2025 ᠣᠨ᠎ᠤ ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠡᠷᠬᠢᠯᠡᠭᠴᠢ᠎ᠶ᠋ᠢᠨ ᠬᠢᠷᠢ ᠬᠡᠮ᠎ᠤᠨ ᠱᠢᠯᠭᠠᠯᠲᠠ᠎ᠶ᠋ᠢᠨ ᠬᠢᠷᠢ ᠪᠦᠲᠦᠮᠵᠢ᠎ᠶᠢᠨ ᠪᠠᠢᠴᠠᠭᠠᠨ ᠯᠠᠪᠯᠠᠬᠤ᠂ ᠬᠢᠷᠢ ᠲᠡᠩᠴᠡᠬᠦ᠌ ᠪᠠᠷᠢᠮᠵᠢᠶ᠎ᠠ᠎ᠶ᠋ᠢ ᠵᠠᠭᠠᠭ᠍ᠯᠠᠨ ᠲᠣᠭ᠍ᠲᠠᠭᠠᠬᠤ ᠵᠢᠴᠢ ᠬᠢᠷᠢ ᠲᠡᠩᠴᠡᠭ᠌ᠰᠡᠨ ᠦᠨᠡᠮᠯᠡᠯ᠎ᠢ ᠪᠠᠭᠤᠯᠭᠠᠬᠤ ᠵᠡᠷᠭᠡ ᠬᠤᠯᠪᠣᠭ᠍ᠳᠠᠯ ᠪᠦᠬᠦᠢ ᠵᠦᠢᠯᠡᠰ᠎ᠤᠨ ᠲᠤᠬᠠᠢ ᠠᠯᠪᠠᠨ ᠵᠠᠷ
2026-01-21

ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠡᠷᠬᠢᠯᠡᠭᠴᠢ᠎ᠶᠢᠨ ᠬᠢᠷᠢ ᠬᠡᠮ᠎ᠤᠨ ᠱᠢᠯᠭᠠᠯᠲᠠ᠎ᠶ᠋ᠢᠨ ᠠᠷᠭ᠎ᠠ᠎ᠶ᠋ᠢ ᠦᠨᠳᠦᠰᠦᠯᠡᠨ᠂ ᠣᠲᠣ 2025 ᠣᠨ᠎ᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠡᠷᠬᠢᠯᠡᠭ᠌ᠴᠢ᠎ᠶ᠋ᠢᠨ ᠬᠢᠷᠢ ᠬᠡᠮ᠎ᠤᠨ ᠱᠢᠯᠭᠠᠯᠲᠠ᠎ᠶ᠋ᠢᠨ ᠬᠢᠷᠢ ᠪᠦᠲᠦᠮᠵᠢ᠎ᠶᠢᠨ ᠨᠡᠢ᠌ᠲᠡᠯᠡᠯ᠎ᠶ᠋ᠢ ᠨᠡᠢᠲᠡᠯᠡᠬᠦ᠂ ᠬᠢᠷᠢ ᠲᠡᠩᠴᠡᠭᠦ᠌ ᠪᠠᠷᠢᠮᠵᠢᠶ᠎ᠠ᠎ᠶ᠋ᠢ ᠵᠠᠭᠠᠭ᠍ᠯᠠᠨ ᠲᠣᠭ᠍ᠲᠠᠭᠠᠬᠤ ᠵᠢᠴᠢ ᠬᠢᠷᠢ ᠲᠡᠩᠴᠡᠭ᠌ᠰᠡᠨ ᠦᠨᠡᠮᠯᠡᠯ᠎ᠢ ᠪᠠᠭᠤᠯᠭᠠᠬᠤ ᠵᠡᠷᠭᠡ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠵᠠᠷᠯᠠᠶ᠎ᠠ᠄

ᠨᠢᠭᠡ᠂ ᠬᠢᠷᠢ ᠪᠦᠳᠦᠮᠵᠢ᠎ᠶ᠋ᠢ ᠪᠠᠢᠴᠠᠭᠠᠨ ᠯᠠᠪᠯᠠᠬᠤ

2026 ᠣᠨ᠎ᠤ 1 ᠳ᠋ᠦ᠍ᠭᠡᠷ ᠰᠠᠷ᠎ᠠ᠎ᠶ᠋ᠢᠨ 13᠎ᠦ ᠡᠳᠦᠷ᠎ᠠᠴᠠ ᠡᠬᠢᠯᠡᠨ᠂ ᠱᠢᠯᠭᠠᠭᠤᠯᠤᠭ᠍ᠴᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠰᠦᠯᠵᠢᠶᠡᠨ᠎ᠤ ᠬᠢᠷᠢ ᠬᠡᠮ᠎ᠤᠨ ᠱᠢᠯᠭᠠᠯᠲᠠ᠎ᠶ᠋ᠢᠨ ᠪᠤᠯᠤᠩ᠎ᠢᠶᠠᠷ ᠳᠠᠮᠵᠢᠭᠤᠯᠤᠨ ᠬᠤᠪᠢᠲᠣᠰ ᠬᠥᠮᠦᠨ᠎ᠤ ᠬᠢᠷᠢ ᠪᠦᠲᠦᠮᠵᠢ᠎ᠶ᠋ᠢᠨ ᠮᠡᠳᠡᠭ᠌ᠳᠡᠯ᠎ᠤᠨ ᠬᠠᠭᠤᠳᠠᠰᠤ᠎ᠪᠠᠨ᠎ᠶ᠋ᠢ ᠪᠠᠢᠴᠠᠭᠠᠨ ᠯᠠᠪᠯᠠᠨᠯᠠᠪᠯᠠᠵᠤ᠂ ᠳᠠᠷᠤᠮᠠᠯᠯᠠᠵᠤ ᠪᠣᠯᠤᠨ᠎ᠠ᠃

ᠬᠤᠶᠠᠷ᠂ ᠬᠢᠷᠢ ᠲᠡᠩᠴᠡᠬᠦ ᠪᠠᠷᠢᠮᠵᠢᠶ᠎ᠠ

2025 ᠣᠨ᠎ᠳᠤ ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠡᠷᠬᠢᠯᠡᠭᠴᠢ᠎ᠶ᠋ᠢᠨ ᠬᠢᠷᠢ ᠬᠡᠮ᠎ᠤᠨ ᠱᠢᠯᠭᠠᠯᠲᠠ᠎ᠳᠤ ᠬᠢᠷᠢ ᠲᠡᠩᠴᠡᠬᠦ ᠬᠤᠪᠢ᠎ᠶ᠋ᠢᠨ ᠱᠤᠭᠤᠮ᠎ᠨᠢ ᠪᠢᠷ᠎ᠤᠨ ᠱᠢᠯᠭᠠᠯᠲᠠ᠎ᠶ᠋ᠢᠨ ᠬᠢᠷᠢ ᠪᠦᠲᠦᠮᠵᠢ᠎ᠶ᠋ᠢᠨ ᠶᠡᠷᠦᠩᠬᠡᠶ ᠬᠤᠪᠢ 160 ᠬᠤᠪᠢ ᠪᠠᠢᠵᠤ᠂ ᠠᠮᠠᠨ ᠱᠢᠯᠭᠠᠯᠲᠠ᠎ᠶ᠋ᠢᠨ ᠬᠢᠷᠢ ᠪᠦᠲᠦᠮᠵᠢ᠎ᠨᠢ B ᠲᠠᠰ᠎ᠠᠴᠠ ᠳᠡᠭᠡᠭ᠌ᠰᠢ ( B ᠲᠠᠰ᠎ᠢ ᠪᠠᠭᠲᠠᠭ᠋ᠠᠨ᠎ᠠ )᠃

2024 ᠣᠨ᠎ᠳᠤ ᠭᠠᠭᠴᠠ ᠲᠦᠷᠦᠯ ᠨᠢ᠎ᠳᠤ ᠬᠢᠷᠢ ᠲᠡᠩᠴᠡᠭ᠌ᠰᠡᠨ᠂ ᠲᠡᠷᠡᠴᠢᠯᠡᠨ 2025 ᠣᠨ᠎ᠳᠤ ᠪᠤᠰᠤᠳ ᠬᠢᠴᠢᠶᠡᠯ ᠲᠥᠷᠥᠯ᠎ᠤᠨ ᠱᠢᠯᠭᠠᠯᠲᠠ᠎ᠳᠤ ᠣᠷᠣᠯᠴᠠᠭ᠍ᠰᠠᠨ ᠱᠢᠯᠭᠠᠭᠤᠯᠤᠭ᠍ᠴᠢ ᠨᠢ᠂ ᠲᠡᠭᠦᠨ᠎ᠤ 2024 ᠣᠨ᠎ᠳᠤ ᠦᠯᠡᠳᠡᠭᠡᠭ᠌ᠰᠡᠨ ᠱᠢᠯᠭᠠᠯᠲᠠ᠎ᠳᠤ ᠬᠢᠷᠢ ᠲᠡᠩᠴᠡᠭ᠌ᠰᠡᠨ ᠬᠢᠴᠢᠶᠡᠯ ᠲᠥᠷᠥᠯ᠎ᠢ᠎ᠨᠢ ᠴᠥᠮ ᠬᠢᠴᠢᠶᠡᠯ ᠲᠥᠷᠥᠯ ᠪᠦᠷᠢ᠎ᠶᠢ ᠨᠢ᠎ᠤᠨ 60 ᠬᠤᠪᠢ᠎ᠶ᠋ᠢᠨ ᠶᠣᠰᠣᠭᠠᠷ 2025 ᠣᠨ᠎ᠤ ᠱᠢᠯᠭᠠᠯᠲᠠ᠎ᠶ᠋ᠢᠨ ᠶᠡᠷᠦᠩᠬᠡᠶ ᠬᠤᠪᠢ᠎ᠳᠤ ᠪᠣᠳᠣᠨ ᠣᠷᠣᠭᠣᠯᠵᠣ᠂ ᠪᠢᠷ᠎ᠤᠨ ᠱᠢᠯᠭᠠᠯᠲᠠ᠎ᠶ᠋ᠢᠨ ᠶᠡᠷᠦᠩᠬᠡᠶ ᠬᠤᠪᠢ᠎ᠨᠢ 160 ᠬᠤᠪᠢ᠎ᠳᠤ ᠬᠦᠷᠦᠭ᠌ᠰᠡᠨ ᠪᠥᠭᠡᠳ ᠠᠮᠠᠨ ᠱᠢᠯᠭᠠᠯᠲᠠ᠎ᠶ᠋ᠢᠨ ᠬᠢᠷᠢ ᠪᠦᠲᠦᠮᠵᠢ᠎ᠨᠢ B ᠲᠠᠰ᠎ᠠᠴᠠ ᠳᠡᠭᠡᠭ᠌ᠰᠢ ( B ᠳᠡᠰ᠎ᠢ ᠪᠠᠭ᠍ᠲᠠᠭᠠᠨ᠎ᠠ ) ᠪᠠᠢ᠌ᠪᠠᠯ᠂ ᠱᠢᠯᠭᠠᠯᠲᠠ᠎ᠳᠤ ᠬᠢᠷᠢ ᠲᠡᠩᠴᠡᠭ᠌ᠰᠡᠨ᠎ᠢᠶᠠᠷ ᠪᠣᠳᠣᠨ᠎ᠠ᠃

ᠭᠤᠷᠪᠠ᠂ ᠬᠢᠷᠢ ᠲᠡᠩᠴᠡᠭ᠌ᠰᠡᠨ ᠦᠨᠡᠮᠯᠡᠯ᠎ᠢ ᠪᠠᠭᠤᠯᠭᠠᠬᠤ

2025 ᠣᠨ᠎ᠳᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠡᠷᠬᠢᠯᠡᠭᠴᠢ᠎ᠶᠢᠨ ᠬᠢᠷᠢ ᠬᠡᠮ᠎ᠤᠨ ᠱᠢᠯᠭᠠᠯᠲᠠ᠎ᠶ᠋ᠢᠨ ᠬᠢᠷᠢ ᠲᠡᠩᠴᠡᠭ᠌ᠰᠡᠨ ᠦᠨᠡᠮᠯᠡᠯ᠎ᠤᠨ ᠡᠯᠧᠺᠲᠷᠣᠨ ᠦᠨᠡᠮᠯᠡᠯ᠎ᠢ 《 ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠠᠪᠴᠠᠩ 》 ( ᠰᠦᠯᠵᠢᠶᠡᠨ᠎ᠤ ᠬᠠᠶᠢᠭ᠄ https://zwfw.nrta.gov.cn )᠎ᠢᠶᠡᠷ ᠳᠠᠮᠵᠢᠭᠤᠯᠤᠨ ᠪᠠᠭᠣᠯᠭ᠋ᠠᠵᠣ ᠪᠣᠯᠣᠨ᠎ᠠ ( ᠠᠵᠢᠯᠯᠠᠬᠤ ᠶᠠᠪᠤᠴᠠ᠎ᠶ᠋ᠢ ᠳᠠᠭᠠᠯᠳᠤᠭᠤᠯᠤᠯ᠎ᠳᠤ ᠨᠠᠷᠢᠨ ᠦᠵᠡᠭᠡᠷᠡᠢ )᠃

ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠡᠷᠬᠢᠯᠡᠭᠴᠢ᠎ᠶ᠋ᠢᠨ ᠬᠢᠷᠢ ᠬᠡᠮ᠎ᠤᠨ ᠱᠢᠯᠭᠠᠯᠲᠠ᠎ᠳᠤ ᠬᠢᠷᠢ ᠲᠡᠩᠴᠡᠭ᠌ᠰᠡᠨ ᠦᠨᠡᠮᠯᠡᠯ᠎ᠤᠨ ᠡᠯᠧᠺᠲᠷᠣᠨ ᠦᠨᠡᠮᠯᠡᠯ ᠨᠢᠪᠣᠯᠣᠨ ᠴᠠᠭᠠᠰᠤᠨ᠎ᠤ ᠬᠢᠷᠢ ᠲᠡᠩᠴᠡᠭ᠌ᠰᠡᠨ ᠦᠨᠡᠮᠯᠡᠯ ᠯᠦ᠍ᠭᠡ ᠠᠳᠠᠯᠢᠬᠠᠨ ᠬᠠᠤᠯᠢ ᠴᠠᠭᠠᠵᠠ᠎ᠶ᠋ᠢᠨ ᠬᠦᠴᠦᠨ᠎ᠲᠠᠢ᠃ ᠦᠨᠡᠮᠯᠡᠯ᠎ᠲᠠᠢ ᠬᠥᠮᠦᠰ ᠬᠤᠯᠪᠣᠭ᠍ᠳᠠᠯ ᠪᠦᠬᠦᠢ ᠲᠣᠭ᠍ᠲᠠᠭᠠᠯ᠎ᠢ ᠴᠢᠩᠭ᠎ᠠ ᠵᠢᠷᠤᠮᠯᠠᠨ ᠬᠢᠷᠢ ᠲᠡᠩᠴᠡᠭ᠌ᠰᠡᠨ ᠦᠨᠡᠮᠯᠡᠯ᠎ᠤᠨ ᠡᠯᠧᠺᠲᠷᠣᠨ ᠦᠨᠡᠮᠯᠡᠯ᠎ᠢ ᠵᠢᠷᠤᠮᠵᠢᠭᠤᠯᠤᠨ ᠬᠡᠷᠡᠭ᠌ᠯᠡᠵᠦ᠍᠂ ᠡᠯᠧᠺᠲᠷᠣᠨ ᠦᠨᠡᠮᠯᠡᠯ᠎ᠢ ᠬᠠᠭᠤᠷᠮᠠᠭ᠍ᠯᠠᠨ ᠵᠣᠬᠢᠶᠠᠭ᠍ᠰᠠᠨ᠂ ᠥᠭᠡᠷᠡᠲᠦᠭᠦᠯᠦᠭ᠌ᠰᠡᠨ ᠪᠠᠢᠪᠠᠯ᠂ ᠬᠠᠤᠯᠢ ᠲᠣᠭ᠍ᠲᠠᠭᠠᠯ ᠶᠣᠰᠣᠭᠠᠷ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ