ᠪᠦᠬᠦ᠌ ᠤᠯᠤᠰ᠎ᠤᠨ ᠣᠬᠠᠭᠣᠯᠬᠣ ᠬᠡᠯᠲᠡᠰ᠎ᠦᠨ ᠳᠠᠷᠤᠭ᠎ᠠ ᠨᠠᠷ᠎ᠤᠨ ᠬᠤᠷᠠᠯ 5᠎ᠤ ᠡᠳᠦᠷ ᠪᠡᠭᠡᠵᠢᠩ᠎ᠳᠦ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠱᠦᠵᠢ ᠨᠠᠷ᠎ᠤᠨ ᠭᠠᠵᠠᠷ᠎ᠤᠨ ᠼᠠᠢ ᠴᠢ ᠱᠦᠵᠢ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠲᠡᠷᠡ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠭᠣᠰᠢᠯᠠᠭᠣᠯᠵᠣ᠂ ᠳᠥᠷᠪᠡᠳᠦᠭᠡᠷ ᠪᠦᠬᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠣᠭᠣᠰᠢᠯᠠᠭᠣᠯᠵᠣ᠂ 《 ᠬᠤᠶᠠᠷ᠎ᠢ ᠲᠣᠭ᠍ᠲᠠᠭᠠᠬᠤ 》 ᠰᠢᠢ᠍ᠳᠪᠤᠷᠢᠯᠡᠬᠦ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》᠎ᠢᠶᠡᠨ ᠴᠢᠩᠭᠠᠳᠭᠠᠵᠤ᠂ 《 ᠲᠦᠷᠪᠡᠨ ᠢᠲᠡᠭᠡᠯ 》᠎ᠢᠶᠡᠨ ᠪᠠᠲᠤᠳᠭᠠᠵᠤ᠂ 《 ᠬᠤᠶᠠᠷ᠎ᠢ ᠬᠠᠮᠠᠭᠠᠯᠠᠬᠤ 》᠎ᠶ᠋ᠢ ᠪᠡᠶᠡᠯᠡᠭᠦᠯᠵᠦ᠍᠂ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠤᠨ ᠰᠤᠷᠤᠯᠴᠠᠯᠭ᠎ᠠ ᠪᠠ ᠤᠬᠠᠭᠤᠯᠭ᠎ᠠ ᠬᠥᠮᠦᠵᠢᠯ᠎ᠢ ᠬᠦᠴᠦᠯᠡᠨ ᠭᠦᠨᠵᠡᠭᠡᠢᠷᠡᠭᠦᠯᠵᠦ᠍᠂ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠳᠡ᠎ᠶ᠋ᠢ ᠬᠦᠴᠦᠯᠡᠨ ᠪᠠᠳᠠᠷᠠᠭᠣᠯᠣᠨ ᠦᠢ᠍ᠯᠡᠳᠦᠯᠭᠡᠵᠢᠭᠦᠯᠵᠦ᠂ ᠭᠤᠣᠯ ᠤᠷᠤᠰᠭᠠᠯ᠎ᠤᠨ ᠶᠠᠷᠢᠶ᠎ᠠ ᠬᠡᠯᠡᠯᠴᠡᠭᠡᠨ᠎ᠤ ᠬᠦᠳᠦᠯᠦᠨ ᠵᠢᠯᠣᠭᠤᠳᠭᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠰᠣᠶᠣᠯ᠎ᠤᠨ ᠦᠢᠯᠡᠰ᠎ᠤᠨ ᠰᠣᠶᠣᠯ᠎ᠤᠨ ᠠᠵᠤ ᠦᠢᠯᠡᠰ᠎ᠢ ᠬᠦᠴᠦᠯᠡᠨ ᠴᠡᠴᠡᠭ᠌ᠯᠡᠭᠦᠯᠦᠨ ᠬᠥᠭ᠌ᠵᠢᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠳᠠᠮᠵᠢᠭᠤᠯᠭ᠎ᠠ᠎ᠶ᠋ᠢᠨ ᠬᠦᠴᠦᠨ᠎ᠤ ᠨᠥᠯᠥᠭᠡᠯᠡᠬᠦ᠌ ᠬᠦᠴᠦᠨ᠎ᠢ ᠬᠦᠴᠦᠯᠡᠨ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ᠎ᠤ ᠬᠦᠴᠦᠨ᠂ ᠠᠱᠢᠭ᠍ᠲᠠᠢ ᠰᠣᠶᠣᠯ᠎ᠤᠨ ᠨᠥᠬᠦᠴᠡᠯ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠼᠠᠢ ᠴᠢ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠠᠨ ᠨᠢᠭᠡᠳᠭᠡᠨ ᠰᠦᠭ ᠰᠦᠨᠡᠰᠦ᠎ᠪᠠᠨ ᠱᠤᠭᠤᠬᠤ᠎ᠶ᠋ᠢ ᠴᠥᠬᠦᠷᠡᠰᠢ ᠦᠭᠡᠢ ᠪᠠᠷᠢᠮᠲᠠᠯᠠᠵᠤ᠂ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠪᠦᠬᠦ᠌ ᠨᠠᠮ᠎ᠢ ᠵᠡᠪᠰᠡᠭ᠌ᠯᠡᠬᠦ᠂ ᠠᠷᠠᠳ ᠲᠦᠮᠡᠨ᠎ᠢ ᠬᠥᠮᠦᠵᠢᠭᠦᠯᠬᠦ᠂ ᠦᠢᠯᠡᠳᠦᠯᠭᠡ᠎ᠶ᠋ᠢᠨ ᠠᠵᠢᠯ᠎ᠢ ᠵᠢᠯᠣᠭᠤᠳᠭᠤ ᠱᠢᠰᠲ᠋ᠧᠮ᠎ᠢ ᠪᠦᠷᠢᠨᠱᠢᠬᠦᠯᠬᠦ᠌ ᠬᠡᠷᠡᠭ᠌ᠲᠡᠢ᠃ ᠭᠤᠣᠯ ᠤᠷᠤᠰᠭᠠᠯ᠎ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠪᠠᠬᠢᠵᠢᠭᠦᠯᠦᠨ ᠪᠤᠵᠠᠭᠠᠢᠷᠠᠭᠤᠯᠵᠤ᠂ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢᠨ ᠬᠦᠳᠦᠯᠦᠨ ᠳᠠᠭᠠᠭᠤᠯᠬᠤ ᠬᠦᠴᠦᠨ ᠱᠣᠭᠣᠨ ᠪᠦᠲᠦᠭᠡᠬᠦ ᠬᠦᠴᠦᠨ᠎ᠢ ᠴᠢᠩᠭᠠᠳᠭᠠᠬᠤ ᠬᠡᠷᠡᠭ᠌ᠲᠡᠢ᠃ ᠰᠣᠶᠣᠯ᠎ᠤᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠦᠯᠵᠢᠶᠡᠨ᠎ᠤ ᠠᠮᠢ ᠠᠬᠤᠢ᠎ᠶ᠋ᠢᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠤᠯᠠᠨ ᠤᠯᠤᠰ᠎ᠤᠨ ᠳᠠᠮᠵᠢᠭᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠤᠬᠠᠭᠤᠯᠭ᠎ᠠ᠎ᠶᠢᠨ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌᠎ᠳᠤ ᠪᠠᠲᠤ ᠴᠢᠩᠭ᠎ᠠ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠯᠢ ᠱᠦ᠍ ᠯᠸᠢ ᠬᠤᠷᠠᠯ᠎ᠢ ᠡᠷᠭᠢᠯᠡᠭ᠌ᠰᠡᠨ ᠪᠥᠭᠡᠳ ᠠᠵᠢᠯ᠎ᠤᠨ ᠪᠠᠢᠷᠢᠯᠠᠭᠤᠯᠤᠯᠲᠠ ᠬᠢᠵᠦ᠍᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠦᠶ᠋ᠯᠡᠳᠦᠯᠭᠡᠵᠢᠭᠦᠯᠵᠦ᠍᠂ ᠨᠠᠮ᠎ᠤᠨ ᠱᠢᠨ᠎ᠡ᠎ᠶ᠋ᠢ ᠡᠭᠦᠳᠬᠦ᠌ ᠣᠨᠣᠯ᠎ᠤᠨ ᠰᠤᠷᠤᠯᠴᠠᠯᠭ᠎ᠠ ᠰᠤᠳᠤᠯᠭᠠᠨ ᠪᠠ ᠤᠬᠠᠭᠤᠯᠭ᠎ᠠ ᠲᠠᠢᠯᠪᠤᠷᠢᠯᠠᠯᠲᠠ᠎ᠶ᠋ᠢ ᠭᠦᠨᠵᠡᠭᠡᠢᠷᠡᠭᠦᠯᠵᠦ᠍᠂ ᠭᠤᠤᠯ ᠵᠠᠭᠤᠴᠢᠯᠠᠭᠤᠷ᠎ᠤᠨ ᠱᠢᠰᠲ᠋ᠧᠮ᠎ᠤᠨ ᠴᠢᠨᠠᠷᠲᠠᠶ ᠬᠤᠪᠢᠰᠤᠯᠲᠠ᠎ᠶ᠋ᠢ ᠠᠬᠢᠭᠤᠯᠵᠤ᠂ ᠢᠨᠲ᠋ᠧᠷ ᠰᠦᠯᠵᠢᠶᠡᠨ᠎ᠤ ᠨᠥᠬᠦᠴᠡᠯ ᠳᠣᠤᠷᠠᠬᠢ ᠱᠢᠨ᠎ᠡ ᠣᠯᠠᠨ ᠲᠦᠮᠡᠨᠴᠢ ᠤᠷᠠᠯᠢᠭ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠥᠪ᠎ᠤᠨ ᠱᠢᠰᠲ᠋ᠧᠮ᠎ᠤᠨ ᠴᠢᠨᠠᠷᠲᠠᠶ ᠬᠠᠮᠠᠭᠠᠯᠠᠯᠲᠠ᠎ᠶ᠋ᠢ ᠴᠢᠩᠭᠠᠳᠭᠠᠵᠤ᠂ ᠪᠥᠬᠦ᠌ ᠠᠷᠠᠳ᠎ᠤᠨ ᠤᠩᠱᠢᠯᠭ᠎ᠠ ᠪᠠ ᠪᠢᠴᠢᠭ᠎ᠤᠨ ᠰᠤᠷᠪᠤᠯᠵᠢᠲᠤ ᠨᠡᠢᠭᠡᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠣᠯᠠᠨ ᠤᠯᠤᠰ᠎ᠤᠨ ᠳᠠᠮᠵᠢᠭᠤᠯᠭ᠎ᠠ᠎ᠶ᠋ᠢᠨ ᠬᠦᠴᠦᠨ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠴᠢᠩᠭᠠᠳᠭᠠᠵᠤ᠂ ᠳᠡᠭᠡᠳᠦ ᠬᠡᠮᠵᠢᠶᠡᠨ᠎ᠤ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠰᠡᠳᠭᠢᠯᠭᠡ᠎ᠪᠠᠷ ᠡᠯ᠎ᠡ ᠵᠦᠶ᠋ᠯ᠎ᠤᠨ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠲᠢᠶᠧ ᠨᠢᠩ᠂ ᠱᠸᠨ ᠢ ᠴᠢᠨ ᠬᠤᠷᠠᠯ᠎ᠳᠤ ᠣᠷᠣᠯᠴᠠᠵᠠᠢ᠃