2025 ᠣᠨ᠎ᠤ 12 ᠳ᠋ᠤᠭ᠋ᠠᠷ ᠰᠠᠷ᠎ᠠ᠎ᠶ᠋ᠢᠨ 31᠎ᠤ ᠡᠳᠦᠷ᠎ᠤᠨ 19 ᠴᠠᠭ᠎ᠲᠤ᠌᠂ ᠤᠯᠤᠰ᠎ᠤᠨ ᠲᠡᠷᠢᠭᠦᠯᠡᠭ᠌ᠴᠢ ᠰᠢ᠎ᠶ᠋ᠢᠨ ᠫᠢᠩ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠪᠠ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ 2026 ᠣᠨ᠎ᠤ ᠱᠢᠨ᠎ᠡ ᠵᠢᠯ᠎ᠤᠨ ᠪᠠᠶᠠᠷ᠎ᠤᠨ ᠦᠭᠡ ᠨᠡᠢᠲᠡᠯᠡᠪᠡ᠃ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠲᠥᠪ ᠲᠧᠯᠸᠢᠰ᠎ᠤᠨ ᠶᠡᠷᠦᠩᠬᠡᠢᠯᠡᠯ᠂ ᠰᠣᠨᠢᠨ ᠮᠡᠳᠡᠭᠡ᠂ 4K ᠬᠡᠲᠦ ᠥᠨᠳᠥᠷ ᠳᠣᠲᠣᠷᠠᠴᠠᠲᠣ ᠵᠡᠷᠭᠡ 6 ᠲᠧᠯᠸᠢᠰ᠎ᠤᠨ ᠰᠤᠪᠠᠭ᠂ ᠳᠤᠮᠳᠠᠳᠤ ᠤᠯᠤᠰ᠎ᠤᠨ ᠣᠯᠠᠨ ᠤᠯᠤᠰ᠎ᠤᠨ ᠲᠧᠯᠸᠢᠰ ᠬᠤᠷᠢᠶ᠎ᠠ ( CGTN ) 5 ᠭᠠᠳᠠᠭᠠᠳᠤ ᠬᠡᠯᠡᠨ᠎ᠤ ᠰᠤᠪᠠᠭ᠂ ᠲᠥᠪ᠎ᠤᠨ ᠷᠠᠳᠢᠣ᠋ ᠲᠧᠯᠸᠢᠰ᠎ᠤᠨ ᠳᠤᠮᠳᠠᠳᠤ ᠤᠯᠤᠰ᠎ᠤᠨ ᠳᠠᠭᠤᠨ ᠵᠡᠷᠭᠡ 6 ᠷᠠᠳᠢᠣ᠋ ᠳᠠᠪᠲᠠᠮᠵᠢ᠎ᠶ᠋ᠢ ᠬᠤᠣᠰᠯᠠᠨ ᠱᠢᠭᠤᠳ ᠨᠡᠪᠲᠡᠷᠡᠭᠦᠯᠪᠡ᠃ ᠪᠦᠬᠦ᠌ ᠤᠯᠤᠰ᠎ᠤᠨ ᠮᠣᠵᠢ᠎ᠶ᠋ᠢᠨ ᠳᠡᠰ᠎ᠦᠨ ᠷᠠᠳᠢᠤ᠋ ᠨᠡᠪᠲᠡᠷᠡᠭᠦᠯᠭᠡ᠎ᠶ᠋ᠢᠨ ᠬᠣᠷᠢᠶ᠎ᠠ᠎ᠶ᠋ᠢᠨ ᠭᠣᠣᠯ ᠳᠠᠪᠲᠠᠮᠵᠢ᠂ ᠮᠤᠵᠢ᠎ᠶ᠋ᠢᠨ ᠳᠡᠰ᠎ᠦᠨ ᠲᠸᠯᠸᠢᠰ ᠣᠳᠤᠨ ᠶᠡᠷᠦᠩᠬᠡᠢᠯᠡᠭ᠌ᠰᠡᠨ ᠰᠤᠪᠠᠭ ᠪᠠ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠲᠸᠯᠸᠢᠰ ᠬᠣᠷᠢᠶᠠᠨ᠎ᠤ ᠭᠣᠣᠯ ᠰᠤᠪᠠᠭ ᠵᠡᠷᠭᠡ᠎ᠪᠡᠷ ᠳᠠᠮᠵᠢᠭᠤᠯᠤᠨ ᠨᠡᠪᠲᠡᠷᠡᠭᠦᠯᠪᠡ᠃ ᠱᠢᠭᠤᠳ ᠳᠠᠮᠵᠢᠭᠤᠯᠤᠨ ᠨᠡᠪᠲᠡᠷᠡᠭᠦᠯᠬᠦ᠌ ᠳᠣᠬᠢᠶ᠎ᠠ᠎ᠶ᠋ᠢ ᠪᠦᠬᠦ᠌ ᠤᠯᠤᠰ᠎ᠤᠨ ᠤᠲᠠᠰᠤᠲᠤ ᠲᠧᠯᠸᠢᠰ᠎ᠦᠨ ᠰᠦᠯᠵᠢᠶ᠎ᠡ᠂ ᠱᠢᠭᠤᠳ ᠨᠡᠪᠲᠡᠷᠡᠭᠦᠯᠬᠦ᠌ ᠳᠠᠭᠠᠭᠤᠯᠢ ᠣᠳᠣᠨ᠂ ᠷᠠᠳᠢᠣ᠋ ᠨᠡᠪᠲᠡᠷᠡᠭᠦᠯᠭᠡ᠎ᠶ᠋ᠢᠨ ᠰᠦᠯᠵᠢᠶ᠎ᠡ᠂ IPTV ᠲᠠᠪᠴᠠᠩ᠎ᠢᠶᠠᠷ ᠳᠠᠮᠵᠢᠭᠤᠯᠤᠨ ᠪᠦᠷᠬᠦᠵᠦ᠂ ᠳᠤᠮᠳᠠᠳᠤ ᠤᠯᠤᠰ᠎ᠤᠨ ᠢᠨᠲ᠋ᠧᠷ ᠰᠦᠯᠵᠢᠶᠡᠨ᠎ᠦ ᠲᠧᠯᠸᠢᠰ ᠵᠡᠷᠭᠡ ᠢᠨᠲ᠋ᠧᠷ ᠰᠦᠯᠵᠢᠶ᠎ᠡ᠎ᠶ᠋ᠢᠨ ᠲᠧᠯᠸᠢᠰ᠎ᠦᠨ ᠬᠤᠷᠠᠮᠠᠯ ᠲᠠᠪᠴᠠᠩ᠎ᠢᠶᠠᠷ ᠳᠠᠮᠵᠢᠭᠤᠯᠤᠨ ᠫᠷᠤᠭ᠌ᠷᠠᠮ᠎ᠤᠨ ᠲᠤᠰᠭᠠᠶ ᠲᠣᠭᠣᠷᠢᠭ᠎ᠤᠨ ᠬᠡᠯᠪᠡᠷᠢ᠎ᠪᠡᠷ ᠰᠦᠢᠳᠭᠡᠯ ᠬᠤᠷᠢᠶᠠᠬᠤ ᠦᠭᠡᠶ᠎ᠪᠡᠷ ᠵᠠᠬᠢᠶᠠᠯᠠᠨ ᠨᠡᠪᠲᠡᠷᠡᠭᠦᠯᠵᠦ᠂ ᠠᠷᠠᠳ᠎ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠲᠥᠪ ᠲᠸᠯᠸᠢᠰ᠎ᠦᠨ ᠰᠦᠯᠵᠢᠶ᠎ᠡ᠂ ᠳᠣᠮᠳᠠᠲᠣ ᠤᠯᠤᠰ᠎ᠤᠨ ᠦᠵᠡᠵᠦ ᠰᠣᠨᠣᠰᠬᠣ᠂ ᠮᠠᠩ ᠭᠦᠸᠸ TV ᠵᠡᠷᠭᠡ ᠰᠦᠯᠵᠢᠶᠡᠨ᠎ᠦ ᠲᠡᠪᠴᠡᠩ ᠢᠵᠢᠯ ᠠᠯᠬᠣᠮ᠎ᠢᠶᠠᠷ ᠳᠠᠮᠵᠢᠭᠤᠯᠤᠨ ᠨᠡᠪᠲᠡᠷᠡᠭᠦᠯᠪᠡ᠃ ᠱᠢᠨ᠎ᠡ ᠵᠢᠯ᠎ᠤᠨ ᠪᠠᠶᠠᠷ᠎ᠤᠨ ᠦᠭᠡ᠎ᠨᠢ ᠷᠠᠳᠢᠣ᠋ ᠲᠧᠯᠸᠢᠰ ᠪᠠ ᠰᠦᠯᠵᠢᠶ᠎ᠡ᠎ᠪᠠᠷ ᠳᠠᠮᠵᠢᠭᠤᠯᠤᠨ ᠳᠡᠯᠡᠬᠡᠢ᠎ᠶ᠋ᠢᠨ ᠡᠯ᠎ᠡ ᠭᠠᠵᠠᠷ ᠣᠷᠣᠨ᠂ ᠲᠦᠭ ᠲᠦᠮᠡᠨ ᠠᠢᠯ ᠡᠷᠦᠬᠡ᠎ᠳᠤ ᠳᠠᠮᠵᠢᠭᠤᠯᠵᠤ᠂ ᠲᠦᠭ ᠲᠦᠮᠡᠨ ᠠᠷᠠᠳ ᠲᠦᠮᠡᠨ᠎ᠤ ᠡᠷᠴᠢ ᠵᠣᠷᠢᠭ᠎ᠢᠶᠠᠨ ᠬᠥᠪᠴᠢᠯᠡᠨ ᠡᠷᠡᠯᠬᠡᠭ᠌ᠯᠡᠨ ᠤᠷᠤᠭ᠍ᠰᠢᠯᠠᠬᠤ᠎ᠶ᠋ᠢ ᠵᠣᠷᠢᠭᠵᠢᠭᠤᠯᠪᠠ᠃
ᠱᠢᠨ᠎ᠡ ᠵᠢᠯ᠎ᠤᠨ ᠪᠠᠶᠠᠷ᠎ᠤᠨ ᠦᠭᠡ ᠨᠡᠪᠲᠡᠷᠡᠭᠦᠯᠬᠦ᠌ ᠬᠤᠭᠤᠴᠠᠭᠠᠨ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠤᠳᠤᠷᠢᠳᠤᠯᠭ᠎ᠠ ᠬᠢᠨᠠᠨ ᠬᠠᠮᠢᠶᠠᠷᠬᠤ ᠶᠡᠭᠡ ᠲᠢᠩᠬᠢᠮ᠎ᠳᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠠᠶᠣᠯ ᠦᠭᠡᠢ ᠨᠡᠪᠲᠡᠷᠡᠭᠦᠯᠭᠡ᠎ᠶ᠋ᠢᠨ ᠪᠠᠲᠤᠯᠠᠭ᠎ᠠ᠎ᠶ᠋ᠢᠨ ᠠᠵᠢᠯ᠎ᠢ ᠵᠢᠯᠣᠭᠤᠳᠪᠠ᠃ ᠡᠯ᠎ᠡ ᠱᠠᠲᠤᠨ᠎ᠤ ᠠᠶᠣᠯ ᠦᠭᠡᠢ ᠨᠡᠪᠲᠡᠷᠡᠭᠦᠯᠬᠦ᠌ ᠵᠢᠯᠣᠭᠤᠳᠭᠤ ᠭᠠᠵᠠᠷ᠎ᠤᠨ ᠬᠠᠷᠢᠭᠤᠴᠠᠯᠭᠠᠲᠠᠨ ᠨᠥᠬᠦᠳ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠪᠠᠲᠤᠯᠠᠭ᠎ᠠ᠎ᠶ᠋ᠢᠨ ᠡᠷᠴᠢᠮ᠎ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢᠵᠢᠭᠤᠯᠵᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠳᠣᠬᠢᠶ᠎ᠠ᠎ᠶ᠋ᠢ ᠳᠠᠮᠵᠢᠭᠤᠯᠬᠤ ᠪᠠ ᠨᠡᠪᠲᠡᠷᠡᠭᠦᠯᠬᠦ᠌ ᠪᠦᠷᠬᠦᠴᠡ᠎ᠳᠤ ᠥᠴᠦᠬᠡᠨ ᠴᠦ᠍ ᠠᠯᠳᠠᠰᠢ ᠭᠠᠷᠭᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠢᠨᠠᠨ ᠬᠠᠮᠢᠶᠠᠷᠬᠤ ᠲᠥᠪ ᠵᠢᠴᠢ ᠡᠯ᠎ᠡ ᠮᠤᠵᠢ ( ᠣᠷᠣᠨ᠂ ᠬᠤᠲᠠ )᠎ᠶ᠋ᠢᠨ ᠬᠢᠨᠠᠨ ᠬᠡᠮᠵᠢᠵᠦ᠍ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠳ ᠨᠡᠪᠲᠡᠷᠡᠭᠦᠯᠦᠭ᠌ᠰᠡᠨ ᠪᠠᠢᠳᠠᠯ᠎ᠢ ᠪᠥᠬᠦ᠌ ᠲᠠᠯ᠎ᠠ᠎ᠪᠠᠷ ᠬᠢᠨᠠᠨ ᠬᠡᠮᠵᠢᠵᠦ᠍ ᠬᠢᠨᠠᠨ ᠰᠣᠨᠣᠰᠴᠤ᠌ ᠬᠢᠨᠠᠨ ᠦᠵᠡᠵᠦ᠍᠂ ᠬᠦᠨᠳᠦ ᠶᠡᠭᠡ ᠠᠮᠤᠷ ᠲᠦᠪᠱᠢᠨ᠎ᠤ ᠨᠡᠪᠲᠡᠷᠡᠭᠦᠯᠭᠡ᠎ᠶ᠋ᠢᠨ ᠠᠳᠡᠯ ᠪᠠ ᠰᠦᠯᠵᠢᠶᠡᠨ᠎ᠤ ᠠᠮᠤᠷ ᠲᠦᠪᠱᠢᠨ᠎ᠤ ᠬᠡᠷᠡᠭ᠎ᠢ ᠣᠯᠵᠣ ᠮᠡᠳᠡᠭᠰᠡᠨ ᠪᠠ ᠭᠥᠯᠢᠶᠡᠨ ᠠᠪᠴᠤ᠌ ᠮᠡᠳᠡᠭᠦᠯᠦᠭ᠌ᠰᠡᠨ ᠥᠬᠡᠶ᠂ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠠᠵᠢᠯ ᠲᠥᠷᠥᠯ᠎ᠤᠨ᠎ᠬᠢᠨ 2026 ᠣᠨ᠎ᠤ ᠱᠢᠨ᠎ᠡ ᠵᠢᠯ᠎ᠤᠨ ᠪᠠᠶᠠᠷ᠎ᠤᠨ ᠦᠭᠡ ᠨᠡᠪᠲᠡᠷᠡᠭᠦᠯᠬᠦ᠌ ᠬᠤᠭᠤᠴᠠᠭᠠᠨ᠎ᠳᠠᠬᠢ ᠠᠶᠣᠯ ᠦᠭᠡᠢ ᠨᠡᠪᠲᠡᠷᠡᠭᠦᠯᠭᠡ᠎ᠶ᠋ᠢᠨ ᠪᠠᠲᠤᠯᠠᠭ᠎ᠠ᠎ᠶ᠋ᠢᠨ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃