦᠵᠡᠵᠦ᠍ ᠰᠣᠨᠣᠰᠭᠤ ᠪᠦᠲᠦᠭᠡᠯ᠎ᠢ ᠭᠠᠷᠭᠠᠨ᠎ᠠ᠃
ᠬᠤᠶᠠᠷ᠎ᠲᠤ᠌᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠤ ᠳᠤᠮᠳᠠ ᠦᠨᠳᠦᠰᠦᠯᠡᠵᠦ᠍᠂ ᠠᠷᠠᠳ ᠲᠦᠮᠡᠨ᠎ᠳᠤ ᠦᠢᠯᠡᠴᠢᠯᠡᠵᠦ᠍᠂ ᠪᠣᠳᠠᠲᠠᠢ ᠬᠠᠷᠠᠭᠠᠯᠵᠠᠬᠤ ᠬᠦᠴᠦᠨ ᠪᠣᠯᠤᠨ ᠠᠷᠠᠳ ᠲᠦᠮᠡᠨ᠎ᠤ ᠬᠠᠨᠤᠮᠵᠢ᠎ᠶ᠋ᠢᠨ ᠬᠡᠮᠵᠢᠶ᠎ᠡ᠎ᠶ᠋ᠢ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠠᠬᠤᠢᠴᠢ ᠦᠵᠡᠯ᠎ᠤᠨ ᠵᠣᠬᠢᠶᠠᠨ ᠪᠦᠲᠦᠭᠡᠬᠦ᠌ ᠣᠪᠣᠷ᠎ᠢ ᠪᠠᠲᠤ ᠰᠠᠬᠢᠵᠤ᠂ ᠣᠷᠭᠢᠯᠣᠨ ᠪᠠᠳᠠᠷᠠᠭ᠍ᠰᠠᠨ ᠴᠠᠭ ᠦᠶ᠎ᠡ᠎ᠶ᠋ᠢᠨ ᠶᠡᠭᠡ ᠤᠷᠤᠰᠭᠠᠯ᠂ ᠳᠣᠲᠣᠨᠣ ᠨᠡᠢᠭᠡᠮ᠎ᠤᠨ ᠠᠮᠢᠳᠤᠷᠠᠯ ᠳᠤᠮᠳᠠ᠎ᠠᠴᠠ ᠰᠡᠳᠦᠪ᠎ᠢᠶᠠᠨ ᠠᠭᠤᠳᠠᠯᠵᠤ᠂ ᠨᠡᠢᠲᠡᠯᠢᠭ ᠣᠷᠴᠢᠨ ᠲᠣᠭᠤᠷᠢᠨ᠎ᠳᠠᠬᠢ ᠨᠡᠢᠲᠡᠯᠢᠭ ᠬᠥᠮᠦᠰ᠎ᠢ ᠦᠨᠡᠨ ᠪᠣᠳᠠᠲᠠᠶ᠎ᠪᠠᠷ ᠳᠠᠬᠢᠨ ᠢᠯᠡᠷᠡᠭᠦᠯᠵᠦ᠍᠂ ᠪᠦᠲᠦᠭᠡᠯ᠎ᠤᠨ ᠪᠣᠳᠠᠲᠤ ᠠᠴᠢ ᠬᠤᠯᠪᠣᠭ᠍ᠳᠠᠯ᠎ᠢ ᠴᠢᠩᠭᠠᠷᠠᠭᠤᠯᠤᠨ᠂ ᠦᠵᠡᠭ᠌ᠴᠢᠳ᠎ᠢ ᠦᠵᠡᠵᠦ᠍ ᠰᠣᠨᠢᠷᠬᠠᠬᠤ ᠳᠤᠷᠠᠲᠠᠶ᠂ ᠨᠢᠳᠣᠨ᠎ᠳᠤ ᠰᠢᠨᠡᠬᠡᠨ ᠴᠢᠬᠢᠨ᠎ᠳᠦ ᠰᠡᠪᠡᠭᠦᠨ ᠪᠠᠢ᠌ᠯᠭ᠋ᠠᠨ᠎ᠠ᠃
ᠭᠤᠷᠪᠠ᠎ᠳᠤ᠂ ᠰᠣᠳᠣᠨ ᠪᠦᠲᠦᠭᠡᠯ᠎ᠢᠶᠠᠷ ᠵᠣᠬᠢᠶᠠᠨ ᠪᠦᠲᠦᠭᠡᠬᠦ᠌᠎ᠶ᠋ᠢ ᠪᠠᠷᠢᠮᠲᠠᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠠᠮᠢ ᠠᠬᠤᠢ᠎ᠶ᠋ᠢ ᠱᠢᠯᠢᠳᠡᠭ᠌ᠵᠢᠭᠦᠯᠵᠦ᠍᠂ ᠢᠨᠲ᠋ᠧᠷ ᠰᠦᠯᠵᠢᠶᠡᠨ᠎ᠤ ᠨᠥᠬᠦᠴᠡᠯ ᠳᠣᠣᠷᠠᠬᠢ ᠱᠢᠨ᠎ᠡ ᠤᠯᠠᠨ ᠲᠦᠮᠡᠨᠴᠢ ᠤᠳᠭ᠎ᠠ ᠤᠷᠠᠯᠢᠭ᠎ᠤᠨ ᠨᠣᠶᠠᠨ ᠤᠷᠬᠢᠯ᠎ᠳᠤ ᠵᠣᠷᠢᠭ᠍ᠲᠠᠢ᠎ᠪᠠᠷ ᠠᠪᠠᠷᠢᠬᠤ ᠬᠡᠷᠡᠭ᠌ᠲᠡᠢ᠃ ᠤᠳᠤᠷᠢᠳᠤᠮᠵᠢ᠎ᠪᠠᠷ ᠭᠤᠤᠯ ᠪᠣᠯᠭᠠᠬᠤ᠂ ᠠᠭᠤᠯᠭ᠎ᠠ᠎ᠪᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠪᠦᠲᠦᠭᠡᠯ᠎ᠢ ᠬᠠᠯᠠᠮᠰᠢᠯ ᠲᠠᠢ ᠪᠦᠭᠡᠳ ᠨᠡᠩ ᠭᠦᠨᠴᠡ ᠲᠠᠢ᠂ ᠰᠣᠨᠢᠷᠬᠠᠯᠲᠠᠢ ᠪᠦᠭᠡᠳ ᠨᠠᠩ ᠤᠳᠭ᠎ᠠ ᠠᠭᠤᠯᠭ᠎ᠠ᠎ᠲᠠᠢ ᠪᠣᠯᠭᠠᠬᠤ ᠬᠡᠷᠡᠭ᠌ᠲᠡᠶ᠃ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠶ᠋ᠢ ᠤᠳᠭ᠎ᠠ ᠤᠷᠠᠯᠢᠭ᠎ᠤᠨ ᠵᠣᠬᠢᠶᠠᠨ ᠪᠦᠲᠦᠭᠡᠵᠦ᠍ ᠦᠢᠯᠡᠳᠪᠦᠷᠢᠯᠡᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠤᠳᠭ᠎ᠠ ᠤᠷᠠᠯᠢᠭ᠎ᠤᠨ ᠤᠷᠬᠢᠯ᠎ᠤᠨ ᠠᠭᠤᠷ ᠠᠮᠢᠰᠭᠤᠯ᠎ᠢ ᠪᠦᠲᠦᠭᠡᠨ᠎ᠡ᠃ ᠠᠵᠢᠯ ᠲᠥᠷᠥᠯ᠎ᠤᠨ ᠠᠮᠢ ᠠᠬᠤᠶ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠦᠶ᠋ᠯᠡᠳᠬᠦ᠌ ᠪᠠᠢᠭᠤᠯᠤᠮᠵᠢ ᠬᠢᠭᠡᠳ ᠨᠡᠪᠲᠡᠷᠡᠭᠦᠯᠭᠡ᠎ᠶ᠋ᠢᠨ ᠲᠠᠪᠴᠠᠩ᠂ ᠠᠵᠢᠯᠯᠠᠵᠤ ᠪᠠᠢᠭ᠎ᠠ ᠬᠥᠮᠦᠰ ᠭᠠᠷ ᠬᠤᠯᠪᠣᠨ ᠬᠠᠮᠲᠤ᠎ᠪᠠᠷ ᠤᠷᠤᠭ᠍ᠰᠢᠯᠠᠵᠤ᠂ ᠵᠣᠬᠢᠶᠠᠨ ᠪᠦᠲᠦᠭᠡᠬᠦ᠌ ᠰᠠᠢᠨ ᠰᠠᠢᠬᠠᠨ ᠠᠮᠢ ᠠᠬᠤᠶ᠎ᠶ᠋ᠢ ᠰᠠᠢᠲᠤᠷ ᠪᠥᠲᠥᠭᠡᠨ ᠪᠠᠢᠭᠤᠯᠵᠤ᠂ ᠰᠠᠢᠲᠤᠷ ᠬᠠᠮᠠᠭᠠᠯᠠᠬᠤ ᠬᠡᠷᠡᠭ᠌ᠲᠡᠶ᠃
ᠲᠦᠷᠪᠡ᠎ᠳᠤ᠂ ᠮᠡᠷᠭᠡᠵᠢᠯ᠎ᠤᠨ ᠬᠦᠴᠦᠨ ᠨᠡᠮᠡᠷᠢᠯᠡᠬᠦ᠎ᠶ᠋ᠢ ᠪᠠᠷᠢᠮᠲᠠᠯᠠᠵᠤ᠂ 《 ᠮᠡᠷᠭᠡᠵᠢᠯ + ᠤᠷᠠᠯᠢᠭ 》᠎ᠢ ᠭᠦᠨᠵᠡᠭᠡᠢᠷᠡᠭᠦᠯᠵᠦ᠍᠂ ᠰᠦᠯᠵᠢᠶᠡᠨ᠎ᠤ ᠦᠵᠡᠵᠦ᠍ ᠰᠣᠨᠣᠰᠬᠣ ᠪᠦᠲᠦᠭᠡᠯ᠎ᠤᠨ ᠢᠯᠡᠷᠡᠭᠦᠯᠬᠦ᠌ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ 《 ᠠᠭᠤᠯᠭ᠎ᠠ᠎ᠪᠠᠷ ᠭᠤᠤᠯ ᠪᠣᠯᠭᠠᠬᠤ 》 ᠪᠠ 《 ᠮᠡᠷᠭᠡᠵᠢᠯ᠎ᠢᠶᠠᠷ ᠬᠦᠴᠦᠨ ᠨᠡᠮᠡᠷᠢᠯᠡᠬᠦ 》 ᠬᠤᠤᠰ ᠬᠦᠷᠳᠦ᠍᠎ᠪᠠᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠵᠣᠬᠢᠶᠠᠮᠠᠯ ᠣᠶᠤᠨᠴᠢ ᠮᠡᠷᠭᠡᠵᠢᠯ᠎ᠢ ᠬᠡᠷᠡᠭ᠌ᠯᠡᠬᠦ᠌᠎ᠳᠤ᠎ᠪᠠᠨ ᠴᠢᠳᠠᠮᠠᠭᠠᠶ ᠪᠠᠢᠵᠤ᠂ ᠪᠤᠳᠤᠬᠤ ᠠᠷᠭ᠎ᠠ᠎ᠶ᠋ᠢ ᠲᠠᠨᠢᠯᠴᠠᠭᠤᠯᠬᠤ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠂ ᠬᠡᠲᠦ ᠥᠨᠳᠥᠷ ᠳᠣᠲᠣᠷᠠᠴᠠᠲᠣ ᠮᠡᠷᠭᠡᠵᠢᠯ᠎ᠤᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠰᠦᠯᠵᠢᠶᠡᠨ᠎ᠤ ᠦᠵᠡᠵᠦ᠍ ᠰᠣᠨᠣᠰᠭᠤ ᠪᠦᠲᠦᠭᠡᠯ᠎ᠤᠨ ᠤᠷᠠᠯᠢᠭ᠎ᠤᠨ ᠢᠯᠡᠷᠡᠭᠦᠯᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃