ᠵᠠᠩ ᠢ ᠮᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠬᠤᠪᠢᠶᠠᠷᠢ ᠪᠠᠶ᠋ᠢᠭᠤᠯᠤᠮᠵᠢ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠡ
2024-12-21



  12 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ  ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ 501 ᠬᠣᠷᠢᠶ᠎ᠠ  ᠪᠠ 839 ᠬᠣᠷᠢᠶ᠎ᠠ᠎ᠳᠤ  ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ  ᠨᠡᠪᠲᠡᠷᠡᠭᠦᠯᠭᠡ ᠵᠢᠨ ᠪᠠᠲᠤᠯᠠᠭ᠎ᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ᠃

   ᠳᠠᠮᠵᠢᠭᠤᠯᠤᠨ  ᠰᠠᠴᠤᠷᠠᠭᠤᠯᠬᠤ ᠲᠥᠪ᠎ᠤᠨ 501 ᠬᠣᠷᠢᠶᠠᠨ᠎ᠤ ᠳᠠᠭ᠋ᠠᠭᠤᠯᠢ ᠣᠳᠣᠨ᠎ᠤ ᠮᠠᠰᠢᠨ᠎ᠤ ᠲᠠᠰᠤᠭ᠎ᠲᠤ᠂ ᠵᠠᠩ ᠢ ᠮᠢᠨ 501 ᠬᠣᠷᠢᠶᠠᠨ᠎ᠤ  ᠣᠳᠣᠨ ᠳᠠᠮᠵᠢᠭᠤᠯᠭ᠎ᠠ ᠵᠢᠨ ᠪᠦᠷᠬᠦᠴᠡ ᠂ ᠲᠥᠬᠦᠭᠡᠷᠦᠮᠵᠢ ᠵᠢᠨ ᠰᠢᠰᠲ᠋ᠧᠮ᠎ᠤᠨ ᠠᠵᠢᠯᠯᠠᠭ᠋ᠠᠨ ᠪᠠ ᠮᠠᠰᠢᠨ᠎ᠤ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤ ᠮᠡᠳᠡᠭᠦᠯᠦᠯᠲᠡ ᠵᠢ ᠨᠠᠷᠢᠨ ᠬᠢᠨᠠᠮᠠᠭ᠋ᠠᠶ ᠰᠣᠨᠣᠰᠴᠤ᠂ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠢ ᠪᠥᠬᠦ ᠲᠠᠯ᠎ᠠ᠎ᠪᠠᠷ ᠣᠶ᠋ᠢᠯᠠᠭ᠋ᠠᠭᠰᠠᠨ ᠪᠥᠭᠡᠳ ᠳᠠᠭ᠋ᠠᠭᠤᠯᠢ ᠣᠳᠣᠨ᠎ᠤ ᠳᠡᠯᠡᠬᠡᠶ ᠵᠢᠨ ᠪᠥᠮᠪᠥᠷᠴᠡᠭ᠎ᠤᠨ ᠥᠷᠲᠡᠭᠡ ᠵᠢ ᠪᠠᠶ᠋ᠢᠴᠠᠭ᠋ᠠᠨ ᠵᠠᠰᠠᠵᠤ ᠬᠠᠮᠠᠭ᠋ᠠᠯᠠᠬᠤ᠂ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠠᠵᠢᠯᠯᠠᠭ᠋ᠠᠨ᠎ᠤ ᠵᠢᠯᠣᠭᠤᠳᠣᠯᠭ᠎ᠠ ᠬᠢᠬᠦ ᠵᠡᠷᠭᠡ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠨᠠᠷᠢᠨ ᠰᠣᠨᠣᠰᠪᠠ᠃ ᠳᠠᠷᠠᠭ᠎ᠠ᠎ᠨᠢ ᠥᠨᠳᠥᠷ ᠪᠠᠷᠢᠮᠵᠢᠶᠠᠲᠤ ᠲᠤᠳᠤᠷᠠᠴᠠᠲᠤ  ᠲᠥᠬᠦᠭᠡᠷᠦᠮᠵᠢ ᠵᠢᠨ ᠲᠠᠰᠤᠭ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠲᠠᠰᠤᠭ᠎ᠢ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠦᠵᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠵᠢᠯᠯᠠᠭ᠋ᠠᠨ᠎ᠤ ᠶᠠᠪᠤᠴᠠ ᠪᠣᠯᠤᠨ ᠬᠡᠷᠡᠭᠯᠡᠭᠡᠨ᠎ᠤ ᠬᠡᠪᠴᠢᠶ᠎ᠡ ᠵᠡᠷᠭᠡ ᠠᠭᠤᠯᠭ᠎ᠠ ᠵᠢ ᠯᠠᠪᠯᠠᠨ ᠠᠰᠠᠭᠤᠬᠤ ᠵᠢᠨ ᠬᠠᠮᠲᠤ᠂ ᠰᠢᠨ᠎ᠡ ᠮᠡᠷᠭᠡᠵᠢᠯ᠎ᠤᠨ ᠨᠥᠬᠦᠴᠡᠯ ᠳᠣᠤᠷ᠎ᠠ᠂ ᠰᠢᠰᠲ᠋ᠧᠮᠵᠢᠭᠰᠡᠨ ᠰᠡᠳᠬᠢᠬᠦᠶ᠎ᠪᠠᠷ ᠠᠮᠤᠷ ᠲᠦᠪᠰᠢᠨ ᠨᠡᠪᠲᠡᠷᠡᠭᠦᠯᠭᠡ ᠵᠢᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠠᠷᠭ᠎ᠠ ᠬᠡᠮᠵᠢᠶ᠎ᠡ ᠠᠪᠴᠤ᠂ ᠠᠵᠢᠯ ᠲᠥᠷᠥᠯ᠎ᠤᠨ ᠠᠮᠤᠷ ᠲᠦᠪᠰᠢᠨ᠎ᠤ ᠰᠠᠭᠤᠷᠢ ᠵᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

   ᠳᠠᠮᠵᠢᠭᠤᠯᠤᠨ  ᠰᠠᠴᠤᠷᠠᠭᠤᠯᠬᠤ ᠲᠥᠪ᠎ᠤᠨ 839 ᠬᠣᠷᠢᠶ᠎ᠠ᠎ᠳᠤ ᠂ ᠵᠠᠩ ᠢ ᠮᠢᠨ ᠳᠠᠮᠵᠢᠭᠤᠯᠤᠨ ᠰᠠᠴᠤᠷᠠᠭᠤᠯᠬᠤ ᠮᠠᠰᠢᠨ᠎ᠤ ᠦᠷᠦᠭᠡ᠂ ᠠᠨᠲ᠋ᠢᠨ᠎ᠠ  ᠤᠲᠠᠰᠤᠨ᠎ᠤ  ᠲᠠᠯᠠᠪᠤᠷ᠂ ᠰᠢᠨ᠎ᠡ ᠵᠢ ᠡᠭᠦᠳᠬᠦ ᠲᠤᠷᠰᠢᠯᠲᠠ ᠵᠢᠨ ᠲᠠᠰᠤᠭ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢ ᠪᠠᠶ᠋ᠢᠴᠠᠭ᠋ᠠᠨ ᠦᠵᠡᠵᠦ᠂  ᠬᠤᠯᠪᠣᠭᠳᠠᠯ ᠪᠦᠬᠦᠢ ᠬᠠᠷᠢᠭᠤᠴᠠᠯᠭ᠋ᠠᠲᠠᠳ᠎ᠤᠨ ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ  ᠨᠡᠪᠲᠡᠷᠡᠭᠦᠯᠭᠡ᠂ ᠮᠡᠷᠭᠡᠵᠢᠯ᠎ᠤᠨ ᠰᠢᠨᠡᠴᠢᠯᠡᠯᠲᠡ᠂ ᠰᠢᠨ᠎ᠡ ᠵᠢ ᠡᠭᠦᠳᠬᠦ ᠱᠠᠩᠨᠠᠯ᠎ᠤᠨ ᠵᠦᠢ᠍ᠯ᠎ᠢ ᠭᠤᠶᠤᠴᠢᠯᠠᠨ ᠮᠡᠳᠡᠭᠦᠯᠬᠦ ᠵᠡᠷᠭᠡ ᠲᠠᠯ᠎ᠠ ᠵᠢᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ ᠵᠢᠭ᠋ᠠᠵᠤ ᠭᠠᠷᠭ᠋ᠠᠭᠰᠠᠨ᠎ᠨᠢ᠂ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠷᠠᠳᠢᠣ᠋ ᠲᠧᠯᠸᠢᠰ᠎ᠤᠨ ᠠᠵᠢᠯ᠎ᠤᠨ ᠴᠢᠬᠤᠯᠠ ᠲᠤᠯᠭ᠋ᠠᠭᠤᠷᠢᠯᠠᠯ ᠮᠥᠨ᠂ ᠳᠠᠮᠵᠢᠭᠤᠯᠤᠨ  ᠰᠠᠴᠤᠷᠠᠭᠤᠯᠬᠤ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ 《ᠶᠡᠭᠡ ᠠᠮᠤᠷ ᠲᠦᠪᠰᠢᠨ》᠎ᠤ ᠵᠣᠭᠰᠣᠴᠠ᠎ᠠᠴᠠ ᠳᠠᠮᠵᠢᠭᠤᠯᠭ᠎ᠠ ᠵᠢᠨ  ᠠᠮᠤᠷ ᠲᠦᠪᠰᠢᠨ᠎ᠢ ᠪᠠᠲᠤᠯᠠᠬᠤ᠂ ᠨᠠᠶ᠋ᠢᠳᠠᠪᠤᠷᠢᠲᠠᠢ ᠪᠠᠶ᠋ᠢᠬᠤ ᠵᠢᠨ ᠲᠣᠭᠤᠷᠢᠨ᠎ᠳᠤ ᠠᠵᠢᠯ ᠵᠶ᠋ᠠᠨ ᠰᠦᠪᠡᠭᠴᠢᠯᠡᠬᠦ ᠬᠡᠷᠡᠭᠲᠡᠢ ᠭᠡᠵᠡᠢ᠃

   ᠵᠠᠩ ᠢ ᠮᠢᠨ ᠂ ᠰᠢᠨ᠎ᠡ ᠵᠢᠯ ᠴᠠᠭ᠋ᠠᠨ ᠰᠠᠷ᠎ᠠ ᠣᠶ᠋ᠢᠷᠠᠳᠴᠤ ᠪᠠᠶ᠋ᠢᠭ᠎ᠠ ᠪᠣᠯᠬᠤᠷ ᠪᠥᠬᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠪᠠᠶ᠋ᠢᠭᠤᠯᠤᠮᠵᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠰᠡᠳᠬᠢᠯᠭᠡ᠎ᠪᠠᠨ ᠴᠢᠩᠭ᠋ᠠᠷᠠᠭᠤᠯᠤᠨ᠂ ᠭᠤᠤᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠤᠭᠴᠤᠭ᠎ᠠ ᠵᠢ ᠴᠢᠩᠭ᠎ᠠ ᠠᠩᠬᠠᠷᠴᠤ᠂ ᠠᠮᠤᠷ ᠲᠦᠪᠰᠢᠨ ᠨᠡᠪᠲᠡᠷᠡᠭᠦᠯᠭᠡ ᠂ ᠲᠥᠬᠦᠭᠡᠷᠦᠮᠵᠢ ᠵᠢ ᠬᠠᠮᠠᠭ᠋ᠠᠯᠠᠬᠤ  ᠲᠦᠭᠰᠢᠭᠦᠷᠢ ᠵᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ  ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠵᠤ᠂ ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ  ᠨᠡᠪᠲᠡᠷᠡᠭᠦᠯᠭᠡ ᠵᠢᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃

(ᠳᠠᠮᠵᠢᠭᠤᠯᠤᠨ  ᠰᠠᠴᠤᠷᠠᠭᠤᠯᠬᠤ ᠲᠥᠪ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ