2025 ᠣᠨ᠎ᠳᠤ ᠨᠡᠶ᠋ᠢᠲᠡ 110 ᠢᠵᠢ 3376 ᠪᠦᠯᠦᠭ ᠤᠯᠤᠰ᠎ᠲᠠᠭᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭ᠋ᠠᠬᠤ ᠵᠥᠪᠰᠢᠶᠡᠷᠡᠯ᠎ᠢ ᠣᠯᠪᠠ
2026-01-23

ᠣᠶ᠋ᠢᠷ᠎ᠠ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ 《 2025 ᠣᠨ᠎ᠤ ᠳᠥᠷᠪᠡᠳᠦᠭᠡᠷ ᠤᠯᠠᠷᠢᠯ ᠵᠢᠴᠢ ᠪᠦᠬᠦ ᠵᠢᠯ᠎ᠤᠨ ᠪᠦᠬᠦ ᠤᠯᠤᠰ᠎ᠤᠨ ᠤᠯᠤᠰ᠎ᠲᠠᠭᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭ᠋ᠠᠬᠤ᠎ᠶᠢ ᠵᠥᠪᠰᠢᠶᠡᠷᠡᠭᠰᠡᠨ ᠪᠠᠶ᠋ᠢᠳᠠᠯ᠎ᠤᠨ ᠲᠤᠬᠠᠢ ᠮᠡᠳᠡᠭᠳᠡᠯ 》᠎ᠢ ᠨᠡᠶ᠋ᠢᠲᠡᠯᠡᠪᠡ᠃ ᠵᠠᠷᠯᠠᠯ᠎ᠳᠤ ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶᠢᠨ ᠲᠧᠯᠸᠢᠰ ᠵᠦᠴᠦᠭᠡ᠎ᠶᠢᠨ ᠬᠠᠮᠢᠶᠠᠷᠤᠯᠲᠠ᠎ᠶᠢᠨ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠣᠲᠣ 2025 ᠣᠨ᠎ᠤ 10 ᠳ᠋ᠤᠭ᠋ᠠᠷ ᠰᠠᠷ᠎ᠠ—12 ᠳ᠋ᠤᠭ᠋ᠠᠷ ᠰᠠᠷ᠎ᠠ ᠵᠢᠴᠢ ᠪᠥᠬᠦ ᠵᠢᠯ᠎ᠤᠨ ᠪᠥᠬᠦ ᠤᠯᠤᠰ᠎ᠤᠨ 《 ᠤᠯᠤᠰ᠎ᠲᠠᠭᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭ᠋ᠠᠬᠤ ᠵᠥᠪᠰᠢᠶᠡᠷᠡᠯ᠎ᠤᠨ ᠦᠨᠡᠮᠯᠡᠯ 》 ᠣᠯᠭᠤᠭᠰᠠᠨ ᠲᠤᠭ᠎ᠠ ᠪᠦᠷᠢᠳᠬᠡᠯ᠎ᠤᠨ ᠪᠠᠶ᠋ᠢᠳᠠᠯ᠎ᠢ ᠵᠠᠷᠯᠠᠨ ᠮᠡᠳᠡᠭᠳᠡᠶ᠎ᠡ ᠭᠡᠵᠦ ᠵᠢᠭ᠋ᠠᠨ ᠭᠠᠷᠭ᠋ᠠᠪᠠ᠃

ᠳᠣᠣᠷᠠᠬᠢ ᠪᠣᠯ ᠮᠡᠳᠡᠭᠳᠡᠯ᠎ᠦᠨ ᠡᠬᠡ ᠪᠢᠴᠢᠭ ᠪᠣᠯᠣᠨ᠎ᠠ᠄ 

ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶᠢᠨ ᠲᠧᠯᠸᠢᠰ ᠵᠦᠴᠦᠭᠡ᠎ᠶᠢᠨ ᠬᠠᠮᠢᠶᠠᠷᠤᠯᠲᠠ᠎ᠶᠢᠨ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠣᠲᠣ 2025 ᠣᠨ᠎ᠤ 10 ᠳ᠋ᠤᠭ᠋ᠠᠷ ᠰᠠᠷ᠎ᠠ—12ᠳ᠋ᠤᠭ᠋ᠠᠷ ᠰᠠᠷ᠎ᠠ ᠵᠢᠴᠢ ᠪᠥᠬᠦ ᠵᠢᠯ᠎ᠤᠨ ᠪᠥᠬᠦ ᠤᠯᠤᠰ᠎ᠤᠨ 《 ᠤᠯᠤᠰ᠎ᠲᠠᠭᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭ᠋ᠠᠬᠤ ᠵᠥᠪᠰᠢᠶᠡᠷᠡᠯ᠎ᠤᠨ ᠦᠨᠡᠮᠯᠡᠯ 》 ᠣᠯᠭᠤᠭᠰᠠᠨ ᠲᠤᠭ᠎ᠠ ᠪᠦᠷᠢᠳᠬᠡᠯ᠎ᠤᠨ ᠪᠠᠶ᠋ᠢᠳᠠᠯ᠎ᠢ ᠵᠠᠷᠯᠠᠨ ᠮᠡᠳᠡᠭᠳᠡᠶ᠎ᠡ᠃ 

ᠨᠢᠭᠡ᠂ 2025 ᠣᠨ᠎ᠤ 10ᠳ᠋ᠤᠭ᠋ᠠᠷ ᠰᠠᠷ᠎ᠠ—12ᠳ᠋ᠤᠭ᠋ᠠᠷ ᠰᠠᠷ᠎ᠠ᠎ᠳᠤ᠂ ᠪᠥᠬᠦ ᠤᠯᠤᠰ᠎ᠤᠨ ᠡᠯ᠎ᠡ ᠲᠥᠷᠥᠯ᠎ᠤᠨ ᠲᠧᠯᠸᠢᠰ ᠵᠦᠴᠦᠭᠡ ᠦᠢ᠍ᠯᠡᠳᠬᠦ ᠪᠠᠶ᠋ᠢᠭᠤᠯᠤᠮᠵᠢ ᠤᠯᠤᠰ᠎ᠲᠠᠭᠠᠨ ᠤᠢ᠌ᠯᠡᠳᠪᠤᠷᠢᠯᠡᠭᠰᠡᠨ ᠲᠧᠯᠸᠢᠰ ᠵᠦᠴᠦᠭᠡ᠎ᠶᠢ ᠨᠡᠶ᠋ᠢᠲᠡ 38 ᠢᠵᠢ 1139 ᠪᠦᠯᠦᠭ᠎ᠢ ᠦᠢ᠍ᠯᠡᠳᠪᠦᠷᠢᠯᠡᠵᠦ ᠳᠠᠭᠤᠰᠬᠠᠭᠰᠠᠨ ᠪᠥᠭᠡᠳ ᠲᠠᠷᠬᠠᠭ᠋ᠠᠬᠣ ᠵᠦᠪᠰᠢᠶᠡᠷᠡᠯ ᠣᠯᠪᠠ

ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠴᠢ ᠡᠯ᠎ᠡ ᠮᠤᠵᠢ ( ᠣᠷᠣᠨ᠂ ᠬᠣᠲᠠ )᠎ᠶᠢᠨ ᠲᠧᠯᠸᠢᠰ ᠵᠦᠴᠦᠭᠡ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠨ ᠰᠠᠷ᠎ᠠ᠎ᠶᠢᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ᠂ ᠰᠡᠳᠦᠪ᠎ᠤᠨ ᠬᠠᠷᠢᠴᠠᠯ᠎ᠨᠢ ᠳᠣᠤᠷᠠᠬᠢ ᠮᠡᠲᠦ᠄

ᠪᠤᠳᠠᠲᠦ ᠰᠡᠳᠦᠪᠲᠦ ᠵᠦᠴᠦᠬᠡ᠎ᠶᠢᠨ ᠭᠠᠷᠴᠠᠭ᠎ᠨᠢ 25 ᠢᠵᠢ 717 ᠪᠦᠯᠦᠭ ᠪᠠᠶ᠋ᠢᠵᠦ᠂ ᠲᠣᠰ ᠲᠣᠰ ᠶᠡᠷᠦᠩᠬᠡᠢ ᠢᠵᠢ᠂ ᠪᠦᠯᠥᠭ᠎ᠦᠨ ᠲᠤᠭ᠋ᠠᠨ᠎ᠤ 65.79%᠂ 62.95% ᠵᠢ ᠡᠵᠡᠯᠡᠪᠡ᠃ ᠡᠭᠦᠨ᠎ᠳᠤ᠂ ᠣᠲᠣ ᠦᠶ᠎ᠡ᠎ᠶᠢᠨ ᠰᠡᠳᠦᠪᠲᠦ ᠨᠡᠶ᠋ᠢᠲᠡ 24 ᠢᠵᠢ 687 ᠪᠦᠯᠥᠭ ᠪᠠᠢ᠌ᠵᠦ᠂ ᠲᠣᠰ ᠲᠣᠰ ᠶᠡᠷᠦᠩᠬᠡᠶ ᠢᠵᠢ᠂  ᠪᠦᠯᠥᠭ᠎ᠦᠨ ᠲᠣᠭ᠋ᠠᠨ᠎ᠤ 63.16%᠂ 60.32%᠎ᠢ ᠡᠵᠡᠯᠡᠪᠡ; ᠣᠲᠣ ᠦᠶ᠎ᠡ᠎ᠶᠢᠨ ᠰᠡᠳᠦᠪᠲᠦ ᠨᠡᠶ᠋ᠢᠲᠡ 1 ᠢᠵᠢ 30 ᠪᠦᠯᠥᠭ ᠪᠠᠢ᠌ᠵᠦ᠂ ᠲᠣᠰ ᠲᠣᠰ ᠶᠡᠷᠦᠩᠬᠡᠶ ᠢᠵᠢ᠂ ᠪᠦᠯᠥᠭ᠎ᠦᠨ ᠲᠣᠭ᠋ᠠᠨ᠎ᠤ 2.63%᠂ 2.63%᠎ᠶᠢ ᠡᠵᠡᠯᠡᠪᠡ᠃

ᠳᠡᠦᠬᠡ᠎ᠶᠢᠨ ᠰᠡᠳᠦᠪᠳᠦ ᠵᠦᠴᠦᠬᠡ᠎ᠶᠢᠨ ᠭᠠᠷᠴᠠᠭ᠎ᠨᠢ ᠨᠡᠶ᠋ᠢᠳᠡ 11 ᠢᠵᠢ 341 ᠪᠦᠯᠦᠭ ᠪᠠᠢ᠌ᠵᠦ᠂ ᠲᠤᠰ ᠲᠤᠰ ᠶᠡᠷᠦᠩᠬᠡᠢ ᠢᠵᠢ᠂ ᠪᠦᠯᠥᠭ᠎ᠦᠨ ᠲᠤᠭ᠋ᠠᠨ᠎ᠤ 28.95%᠂ 29.94% ᠵᠢ ᠡᠵᠡᠯᠡᠪᠡ᠃ ᠡᠭᠦᠨ᠎ᠳᠤ᠂ ᠣᠷᠴᠢᠨ ᠦᠶ᠎ᠡ᠎ᠶᠢᠨ ᠰᠡᠳᠦᠪᠲᠦ ᠨᠢ ᠨᠡᠶ᠋ᠢᠲᠡ 5 ᠢᠵᠢ 136 ᠪᠦᠯᠦᠭ ᠪᠠᠶ᠋ᠢᠵᠤ᠂ ᠲᠣᠰ ᠲᠣᠰ ᠶᠡᠷᠦᠩᠬᠡᠶ ᠢᠵᠢ᠂ ᠪᠦᠯᠥᠭ᠎ᠦᠨ ᠲᠣᠭ᠋ᠠᠨ᠎ᠤ 13.16%᠂ 11.94%᠎ᠶᠢ ᠡᠵᠡᠯᠡᠪᠡ; ᠡᠷᠲᠡᠨ᠎ᠤ ᠰᠡᠳᠦᠪᠲᠦ ᠨᠡᠶ᠋ᠢᠲᠡ 6 ᠢᠵᠢ 205 ᠪᠦᠯᠦᠭ ᠪᠠᠶ᠋ᠢᠵᠤ᠂ ᠲᠤᠰ ᠲᠤᠰ ᠶᠡᠷᠦᠩᠬᠡᠶ ᠢᠵᠢ᠂  ᠪᠦᠯᠥᠭ᠎ᠦᠨ ᠲᠣᠭ᠋ᠠᠨ᠎ᠤ 15.79%᠂ 18.00% ᠵᠢ ᠡᠵᠡᠯᠡᠪᠡ᠃

ᠴᠢᠬᠤᠯᠠ ᠶᠡᠭᠡ ᠰᠡᠳᠦᠪᠲᠦ ᠨᠡᠶ᠋ᠢᠲᠡ 2 ᠢᠵᠢ 81 ᠪᠦᠯᠦᠭ ᠪᠠᠢ᠌ᠵᠦ᠂  ᠲᠤᠰ ᠲᠤᠰ ᠶᠡᠷᠦᠩᠬᠡᠢ ᠢᠵᠢ ᠂ ᠪᠦᠯᠥᠭ᠎ᠦᠨ ᠲᠣᠭ᠋ᠠᠨ᠎ᠤ 5.26%᠂ 7.11%᠎ᠶᠢ ᠡᠵᠡᠯᠡᠪᠡ᠃ 

ᠬᠤᠶᠠᠷ᠂ 2025 ᠣᠨ᠎ᠳᠤ ᠪᠥᠬᠦ ᠤᠯᠤᠰ᠎ᠲᠤ 110 ᠢᠵᠢ 3376 ᠪᠦᠯᠦᠭ᠎ᠤᠨ ᠵᠦᠴᠦᠭᠡ᠎ᠶᠢᠨ ᠭᠠᠷᠴᠠᠭ᠎ᠢ ᠤᠢ᠌ᠯᠡᠳᠪᠦᠷᠢᠯᠡᠨ ᠳᠠᠭᠣᠰᠬᠠᠭᠰᠠᠨ ᠪᠦᠭᠡᠳ 《 ᠤᠯᠤᠰ᠎ᠲᠠᠭᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭ᠋ᠠᠬᠤ ᠵᠥᠪᠰᠢᠶᠡᠷᠡᠯ᠎ᠤᠨ ᠦᠨᠡᠮᠯᠡᠯ 》 ᠣᠯᠪᠠ 

ᠪᠣᠳᠠᠲᠤ ᠰᠡᠳᠦᠪᠲᠦ ᠵᠦᠴᠦᠭᠡ᠎ᠶᠢᠨ ᠭᠠᠷᠴᠠᠭ ᠨᠡᠶ᠋ᠢᠲᠡ 73 ᠢᠵᠢ 2099 ᠪᠦᠯᠥᠭ ᠪᠠᠶ᠋ᠢᠵᠤ᠂ ᠲᠣᠰ ᠲᠣᠰ ᠶᠡᠷᠦᠩᠬᠡᠶ ᠢᠵᠢ᠂ ᠪᠦᠯᠥᠭ᠎ᠦᠨ ᠲᠣᠭ᠋ᠠᠨ᠎ᠤ 66.36%᠂ 62.17%᠎ᠶᠢ ᠡᠵᠡᠯᠡᠪᠡ;ᠲᠡᠤᠬᠡ᠎ᠶᠢᠨ ᠰᠡᠳᠦᠪᠲᠦ ᠵᠦᠴᠦᠭᠡ᠎ᠶᠢᠨ ᠭᠠᠷᠴᠠᠭ ᠨᠡᠶ᠋ᠢᠲᠡ 33 ᠢᠵᠢ 1118 ᠪᠦᠯᠥᠭ ᠪᠠᠶ᠋ᠢᠵᠤ᠂ ᠲᠣᠰ ᠲᠣᠰ ᠶᠡᠷᠦᠩᠬᠡᠶ ᠢᠵᠢ᠂ ᠪᠦᠯᠥᠭ᠎ᠦᠨ ᠲᠣᠭ᠋ᠠᠨ᠎ᠤ 30.00%᠂ 33.12%᠎ᠶᠢ ᠡᠵᠡᠯᠡᠪᠡ;ᠴᠢᠬᠤᠯᠠ ᠶᠡᠭᠡ ᠰᠡᠳᠦᠪᠲᠦ ᠨᠡᠶ᠋ᠢᠲᠡ 4 ᠢᠵᠢ 159 ᠪᠦᠯᠦᠭ ᠪᠠᠶ᠋ᠢᠵᠤ᠂ ᠲᠣᠰ ᠲᠣᠰ ᠶᠡᠷᠦᠩᠬᠡᠶ ᠢᠵᠢ᠂ ᠪᠦᠯᠥᠭ᠎ᠦᠨ ᠲᠣᠭ᠋ᠠᠨ᠎ᠤ 3.64%᠂ 4.71%᠎ᠶᠢ ᠡᠵᠡᠯᠡᠪᠡ᠃  ( ᠰᠡᠳᠦᠪ᠎ᠤᠨ ᠠᠩᠭᠢᠯᠠᠯ᠎ᠤᠨ ᠨᠠᠷᠢᠨ ᠠᠭᠤᠯᠭ᠎ᠠ ᠵᠢ ᠳᠠᠭ᠋ᠠᠯᠳᠤᠭᠤᠯᠤᠯ᠎ᠳᠤ ᠦᠵᠡ )

ᠳᠠᠭ᠋ᠠᠯᠳᠤᠭᠤᠯᠤᠯ᠄

1.2025 ᠣᠨ᠎ᠤ 10 ᠳ᠋ᠤᠭ᠋ᠠᠷ ᠰᠠᠷ᠎ᠠ—12ᠳ᠋ᠤᠭ᠋ᠠᠷ ᠰᠠᠷ᠎ᠠ᠎ᠶᠢᠨ ᠪᠦᠬᠦ ᠤᠯᠤᠰ᠎ᠤᠨ 《 ᠤᠯᠤᠰ᠎ᠲᠠᠭᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭ᠋ᠠᠬᠤ ᠵᠥᠪᠰᠢᠶᠡᠷᠡᠯ᠎ᠤᠨ ᠦᠨᠡᠮᠯᠡᠯ 》᠎ᠤᠨ ᠭᠠᠷᠴᠠᠭ.pdf

2.2025 ᠣᠨ᠎ᠤ ᠪᠦᠬᠦ ᠤᠯᠤᠰ᠎ᠤᠨ ᠤᠯᠤᠰ ᠳᠠᠭᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ᠎ᠶᠢᠨ ᠰᠡᠳᠦᠪ᠎ᠢ ᠲᠠᠷᠬᠠᠭ᠋ᠠᠬᠤ᠎ᠳᠦ ᠵᠥᠪᠰᠢᠶᠡᠷᠡᠭᠳᠡᠭᠰᠡᠨ ᠪᠦᠷᠢᠳᠬᠡᠯ᠎ᠤᠨ ᠬᠦᠰᠦᠨᠦᠭᠲᠦ .pdf 

 

ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠠᠯᠪᠠᠨ ᠲᠢᠩᠬᠢᠮ

2026 ᠣᠨ᠎ᠤ 1ᠳ᠋ᠦ᠍ᠭᠡᠷ ᠰᠠᠷ᠎ᠠ᠎ᠶᠢᠨ 20᠎ᠤ ᠡᠳᠦᠷ

ᠢᠷᠡᠯᠲᠡ᠄ ᠷᠠᠳᠢᠣ᠋ ᠲᠧᠯᠸᠢᠰ᠎ᠤᠨ ᠴᠠᠭ᠎ᠤᠨ ᠱᠢᠭᠦᠮᠵᠢ