154 ᠲᠧᠯᠸᠢᠰ ᠵᠦᠴᠦᠭᠡ (ᠰᠦᠯᠵᠢᠶᠡᠨ᠎ᠤ ᠵᠦᠴᠦᠭᠡ)᠎ᠶᠢᠨ ᠳᠠᠩᠰᠠᠯᠠᠭᠳᠠᠭᠰᠠᠨ ᠵᠠᠷᠯᠠᠯ
2026-01-30

ᠣᠢᠷ᠎ᠠ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ 《2026 ᠣᠨ᠎ᠤ 1ᠳ᠋ᠦ᠍ᠭᠡᠷ ᠰᠠᠷ᠎ᠠ᠎ᠳᠤ ᠪᠥᠬᠦ ᠤᠯᠤᠰ᠎ᠤᠨ ᠰᠡᠭᠦᠳᠡᠷᠯᠡᠨ ᠦᠢ᠍ᠯᠡᠳᠦᠭᠰᠡᠨ ᠲᠧᠯᠸᠢᠰ ᠵᠦᠴᠦᠭᠡ (ᠰᠦᠯᠵᠢᠶᠡᠨ᠎ᠤ ᠵᠦᠴᠦᠭᠡ)᠎ᠶᠢᠨ ᠳᠠᠩᠰᠠᠯᠠᠯ᠎ᠢ ᠨᠡᠢᠲᠡᠯᠡᠬᠦ ᠲᠤᠬᠠᠢ ᠮᠡᠳᠡᠭᠳᠡᠯ》᠎ᠢ ᠨᠡᠢᠲᠡᠯᠡᠪᠡ᠃ ᠮᠡᠳᠡᠭᠳᠡᠯ᠎ᠳᠤ ᠵᠢᠭᠠᠵᠤ ᠭᠠᠷᠭᠠᠭᠰᠠᠨ ᠨᠢ ᠂ ᠲᠤᠰ ᠰᠠᠷ᠎ᠠ᠎ᠡᠴᠡ ᠡᠬᠢᠯᠡᠨ ᠂ ᠪᠦᠭᠦ ᠤᠯᠤᠰ᠎ᠤᠨ᠎ᠰᠡᠭᠦᠳᠡᠷᠯᠡᠨ ᠦᠢᠯᠡᠳᠦᠭᠰᠡᠨ ᠲᠧᠯᠸᠢᠰ ᠵᠦᠴᠦᠭᠡ (ᠰᠦᠯᠵᠢᠶᠡᠨ᠎ᠤ ᠵᠦᠴᠦᠭᠡ)᠎ᠶᠢᠨ ᠳᠠᠩᠰᠠᠯᠠᠯᠲᠠ᠎ᠶᠢ ᠢᠯᠠ ᠨᠡᠢᠲᠡᠯᠡᠬᠦ ᠴᠠᠭ᠎ᠢ ᠪᠣᠳᠠᠲᠠᠢ ᠨᠡᠢᠲᠡᠯᠡᠬᠦ ᠴᠠᠭ᠎ᠢᠶᠠᠷ ᠪᠠᠷᠢᠮᠵᠢᠶ᠎ᠠ ᠪᠣᠯᠭᠠᠨ᠎ᠠ ᠃

2026 ᠣᠨ᠎ᠤ 1ᠳ᠋ᠦ᠍ᠭᠡᠷ ᠰᠠᠷ᠎ᠠ᠎ᠳᠤ᠂ ᠪᠥᠬᠦ ᠤᠯᠤᠰ᠎ᠤᠨ ᠎ᠰᠡᠭᠦᠳᠡᠷᠯᠡᠨ ᠦᠢᠯᠡᠳᠦᠭᠰᠡᠨ ᠲᠧᠯᠸᠢᠰ ᠵᠦᠴᠦᠭᠡ (ᠰᠦᠯᠵᠢᠶᠡᠨ᠎ᠤ ᠵᠦᠴᠦᠭᠡ)᠎ᠶᠢᠨ ᠳᠠᠩᠰᠠᠯᠠᠯ᠎ᠢ  ᠨᠡᠢ᠌ᠲᠡᠯᠡᠭᠰᠡᠨ ᠭᠠᠷᠴᠠᠭ 154 ᠪᠠᠢ᠌ᠨ᠎ᠠ᠃ ᠡᠭᠦᠨ᠎ᠳᠤ᠂ ᠡᠩ᠎ᠤᠨ ᠵᠦᠴᠦᠭᠡ 49 ᠪᠠᠢᠵᠤ᠂ 31.8%᠎ᠶᠢ ᠡᠵᠡᠯᠡᠵᠦ᠂ ᠳᠤᠮᠳᠠ ᠵᠦᠴᠦᠭᠡ 21 ᠪᠠᠢᠵᠤ᠂ 13.6%᠎ᠶᠢ ᠡᠵᠡᠯᠡᠵᠦ᠂ ᠣᠬᠣᠷ ᠵᠦᠴᠦᠭᠡ 9 ᠪᠠᠢᠵᠤ᠂ 5.8%᠎ᠶᠢ ᠡᠵᠡᠯᠡᠵᠦ᠂ ᠤᠯᠠᠷᠢᠯ᠎ᠢᠶᠠᠷ ᠨᠡᠪᠲᠡᠷᠡᠭᠦᠯᠬᠦ ᠵᠦᠴᠦᠭᠡ 5 ᠪᠠᠢᠵᠤ᠂ 3.3%᠎ᠶᠢ ᠡᠵᠡᠯᠡᠵᠦ᠂ ᠰᠦᠯᠵᠢᠶᠡᠨ᠎ᠤ ᠦᠯᠢᠭᠡᠷᠲᠦ ᠺᠢᠨᠣ᠋ 70 ᠪᠠᠢᠵᠤ᠂ 45.5%᠎ᠶᠢ ᠡᠵᠡᠯᠡᠭᠰᠡᠨ ᠪᠠᠢ᠌ᠨ᠎ᠠ᠃

ᠰᠡᠳᠦᠪ᠎ᠢᠶᠠᠷ ᠨᠢ ᠬᠤᠪᠢᠶᠠᠪᠠᠯ᠂ ᠣᠲᠣ᠌ ᠦᠶ᠎ᠡ᠎ᠶᠢᠨ ᠰᠡᠳᠦᠪ 94 ᠪᠠᠢᠵᠤ᠂ 61%᠎ᠶᠢ ᠡᠵᠡᠯᠡᠪᠡ; ᠣᠲᠣ᠌ ᠦᠶ᠎ᠡ᠎ᠶᠢᠨ ᠰᠡᠳᠦᠪ 2 ᠪᠠᠢᠵᠤ᠂ 1.3%᠎ᠶᠢ ᠡᠵᠡᠯᠡᠪᠡ; ᠣᠷᠴᠢᠨ ᠦᠶ᠎ᠡ᠎ᠶᠢᠨ ᠰᠡᠳᠦᠪ 28 ᠪᠠᠢᠵᠤ᠂ 18.2%᠎ᠢ ᠡᠵᠡᠯᠡᠪᠡ; ᠡᠷᠲᠡᠨ᠎ᠤ ᠦᠶ᠎ᠡ᠎ᠶᠢᠨ ᠰᠡᠳᠦᠪ 30 ᠪᠠᠢᠵᠤ᠂ 19.5%᠎ᠶᠢ ᠡᠵᠡᠯᠡᠪᠡ᠃ ᠡᠭᠦᠨ᠎ᠳᠦ ᠪᠣᠳᠠᠲᠤ ᠰᠡᠳᠦᠪ᠎ᠤᠨ ᠨᠢ 62.3 %᠎ᠶᠢ ᠡᠵᠡᠯᠡᠨ᠎ᠡ᠃

ᠢᠷᠡᠯᠲᠡ᠄ ᠳᠤᠮᠳᠠᠳᠤ ᠤᠯᠤᠰ᠎ᠢ ᠦᠵᠡᠵᠦ᠍ ᠰᠤᠨᠤᠰᠭᠤ