ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ 13 ᠳ᠋ᠤᠭ᠋ᠠᠷ ᠤᠳᠠᠭ᠋ᠠᠨ᠎ᠤ (ᠥᠷᠭᠡᠳᠬᠡᠭᠰᠡᠨ) ᠬᠤᠷᠠᠯ ᠬᠤᠷᠠᠯᠳᠤᠭᠤᠯᠪᠠ
2024-12-13



  12 ᠳ᠋ᠤᠭ᠋ᠠᠷ ᠰᠠᠷ᠎ᠠ ᠵᠢᠨ 13᠎ᠤ ᠡᠳᠦᠷ᠂ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ 13 ᠳ᠋ᠤᠭ᠋ᠠᠷ ᠤᠳᠠᠭ᠋ᠠᠨ᠎ᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠰᠢ  ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠠ  ᠰᠢ  ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠭᠡᠰᠢᠭᠦᠳ ᠂ ᠲᠣᠭᠤᠷᠢᠨ ᠪᠠᠶ᠋ᠢᠴᠠᠭ᠋ᠠᠭᠴᠢ᠂ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠂ ᠲᠤᠪᠴᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠢ ᠵᠢᠨ  ᠭᠤᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

   ᠬᠤᠷᠠᠯ᠎ᠠᠴᠠ᠂ ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠤᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ ᠮᠥᠨ᠂ ᠳᠤᠮᠳᠠᠳᠤ ᠵᠢᠨ ᠰᠣᠶᠣᠯ ᠪᠣᠯᠤᠨ ᠳᠤᠮᠳᠠᠳᠤ ᠤᠯᠤᠰ᠎ᠤᠨ ᠵᠣᠷᠢᠭ ᠰᠠᠨᠠᠭ᠋ᠠᠨ᠎ᠤ ᠴᠠᠭ ᠦᠶ᠎ᠡ ᠵᠢᠨ ᠤᠬᠢ ᠰᠣᠳᠣ ᠮᠥᠨ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠤ ᠰᠢᠨ᠎ᠡ ᠠᠶᠠᠨ᠎ᠳᠤ ᠡᠷᠡᠯᠬᠡᠭᠯᠡᠨ   ᠤᠷᠤᠭᠰᠢᠯᠠᠬᠤ᠂ ᠰᠢᠨ᠎ᠡ ᠢᠯᠠᠯᠲᠠ ᠵᠢ ᠲᠡᠮᠡᠴᠡᠨ ᠤᠯᠬᠤ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠪᠠ ᠠᠵᠢᠯᠯᠠᠭ᠋ᠠᠨ᠎ᠤ ᠵᠦᠭᠯᠡᠭᠦᠷ ᠮᠥᠨ᠃ ᠰᠤᠷᠤᠯᠴᠠᠬᠤ ᠰᠡᠳᠬᠢᠬᠦ ᠬᠡᠷᠡᠭᠯᠡᠬᠦ ᠵᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠵᠢ ᠨᠢᠭᠡᠳᠬᠡᠬᠦ ᠵᠢ ᠢᠮᠠᠭᠲᠠ ᠪᠠᠷᠢᠮᠲᠠᠯᠠᠵᠤ᠂ 《ᠬᠤᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠬᠦ᠂ 《ᠬᠤᠶᠠᠷ᠎ᠢ  ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠦᠨᠳᠦᠷᠴᠡ᠎ᠠᠴᠠ ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠬᠦᠰᠡᠯᠡᠩ ᠵᠶ᠋ᠠᠨ ᠪᠠᠲᠤᠳᠬᠠᠬᠤ᠂ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠬᠤ ᠪᠠ ᠦᠢ᠍ᠯᠡᠳᠦᠯᠭᠡ᠎ᠪᠠᠨ ᠵᠢᠯᠣᠭᠤᠳᠬᠤ᠂ ᠠᠵᠢᠯ ᠵᠶ᠋ᠠᠨ ᠠᠬᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠬᠤᠷᠠᠯ᠎ᠠᠴᠠ᠂ ᠰᠢ  ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠨᠠᠷᠢᠨ ᠣᠶ᠋ᠢᠯᠠᠭ᠋ᠠᠵᠤ ᠯᠠᠪᠳᠠᠭᠤᠨ ᠪᠠᠲᠤᠲᠠᠶ ᠬᠡᠷᠡᠭᠵᠢᠭᠦᠯᠵᠦ᠂ ᠨᠠᠮ᠎ᠤᠨ ᠰᠣᠶᠣᠯ᠎ᠤᠨ ᠤᠳᠤᠷᠢᠳᠬᠤ ᠡᠷᠬᠡ ᠵᠢ ᠪᠠᠲᠤ ᠡᠵᠡᠮᠳᠡᠵᠦ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠬᠢ ᠪᠠᠶᠠᠯᠢᠭ᠎ᠢ ᠨᠢᠭᠡᠳᠦᠯᠲᠡᠶ ᠲᠦᠯᠦᠪᠯᠡᠵᠦ ᠂ 《ᠬᠤᠶᠠᠷ ᠶᠡᠭᠡ ᠶᠠᠪᠤᠳᠠᠯ》᠎ᠢ ᠨᠠᠶ᠋ᠢᠳᠠᠪᠤᠷᠢᠵᠢᠭᠤᠯᠬᠤ ᠪᠠ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠡᠮᠳᠡᠭᠲᠦ ᠵᠢ  ᠡᠭᠦᠳᠬᠦ ᠵᠡᠷᠭᠡ ᠴᠢᠬᠤᠯᠠ ᠠᠭᠤᠯᠭ᠎ᠠ ᠵᠢᠨ ᠲᠣᠭᠤᠷᠢᠨ᠎ᠳᠤ᠂ ᠭᠤᠤᠯᠳᠠᠯᠭ᠎ᠠ ᠪᠣᠯᠬᠤ ᠫᠷᠤᠭ᠌ᠷᠠᠮ᠎ᠤᠨ ᠪᠤᠯᠤᠩ᠎ᠢ ᠰᠦᠪᠡᠭᠴᠢᠯᠡᠵᠦ᠂ ᠥᠪᠥᠷ ᠮᠣᠩᠭᠤᠯ᠎ᠤᠨ ᠵᠥᠪ ᠲᠠᠯ᠎ᠠ ᠵᠢᠨ ᠳᠦᠷᠢ ᠲᠥᠷᠬᠦ ᠵᠢ ᠴᠣᠭᠴᠠᠯᠠᠬᠤ ᠬᠡᠷᠡᠭᠲᠡᠶ᠃ ᠰᠢ  ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠪᠠᠲᠤ ᠢᠲᠡᠭᠡᠵᠦ ᠦᠢ᠍ᠯᠡᠳᠦᠯᠭᠡᠵᠢᠭᠦᠯᠵᠦ᠂ ᠨᠠᠮ᠎ᠤᠨ ᠲᠥᠪ ᠬᠤᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠲᠤᠬᠠᠢ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠤᠯᠢᠵᠢᠯ᠎ᠤᠨ ᠰᠡᠳᠬᠢᠬᠦᠢ ᠪᠣᠯᠤᠨ ᠬᠠᠤᠯᠢᠵᠢᠯ᠎ᠤᠨ ᠠᠷᠭ᠎ᠠ ᠬᠡᠯᠪᠡᠷᠢ᠎ᠪᠠᠷ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠭᠵᠢᠯᠲᠡ ᠵᠢᠨ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢᠵᠢᠯ᠎ᠤᠨ ᠵᠠᠮ ᠵᠶ᠋ᠠᠷ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠮᠠᠨ᠎ᠤ ᠲᠣᠪᠴᠢᠶᠠᠨ᠎ᠤ 《ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠬᠤ ᠲᠤᠬᠠᠢ ᠠᠵᠢᠯ᠎ᠤᠨ ᠲᠥᠰᠦᠯ》᠎ᠢ ᠪᠣᠳᠠᠲᠠᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ