11 ᠳ᠋ᠦ᠍ᠭᠡᠷ ᠰᠠᠷ᠎ᠠ ᠵᠢᠨ 27᠎ᠤ ᠡᠳᠦᠷ᠂ 31 ᠳ᠋ᠤᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠵᠠᠷ ᠮᠡᠳᠡᠭᠡᠨ᠎ᠤ ᠨᠠᠶ᠋ᠢᠷ᠎ᠤᠨ ᠬᠠᠲᠤᠨ ᠭᠤᠤᠯ ᠱᠠᠩᠨᠠᠯ᠎ᠤᠨ ᠪᠦᠲᠦᠭᠡᠯ ᠡᠯᠰᠡᠬᠦ ᠤᠷᠤᠯᠳᠤᠭ᠋ᠠᠨ᠎ᠤ ᠰᠢᠯᠢᠳᠡᠭ ᠪᠦᠲᠦᠭᠡᠯ᠎ᠢ ᠨᠡᠶ᠋ᠢᠲᠡᠯᠡᠬᠦ ᠶᠣᠰᠣᠯᠠᠯ ᠰᠢᠶᠠᠮᠧᠨ᠎ᠳᠤ ᠶᠠᠪᠤᠭᠳᠠᠵᠤ᠂ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ 9 ᠪᠦᠲᠦᠭᠡᠯ ᠱᠠᠩᠨᠠᠯ ᠭᠥᠷᠳᠡᠪᠡ᠃ ᠡᠭᠦᠨ᠎ᠳᠤ᠂ ᠮᠠᠨ᠎ᠤ ᠲᠣᠪᠴᠢᠶ᠎ᠠ ᠵᠢᠨ ᠨᠡᠪᠴᠢᠭᠦᠯᠦᠨ ᠵᠣᠬᠢᠶᠠᠨ ᠪᠦᠲᠦᠭᠡᠭᠰᠡᠨ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯ 《 ᠤᠯᠤᠰ ᠭᠦᠷᠦᠨ᠎ᠤ ᠠᠮᠤᠷ ᠲᠠᠢ᠌ᠪᠤᠩ᠎ᠨᠢ ᠲᠠᠨ᠎ᠤ ᠲᠡᠮᠡᠴᠡᠯ᠎ᠠᠴᠠ ᠰᠠᠯᠤᠰᠢ ᠦᠭᠡᠢ》᠎ᠨᠢ ᠴᠢᠬᠤᠯᠠ ᠶᠡᠭᠡ ᠭᠤᠤᠯ ᠰᠡᠳᠦᠪᠲᠦ ᠪᠦᠲᠦᠭᠡᠯ᠎ᠤᠨ ᠠᠯᠲᠠᠨ ᠱᠠᠩᠨᠠᠯ᠎ᠢ ᠭᠥᠷᠳᠡᠵᠦ᠂ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠣᠶ᠋ᠢᠷ᠎ᠠ ᠵᠢᠨ ᠬᠡᠳᠦᠨ ᠵᠢᠯ᠎ᠳᠤ ᠲᠣᠰ ᠲᠥᠷᠥᠯ᠎ᠤᠨ ᠪᠥᠬᠦ ᠤᠯᠤᠰ᠎ᠤᠨ ᠴᠢᠨᠠᠷᠲᠠᠶ ᠱᠠᠩᠨᠠᠯ᠎ᠤᠨ ᠲᠥᠷᠥᠯ᠎ᠤᠨ ᠠᠯᠲᠠᠨ ᠱᠠᠩᠨᠠᠯ ᠦᠭᠡᠢ ᠪᠠᠢ᠌ᠭᠰᠠᠨ᠎ᠢ ᠰᠢᠪᠲᠤᠯᠪᠠ ᠃
ᠣᠶ᠋ᠢᠷ᠎ᠠ ᠵᠢᠨ ᠵᠢᠯ᠎ᠤᠳ᠎ᠲᠤ᠂ ᠮᠠᠨ᠎ᠤ ᠲᠣᠪᠴᠢᠶ᠎ᠠ ᠠᠵᠢᠯ᠎ᠤᠨ ᠠᠷᠭ᠎ᠠ ᠬᠡᠮᠵᠢᠶ᠎ᠡ᠎ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠵᠦ ᠲᠥᠯᠥᠪᠯᠡᠭᠡ᠎ᠪᠠᠨ ᠴᠢᠩᠭ᠋ᠠᠷᠠᠭᠤᠯᠤᠨ᠂ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠵᠣᠬᠢᠶᠠᠨ ᠪᠦᠲᠦᠭᠡᠵᠦ ᠨᠡᠪᠲᠡᠷᠡᠭᠦᠯᠬᠦ ᠵᠢᠨ ᠬᠡᠷᠡᠭ ᠶᠠᠪᠤᠳᠠᠯ᠎ᠤᠨ ᠡᠮᠦᠨᠡᠬᠢ᠂ ᠬᠡᠷᠡᠭ ᠶᠠᠪᠤᠳᠠᠯ᠎ᠤᠨ ᠳᠤᠮᠳᠠᠬᠢ᠂ ᠬᠡᠷᠡᠭ ᠶᠠᠪᠤᠳᠠᠯ᠎ᠤᠨ ᠳᠠᠷᠠᠭ᠋ᠠᠬᠢ ᠵᠢᠯᠣᠭᠤᠳᠤᠨ ᠲᠡᠳᠬᠦᠯᠭᠡ ᠵᠢ ᠴᠢᠩᠭ᠋ᠠᠳᠬᠠᠪᠠ᠂ ᠵᠢᠯ ᠪᠦᠷᠢ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠤᠬᠠᠭᠤᠯᠭ᠎ᠠ ᠵᠢᠨ ᠵᠦᠭᠯᠡᠭᠦᠷ᠎ᠢ ᠳᠠᠷᠤᠮᠠᠯᠯᠠᠨ ᠲᠠᠷᠬᠠᠭ᠋ᠠᠬᠤ ᠂ ᠪᠦᠬᠦ ᠣᠷᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠵᠣᠬᠢᠶᠠᠨ ᠪᠦᠲᠦᠭᠡᠬᠦ ᠪᠤᠯᠪᠠᠰᠤᠷᠠᠯ᠎ᠢ ᠥᠷᠨᠢᠭᠦᠯᠬᠦ ᠂ ᠪᠦᠬᠦ ᠣᠷᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠤᠷᠤᠯᠳᠤᠭ᠋ᠠᠨ᠎ᠢ ᠡᠷᠬᠢᠯᠡᠬᠦ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠦᠢ᠍ᠯᠡᠳᠴᠦ ᠨᠡᠪᠲᠡᠷᠡᠭᠦᠯᠬᠦ ᠬᠤᠯᠪᠣᠭ᠎ᠠ ᠵᠢ ᠪᠠᠶ᠋ᠢᠭᠤᠯᠬᠤ᠂ ᠰᠢᠯᠢᠳᠡᠭ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯ᠎ᠢ ᠳᠡᠯᠭᠡᠷᠡᠭᠦᠯᠬᠦ᠂ ᠰᠢᠯᠢᠳᠡᠭ᠎ᠢ ᠰᠣᠩᠭᠤᠵᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠠᠢ᠌ᠭᠤᠯᠤᠨ ᠪᠦᠲᠦᠭᠡᠯᠴᠢ ᠵᠣᠬᠢᠶᠠᠯ ᠪᠣᠯᠭ᠋ᠠᠨ ᠬᠣᠪᠢᠷᠠᠭᠤᠯᠵᠤ ᠂ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠵᠣᠬᠢᠶᠠᠨ ᠪᠦᠲᠦᠭᠡᠬᠦ ᠴᠢᠭᠯᠡᠯ᠎ᠢ ᠢᠳᠡᠪᠬᠢᠲᠡᠢ᠎ᠪᠠᠷ ᠬᠥᠲᠥᠯᠥᠨ ᠵᠢᠯᠤᠭᠤᠳᠴᠤ᠂ ᠵᠣᠬᠢᠶᠠᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠪᠥᠬᠦ ᠣᠷᠣᠨ᠎ᠤ ᠠᠶ᠋ᠢᠮᠠᠭ ᠬᠤᠲᠠ᠎ᠠᠴᠠ ᠳᠡᠭᠡᠭᠰᠢᠬᠢ ᠷᠠᠳᠢᠣ᠋ ᠲᠧᠯᠸᠢᠰ᠎ᠤᠨ ᠪᠠᠶ᠋ᠢᠭᠤᠯᠤᠮᠵᠢ ᠵᠢᠯ ᠪᠦᠷᠢ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯ᠎ᠢ 20 ᠲᠦᠮᠡ ᠰᠢᠬᠠᠮ ᠵᠤᠷᠪᠤᠰ᠂ 200 ᠲᠦᠮᠡᠨ ᠤᠳᠠᠭ᠎ᠠ ᠨᠡᠪᠲᠡᠷᠡᠭᠦᠯᠵᠦ᠂ ᠨᠢᠭᠡ ᠪᠦᠯᠦᠭ ᠦᠵᠡᠯ ᠰᠠᠨᠠᠭ᠎ᠠ ᠭᠦᠨᠵᠡᠭᠡᠢ᠂ ᠤᠷᠠᠯᠢᠭ ᠵᠶ᠋ᠠᠷ ᠨᠠᠷᠢᠨ ᠨᠢᠭᠲᠠ᠂ ᠰᠢᠯᠢᠳᠡᠭ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯ ᠴᠣᠯᠭᠤᠷᠠᠨ ᠭᠠᠷᠴᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠥᠪᠡᠷᠲᠡᠭᠡᠨ ᠵᠠᠰᠠᠬᠤ ᠣᠷᠣᠨ᠎ᠤ ᠲᠠᠪᠤᠨ ᠶᠡᠭᠡ ᠡᠭᠦᠷᠭᠡ ᠵᠢ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠪᠡ᠃
(ᠵᠠᠭᠤᠴᠢᠯᠠᠭᠤᠷ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠭᠠᠵᠠᠷ)